6 ᠳ᠋ᠤᠭᠠᠷ ᠰᠠᠷ᠎ᠠ ᠳᠤ ᠮᠠᠨ ᠤ ᠣᠷᠣᠨ ᠤ ᠨᠡᠭᠦᠷᠡᠰᠦᠨ ᠤ ᠦᠨ᠎ᠡ ᠪᠠᠭ᠎ᠠ ᠬᠡᠮᠵᠢᠶ᠎ᠡ ᠪᠠᠷ ᠦᠰᠴᠡᠢ
ᠨᠡᠶᠢᠲᠡᠯᠡᠭᠰᠡᠨ ᠴᠠᠭ᠄
2018-07-16
     ᠡᠯ᠎ᠡ ᠠᠶᠢᠮᠠᠭ ᠬᠤᠳᠠ ᠶᠢᠨ ᠮᠡᠳᠡᠭᠦᠯᠦᠭᠰᠡᠨ ᠡᠨᠧᠷᠭᠢ ᠶᠢᠨ ᠦᠨ᠎ᠡ ᠬᠠᠩᠰᠢ ᠶᠢ ᠬᠢᠨᠠᠨ ᠬᠡᠮᠵᠢᠭᠰᠡᠨ ᠲᠤᠭ᠎ᠠ ᠪᠠᠷᠢᠮᠲᠠ ᠠᠴᠠ ᠦᠵᠡᠪᠡᠯ᠂ 2018 ᠤᠨ ᠤ 6 ᠳ᠋ᠤᠭᠠᠷ ᠰᠠᠷ᠎ᠠ ᠳᠤ᠂ ᠪᠦᠬᠦ ᠣᠷᠣᠨ ᠤ ᠬᠥᠳᠡᠯᠭᠡᠭᠴᠢ ᠬᠦᠴᠦᠨ ᠤ ᠨᠡᠭᠦᠷᠡᠰᠦᠨ ᠤ ᠠᠭᠤᠷᠬᠠᠶ ᠶᠢᠨ ᠠᠮᠠᠰᠠᠷ ᠤᠨ ᠳ᠋ᠦᠩᠨᠡᠨ ᠪᠤᠳᠤᠭᠰᠠᠨ ᠦᠨ᠎ᠡ᠂ ᠴᠠᠬᠢᠯᠭᠠᠨ ᠨᠡᠭᠦᠷᠡᠰᠦ ᠬᠤᠳᠠᠯᠳᠤᠨ ᠣᠷᠣᠭᠤᠯᠬᠤ ᠦᠨ᠎ᠡ ᠴᠥᠮ ᠪᠠᠭ᠎ᠠ ᠬᠡᠮᠵᠢᠶ᠎ᠡ ᠪᠠᠷ ᠦᠰᠴᠦ᠂ ᠪᠣᠯᠪᠠᠰᠤᠷᠠᠭᠤᠯᠤᠭᠰᠠᠨ ᠲᠣᠰᠣᠨ ᠤ ᠰᠤᠯᠠ ᠪᠠᠷ ᠪᠣᠷᠣᠯᠠᠭᠤᠯᠬᠤ ᠦᠨ᠎ᠡ ᠬᠤᠶᠠᠷ ᠤᠳᠠᠭ᠎ᠠ ᠪᠠᠭᠤᠷᠠᠵᠤ᠂ ᠠᠵᠤ ᠦᠶᠯᠡᠳᠪᠦᠷᠢ ᠳᠤ ᠬᠡᠷᠡᠭᠯᠡᠬᠦ ᠴᠠᠬᠢᠯᠭᠠᠨ ᠤ ᠦᠨ᠎ᠡ ᠲᠤᠭᠲᠠᠭᠤᠨ ᠪᠤᠯᠵᠠᠢ᠃      ᠨᠢᠭᠡ᠂ ᠨᠡᠭᠦᠷᠡᠰᠦ      6 ᠳ᠋ᠤᠭᠠᠷ ᠰᠠᠷ᠎ᠠ ᠳᠤ ᠪᠦᠬᠦ ᠣᠷᠣᠨ ᠤ ᠬᠥᠳᠡᠯᠭᠡᠭᠴᠢ ᠬᠦᠴᠦᠨ ᠤ ᠨᠡᠭᠦᠷᠡᠰᠦᠨ ᠤ ᠳᠤᠮᠳᠠᠴᠢ ᠳ᠋ᠦᠩᠨᠡᠨ ᠪᠤᠳᠤᠭᠰᠠᠨ ᠦᠨ᠎ᠡ ᠲᠣᠨ ᠪᠦᠷᠢ ᠳᠡᠭᠡᠨ 203.03 ᠲᠥᠭᠦᠷᠢᠭ ᠪᠠᠶᠢᠵᠤ᠂ 2018 ᠤᠨ ᠤ 5 ᠳ᠋ᠤᠭᠠᠷ ᠰᠠᠷ᠎ᠠ ᠶᠢᠨ ᠬᠢ ᠲᠠᠢ ᠬᠠᠷᠢᠴᠠᠭᠤᠯᠪᠠᠯ ︵ᠭᠠᠷᠠᠬᠠᠨ ᠬᠠᠷᠢᠴᠠᠯ ᠢᠶᠠᠷ︶ 1.09%᠎ ᠪᠠᠷ ᠥᠰᠴᠦ᠂ 2017 ᠤᠨ ᠤ 6 ᠳ᠋ᠤᠭᠠᠷ ᠰᠠᠷ᠎ᠠ ᠶᠢᠨ ᠬᠢ ᠲᠠᠢ ᠬᠠᠷᠢᠴᠠᠭᠤᠯᠪᠠᠯ ︵ᠠᠳᠠᠯᠢ ᠬᠤᠭᠤᠴᠠᠭᠠᠨ ᠤ ᠬᠢ ᠠᠴᠠ︶ 3.48%᠎ ᠪᠠᠷ ᠦᠰᠴᠡᠢ      6 ᠳ᠋ᠤᠭᠠᠷ ᠰᠠᠷ᠎ᠠ ᠳᠤ᠂ ᠪᠥᠬᠦ ᠣᠷᠣᠨ ᠤ ᠴᠠᠬᠢᠯᠭᠠᠨ ᠨᠡᠭᠦᠷᠡᠰᠦᠨ ᠤ ᠳᠤᠮᠳᠠᠴᠢ ᠬᠤᠳᠠᠯᠳᠤᠨ ᠣᠷᠣᠭᠤᠯᠬᠤ ᠦᠨ᠎ᠡ ᠲᠣᠨ ᠪᠦᠷᠢ ᠳᠡᠭᠡᠨ 202.69 ᠲᠥᠭᠦᠷᠢᠭ ᠪᠠᠶᠢᠵᠤ᠂ ᠭᠠᠷᠬᠠᠨ ᠬᠠᠷᠢᠴᠠᠯ ᠤᠨ ᠥᠰᠥᠯᠲᠡ ᠨᠢ 2.29% ᠪᠤᠯᠵᠤ᠂ ᠠᠳᠠᠯᠢ ᠬᠤᠭᠤᠴᠠᠭᠠᠨ ᠤ ᠬᠢ ᠠᠴᠠ 1.40% ᠪᠠᠭᠤᠷᠠᠵᠠᠢ︔ ᠪᠠᠷᠢᠮᠵᠢᠶ᠎ᠠ ᠨᠡᠭᠦᠷᠡᠰᠦ ︵7000 ᠺᠢᠯᠣᠺᠠᠯᠣᠷᠢ︶᠎ ᠪᠠᠷ ᠨᠤᠭᠤᠯᠤᠨ ᠪᠤᠳᠤᠭᠰᠠᠨ ᠤ ᠳᠠᠷᠠᠭᠠᠬᠢ ᠳᠤᠮᠳᠠᠴᠢ ᠬᠡᠮᠵᠢᠭᠳᠡᠯ ᠨᠢ ᠲᠣᠨ ᠪᠦᠷᠢ ᠳᠡᠭᠡᠨ      370.13 ᠲᠥᠭᠦᠷᠢᠭ ᠪᠠᠶᠢᠵᠤ᠂ ᠭᠠᠷᠬᠠᠨ ᠬᠠᠷᠢᠴᠠᠯ ᠤᠨ ᠥᠰᠥᠯᠲᠡ ᠨᠢ 1.73% ᠪᠤᠯᠵᠤ᠂ ᠠᠳᠠᠯᠢ ᠬᠤᠭᠤᠴᠠᠭᠠᠨ ᠤ ᠬᠢ ᠠᠴᠠ 1.94% ᠪᠠᠭᠤᠷᠠᠵᠠᠢ᠃      7 ᠳ᠋ᠤᠭᠠᠷ ᠰᠠᠷ᠎ᠠ ᠳᠤ᠂ ᠪᠦᠬᠦ ᠤᠯᠤᠰ ᠤᠨ ᠬᠡᠪᠴᠢᠶᠡᠨ ᠳᠤ ᠨᠡᠶᠢᠳᠡᠮ ᠳᠡᠭᠡᠨ ᠠᠭᠤᠷ ᠠᠮᠢᠰᠬᠤᠯ ᠬᠠᠯᠠᠭᠤᠷᠠᠭᠰᠠᠨ ᠠᠴᠠ ᠴᠠᠬᠢᠯᠭᠠᠨ ᠭᠠᠷᠭᠠᠬᠤ ᠦᠢᠯᠡᠳᠪᠦᠷᠢ ᠶᠢᠨ ᠡᠳᠦᠷ ᠤᠨ ᠬᠤᠷᠣᠭᠳᠠᠯ ᠨᠢ ᠤᠯᠠᠮ ᠨᠢᠭᠡ ᠠᠯᠬᠤᠮ ᠳᠡᠭᠡᠭᠰᠢᠯᠡᠵᠦ᠂ ᠡᠭᠦᠨ ᠤ ᠬᠠᠮᠲᠤ ᠣᠷᠴᠢᠨ ᠲᠣᠭᠤᠷᠢᠨ ᠤ ᠬᠠᠮᠠᠭᠠᠯᠠᠯᠲᠠ᠂ ᠠᠮᠤᠷ ᠲᠦᠪᠰᠢᠨ ᠤ ᠪᠠᠶᠢᠴᠠᠭᠠᠯᠲᠠ ᠵᠡᠷᠭᠡ ᠬᠦᠴᠦᠨ ᠵᠦᠢᠯ ᠤᠨ ᠨᠥᠯᠥᠭᠡᠯᠡᠯ ᠠᠴᠠ ᠪᠤᠯᠵᠤ᠂ ᠬᠠᠩᠭᠠᠯᠭ᠎ᠠ ᠪᠠᠭ᠎ᠠ ᠤᠳᠠᠭᠠᠰᠢᠷᠠᠭᠰᠠᠨ ᠢᠶᠠᠷ᠂ ᠵᠢᠱᠢᠯᠲᠡ ᠪᠠᠷ ᠦᠨ᠎ᠡ ᠨᠢ ᠪᠠᠰᠠ ᠪᠠᠭ᠎ᠠ ᠬᠡᠮᠵᠢᠶ᠎ᠡ ᠪᠠᠷ ᠦᠰᠬᠦ ᠪᠤᠯᠤᠨ᠎ᠠ᠃      ᠬᠤᠶᠠᠷ᠂ ᠪᠣᠯᠪᠠᠰᠤᠷᠠᠭᠤᠯᠤᠭᠰᠠᠨ ᠲᠤᠰᠤ      6 ᠳ᠋ᠤᠭᠠᠷ ᠰᠠᠷ᠎ᠠ ᠶᠢᠨ 9᠎ ᠤ ᠡᠳᠦᠷ ᠪᠣᠯᠪᠠᠰᠤᠷᠠᠭᠤᠯᠤᠭᠰᠠᠨ ᠲᠣᠰᠣᠨ ᠤ ᠦᠨ᠎ᠡ ᠪᠠᠭ᠎ᠠ ᠬᠡᠮᠵᠢᠶ᠎ᠡ ᠪᠠᠷ ᠪᠠᠭᠤᠷᠠᠵᠤ᠂ 92 ᠨᠤᠮᠧᠷᠲᠤ ᠴᠢᠶ᠋ᠢᠦ ᠲᠣᠰᠣ᠂ 95 ᠨᠣᠮᠧᠷᠲᠤ ᠴᠢᠶ᠋ᠢᠦ ᠲᠣᠰᠣ᠂ 0  ᠨᠤᠮᠧᠷᠲᠤ ᠴᠠᠶᠢᠶ᠋ᠢᠦ ᠲᠣᠰᠣ᠂ — 10 ᠨᠤᠮᠧᠷᠲᠤ ᠴᠠᠶᠢᠶ᠋ᠢᠦ ᠲᠣᠰᠣ ᠶᠢᠨ ᠪᠦᠬᠦ ᠤᠷᠤᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠲᠣᠨ ᠪᠦᠷᠢ ᠲᠤᠰ ᠲᠤᠰ 9630 ᠲᠦᠬᠦᠷᠢᠭ᠂ 10175 ᠲᠦᠬᠦᠷᠢᠭ᠂ 8055 ᠲᠦᠬᠦᠷᠢᠭ᠂ 8538 ᠲᠦᠬᠦᠷᠢᠭ ᠪᠤᠯᠤᠨ ᠪᠠᠭᠤᠷᠠᠵᠤ᠂ ᠦᠨ᠎ᠡ ᠲᠣᠬᠢᠷᠠᠭᠤᠯᠬᠤ ᠠᠴᠠ ᠡᠮᠦᠨᠡᠬᠢ ᠲᠠᠢ ᠬᠠᠷᠢᠴᠠᠭᠤᠯᠪᠠᠯ ᠴᠢᠶ᠋ᠢᠦ ᠲᠣᠰᠣ ᠪᠣᠯᠤᠨ ᠴᠠᠶᠢᠶ᠋ᠢᠦ ᠲᠣᠰᠣᠨ ᠤ ᠦᠨ᠎ᠡ ᠶᠢ ᠲᠤᠰ ᠲᠤᠰ 1.41%᠂ 1.53% ᠪᠠᠭᠤᠷᠠᠵᠤ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠴᠢᠶ᠋ᠢᠦ ᠲᠣᠰᠣ ᠪᠣᠯᠤᠨ ᠴᠠᠶᠢᠶ᠋ᠢᠦ ᠲᠣᠰᠣᠨ ᠤ ᠦᠨ᠎ᠡ ᠲᠤᠰ ᠲᠤᠰ 17.90%᠂ 19.87% ᠦᠰᠴᠡᠢ᠃ 6 ᠳ᠋ᠤᠭᠠᠷ ᠰᠠᠷ᠎ᠠ ᠶᠢᠨ 26᠎ ᠤ ᠡᠳᠦᠷ ᠪᠣᠯᠪᠠᠰᠤᠷᠠᠭᠤᠯᠤᠭᠰᠠᠨ ᠳᠣᠰᠣᠠ ᠤ ᠦᠨ᠎ᠡ ᠲᠠᠭᠢᠠ ᠪᠠᠭ᠎ᠠ ᠬᠡᠮᠵᠢᠶ᠎ᠡ ᠪᠠᠷ ᠪᠠᠭᠤᠷᠠᠵᠤ᠂ 92 ᠨᠤᠮᠧᠷᠲᠤ ᠴᠢᠶ᠋ᠢᠦ ᠲᠣᠰᠣ᠂ 95 ᠨᠣᠮᠧᠷᠲᠤ ᠴᠢᠶ᠋ᠢᠦ ᠲᠣᠰᠣ᠂ 0 ᠨᠤᠮᠧᠷᠲᠤ ᠴᠠᠶᠢᠶ᠋ᠢᠦ ᠲᠣᠰᠣ᠂ -10 ᠨᠤᠮᠧᠷᠲᠤ ᠴᠠᠶᠢᠶ᠋ᠢᠦ ᠲᠣᠰᠣ ᠶᠢᠨ ᠪᠥᠬᠦ ᠣᠷᠣᠨ ᠤ ᠵᠢᠵᠢᠭᠯᠡᠨ ᠬᠤᠳᠠᠯᠳᠤᠬᠤ ᠳᠤᠮᠳᠠᠴᠢ ᠦᠨ᠎ᠡ ᠲᠣᠨ ᠪᠦᠷᠢ ᠲᠤᠰ ᠲᠤᠰ 9572 ᠲᠥᠭᠦᠷᠢᠭ᠂ 10114 ᠲᠥᠭᠦᠷᠢᠭ᠂ 8000 ᠲᠥᠭᠦᠷᠢᠭ᠂ 8480 ᠲᠥᠭᠦᠷᠢᠭ ᠪᠤᠯᠤᠨ ᠪᠠᠭᠤᠷᠠᠵᠤ᠂ ᠦᠨ᠎ᠡ ᠶᠢ ᠲᠣᠬᠢᠷᠠᠭᠤᠯᠬᠤ ᠠᠴᠠ ᠡᠮᠦᠨᠡᠬᠢ ᠲᠠᠢ ᠬᠠᠷᠢᠴᠠᠭᠤᠯᠪᠠᠯ ᠴᠢᠶ᠋ᠢᠦ ᠲᠣᠰᠣ ᠪᠣᠯᠤᠨ ᠴᠠᠶᠢᠶ᠋ᠢᠦ ᠲᠣᠰᠣᠨ ᠤ ᠦᠨ᠎ᠡ ᠲᠤᠰ ᠲᠤᠰ 0.60%᠂ 0.68% ᠪᠠᠭᠤᠷᠠᠵᠤ᠂ ᠠᠳᠠᠯᠢ ᠬᠤᠭᠤᠴᠠᠭᠠᠨ ᠤ ᠬᠢ ᠲᠠᠢ ᠬᠠᠷᠢᠴᠠᠭᠤᠯᠪᠠᠯ ᠴᠢᠶ᠋ᠢᠦ ᠲᠣᠰᠣ ᠪᠣᠯᠤᠨ ᠴᠠᠶᠢᠶ᠋ᠢᠦ ᠲᠣᠰᠣᠨ ᠤ ᠦᠨ᠎ᠡ ᠲᠤᠰ ᠲᠤᠰ     21.13%᠂ 23.46% ᠦᠰᠴᠡᠢ᠃      ᠭᠤᠷᠪᠠ᠂ ᠠᠵᠤ ᠦᠢᠯᠡᠳᠪᠦᠷᠢ ᠳᠤ ᠬᠡᠷᠡᠭᠯᠡᠬᠦ ᠴᠠᠬᠢᠯᠭᠠᠨ      6 ᠳ᠋ᠤᠭᠠᠷ ᠰᠠᠷ᠎ᠠ ᠳᠤ᠂ ᠪᠠᠷᠠᠭᠤᠨ ᠣᠷᠣᠨ ᠤ ᠴᠠᠬᠢᠯᠭᠠᠨ ᠲᠣᠤᠷ ᠤᠨ ᠡᠩ ᠤᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ︵35 ᠺᠢᠯᠤᠸᠠᠲ ᠠᠴᠠ ᠳᠡᠭᠡᠭᠰᠢᠬᠢ ᠴᠠᠬᠢᠯᠭᠠᠨ︶᠎ ᠶᠢᠨ ᠦᠨ᠎ᠡ ᠨᠢ ᠺᠢᠯᠤᠸᠠᠲ ᠴᠠᠭ ᠪᠦᠷᠢ 0.5443 ᠲᠥᠭᠦᠷᠢᠭ ᠪᠣᠯᠵᠤ᠂ ᠵᠡᠭᠦᠨ ᠣᠷᠣᠨ ᠤ ᠴᠠᠬᠢᠯᠭᠠᠨ ᠲᠣᠣᠷ ᠤᠨ ᠤᠯᠠᠭᠠᠨᠬᠠᠳᠠ᠂ ᠲᠦᠩᠯᠢᠶᠣᠤ ᠶᠢᠨ ᠴᠠᠬᠢᠯᠭᠠᠨ ᠲᠣᠣᠷ ᠤᠨ ᠡᠩ ᠤᠨ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ︵35 ᠺᠢᠯᠤᠸᠠᠲ ᠠᠴᠠ ᠳᠡᠭᠡᠭᠰᠢᠬᠢ ᠴᠠᠬᠢᠯᠭᠠᠨ︶᠎ ᠶᠢᠨ ᠦᠨ᠎ᠡ ᠨᠢ ᠺᠢᠯᠤᠸᠠᠲ ᠴᠠᠭ ᠪᠦᠷᠢ 0.746 ᠲᠥᠭᠦᠷᠢᠭ ᠪᠤᠯᠵᠠᠢ︔ ᠪᠠᠷᠠᠭᠤᠨ ᠣᠷᠣᠨ ᠤ ᠴᠠᠬᠢᠯᠭᠠᠨ ᠲᠣᠤᠷ ᠤᠨ ᠲᠤᠮᠤ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ︵35᠎ ᠠᠴᠠ ᠳᠡᠭᠡᠭᠰᠢᠬᠢ ᠴᠠᠬᠢᠯᠭᠠᠨ︶᠎ ᠶᠢᠨ ᠦᠨ᠎ᠡ ᠨᠢ ᠺᠢᠯᠤᠸᠠᠲ ᠴᠠᠭ ᠪᠦᠷᠢ 0.4328 ᠲᠥᠭᠦᠷᠢᠭ ᠪᠠᠶᠢᠵᠤ᠂ ᠵᠡᠭᠦᠨ ᠣᠷᠣᠨ ᠤ ᠴᠠᠬᠢᠯᠭᠠᠨ ᠲᠣᠣᠷ ᠤᠨ ᠤᠯᠠᠭᠠᠨᠬᠠᠳᠠ᠂ ᠲᠦᠩᠯᠢᠶᠣᠤ ᠶᠢᠨ ᠴᠠᠬᠢᠯᠭᠠᠨ ᠲᠣᠣᠷ ᠤᠨ ᠲᠣᠮᠣ ᠠᠵᠤ ᠦᠢᠯᠡᠳᠪᠦᠷᠢ ᠶᠢᠨ ᠴᠠᠬᠢᠯᠭᠠᠨ ᠬᠡᠷᠡᠭᠯᠡᠯᠲᠡ ︵35 ᠺᠢᠯᠤᠸᠠᠲ ᠠᠴᠠ ᠳᠡᠭᠡᠭᠰᠢᠬᠢ ᠴᠠᠬᠢᠯᠭᠠᠨ︶᠎ ᠶᠢᠨ ᠦᠨ᠎ᠡ ᠨᠢ ᠺᠢᠯᠤᠸᠠᠲ ᠴᠠᠭ ᠪᠦᠷᠢ 0.443 ᠲᠥᠭᠦᠷᠢᠭ ᠪᠣᠯᠵᠤ᠂ ᠦᠨ᠎ᠡ ᠨᠢ ᠴᠥᠮ ᠲᠦᠷᠦᠭᠦᠤ ᠰᠠᠷ᠎ᠠ ᠶᠢᠨ ᠬᠢ ᠲᠠᠢ ᠠᠳᠠᠯᠢ ᠪᠤᠯᠵᠠᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号