ᠯᠢ ᠵᠢᠢ ᠾᠧᠩ ᠬᠦᠯᠦᠨ ᠪᠤᠶᠢᠷ ᠬᠤᠳᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2018/7/16
    7 ᠳ᠋ᠤᠭᠠᠷ ᠰᠠᠷ᠎ᠠ ᠶᠢᠨ 13᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠵᠠᠯᠠᠶᠢᠨᠠᠭᠤᠷ ᠲᠤᠭᠤᠷᠢᠭ ᠤᠨ ᠬᠦᠯᠦᠨ ᠨᠠᠭᠤᠷ ᠤᠨ ᠪᠠᠭ᠎ᠠ ᠭᠤᠤᠯ ᠤᠨ ᠠᠮᠠᠰᠠᠷ ᠲᠤ ᠢᠷᠡᠵᠦ᠂ ᠬᠦᠯᠦᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠶᠡᠷᠦᠩᠬᠡᠶᠢᠯᠡᠡ ᠵᠠᠰᠠᠬᠤ ᠪᠠ ᠤᠷᠤᠰᠢᠵᠦ ᠪᠠᠶᠢᠭ᠎ᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠦ ᠪᠠᠶᠢᠭ᠎ᠠ ᠪᠠᠶᠢᠳᠠᠯ ᠢ ᠪᠤᠳᠠᠳᠠᠢ ᠭᠠᠵᠠᠷ ᠲᠤᠨᠢ ᠣᠶᠢᠯᠠᠭᠠᠪᠠ᠃      7 ᠳ᠋ᠤᠭᠠᠷ ᠰᠠᠷ᠎ᠠ ᠶᠢᠨ 13᠎ ᠠᠴᠠ 15᠎ ᠤ ᠡᠳᠦᠷ ᠪᠤᠯᠳᠠᠯ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠵᠠᠯᠠᠶᠢᠨᠠᠭᠤᠷ ᠲᠤᠭᠤᠷᠢᠭ᠂ ᠰᠢᠨ᠎ᠠ ᠪᠠᠷᠭᠤ ᠪᠠᠷᠠᠭᠤᠨ ᠬᠤᠰᠢᠭᠤ᠂ ᠰᠢᠨ᠎ᠠ ᠪᠠᠷᠭᠤ ᠵᠡᠭᠦᠨ ᠬᠤᠰᠢᠭᠤ᠂ ᠬᠠᠶᠢᠯᠠᠷ ᠲᠤᠭᠤᠷᠢᠭ ᠲᠤ ᠬᠦᠨᠵᠡᠭᠡᠶᠢᠷᠡᠵᠤ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠢ ᠪᠠᠶᠢᠴᠠᠭᠠᠨ ᠰᠤᠳᠤᠯᠵᠤ ᠰᠢᠮᠳᠠᠭᠤᠯᠤᠨ ᠵᠢᠯᠤᠭᠤᠳᠪᠠ᠃      ᠯᠢ ᠵᠢᠢ ᠾᠧᠩ ᠬᠦᠯᠦᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠶᠡᠷᠦᠩᠬᠡᠶᠢᠯᠡᠡ ᠵᠠᠰᠠᠬᠤ ᠪᠠ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ ᠪᠤᠢ᠃ ᠲᠡᠷᠡ ᠨᠢᠰᠭᠡᠯ ᠠᠴᠠ ᠪᠠᠭᠤᠮᠠᠬᠴᠠ ᠬᠦᠯᠦᠨ ᠨᠠᠭᠤᠷ ᠤᠨ ᠬᠦᠪᠡᠭᠡ ᠳᠤ ᠬᠦᠷᠴᠤ᠂ ᠤᠰᠤᠨ ᠤ ᠴᠢᠨᠠᠷ ᠤᠰᠤᠨ ᠲᠦᠪᠰᠢᠨ ᠪᠠ ᠭᠤᠤᠯ ᠤᠨ ᠡᠷᠬᠢ ᠶᠢᠨ ᠠᠮᠢ ᠠᠬᠤᠢ ᠶᠢ ᠰᠡᠷᠬᠡᠶᠢᠯᠡᠨ ᠬᠠᠮᠠᠭᠠᠯᠠᠬᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠤ᠂ ᠠᠮᠢ ᠠᠬᠤᠢ ᠶᠢᠨ ᠨᠡᠭᠦᠳᠡᠯ ᠠᠷᠠᠳ᠂ ᠠᠭᠤᠷᠬᠠᠢ ᠶᠢᠨ ᠬᠤᠩᠬᠢᠯ ᠢ ᠵᠠᠰᠠᠬᠤ᠂ ᠤᠰᠤᠨ ᠵᠠᠮ ᠯᠠᠶᠢᠳᠠᠬᠤ᠂ ᠵᠢᠭᠠᠰᠤᠨ ᠤ ᠦᠢᠯᠡᠰ ᠤᠨ ᠡᠬᠢ ᠪᠠᠶᠠᠯᠢᠭ ᠢ ᠰᠡᠷᠬᠦᠭᠡᠬᠦ ᠵᠡᠷᠭᠡ ᠲᠦᠷᠦᠯ ᠵᠦᠢᠯ ᠢ ᠬᠡᠷᠡᠭᠵᠢᠭᠦᠯᠦᠭᠰᠡᠨ ᠦᠷ᠎ᠠ ᠪᠦᠳᠦᠮᠵᠢ ᠶᠢ ᠨᠠᠷᠢᠯᠢᠭ ᠠᠰᠠᠭᠤᠨ ᠯᠠᠪᠯᠠᠵᠠᠢ᠃ ᠲᠡᠷᠡ᠂ ᠬᠦᠯᠦᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠰᠠᠶᠢᠳᠤᠷ ᠵᠠᠰᠠᠬᠤ ᠨᠢ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠪᠤᠯᠬᠤ ᠪᠦᠭᠡᠳ ᠤᠯᠤᠰ ᠲᠦᠷᠦ ᠶᠢᠨ ᠡᠭᠦᠷᠭᠡ ᠪᠤᠯᠤᠨ᠎ᠠ᠂ ᠦᠪᠡᠷᠳᠡᠭᠡᠨ ᠵᠠᠰᠠᠬᠤ ᠤᠷᠤᠨ ᠠᠴᠠ ᠬᠦᠯᠦᠨ ᠪᠤᠶᠢᠷ ᠬᠤᠳᠠ ᠬᠦᠷᠳᠡᠯ᠎ᠠ ᠴᠦᠮ ᠲᠡᠭᠡᠳᠦ ᠬᠡᠮᠵᠢᠶᠡᠨ ᠤ ᠰᠡᠷᠡᠮᠵᠢ ᠲᠠᠢ ᠪᠠᠶᠢᠵᠤ᠂ ᠪᠦᠬᠦ ᠲᠠᠯ᠎ᠠ ᠪᠠᠷ ᠪᠠᠶᠢᠴᠠᠭᠠᠨ ᠦᠵᠡᠵᠤ᠂ ᠬᠦᠨᠵᠡᠭᠡᠢ ᠰᠡᠳᠬᠢᠨ ᠲᠤᠩᠭᠠᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠳᠤᠷ ᠬᠢᠭᠦ ᠪᠠᠷ ︽ᠬᠤᠶᠠᠷ ᠢ ᠡᠷᠡᠰ ᠬᠠᠮᠠᠭᠠᠯᠠᠬᠤ︾ ᠪᠤᠳᠠᠳᠠᠢ ᠠᠵᠢᠯᠯᠠᠭ᠎ᠠ ᠪᠠᠨ ᠪᠤᠯᠭᠠᠵᠤ᠂ ᠮᠠᠰᠢ ᠬᠠᠳᠠᠭᠤ ᠠᠷᠭ᠎ᠠ ᠬᠡᠮᠵᠢᠶ᠎ᠠ ᠠᠪᠴᠤ᠂ ᠬᠡᠪ ᠠᠴᠠ ᠲᠠᠪᠠᠭᠰᠠᠨ ᠠᠷᠭ᠎ᠠ ᠬᠢᠳᠡᠯ ᠠᠪᠴᠤ᠂ ᠨᠡᠩ ᠦᠨᠳᠦᠷ ᠨᠡᠩ ᠴᠢᠩᠭ᠎ᠠ ᠪᠠᠷᠢᠮᠵᠢᠶ᠎ᠠ ᠪᠠᠷ ᠡᠯ᠎ᠠ ᠲᠦᠷᠦᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠶᠢᠳᠤᠷ ᠪᠡᠶᠡᠯᠡᠭᠦᠯᠭᠦ ᠬᠡᠷᠡᠭᠳᠡᠢ ᠬᠡᠵᠤ ᠴᠢᠬᠤᠯᠠᠴᠢᠯᠠᠪᠠ᠃      ᠯᠢ ᠵᠢᠢ ᠾᠧᠩ ᠬᠦᠯᠦᠨ ᠨᠠᠭᠤᠷ ᠤᠨ ᠤᠯᠤᠰ ᠤᠨ ᠲᠡᠰ ᠤᠨ ᠬᠠᠮᠠᠭᠠᠯᠠᠯᠳᠠ ᠶᠢᠨ ᠤᠷᠤᠨ ᠤ ᠬᠠᠮᠢᠶᠠᠷᠤᠯᠳᠠ ᠶᠢᠨ ᠲᠤᠪᠴᠢᠶ᠎ᠠ ᠳᠤ ᠬᠦᠷᠴᠤ᠂ ᠵᠠᠰᠠᠬᠰᠠᠨ ᠪᠠ ᠴᠡᠭᠴᠡᠯᠡᠨ ᠰᠠᠶᠢᠵᠢᠷᠠᠭᠤᠯᠤᠬᠰᠠᠨ ᠪᠤᠳᠠᠳᠠᠢ ᠪᠠᠶᠢᠳᠠᠯ ᠎ ᠢ ᠬᠦᠨᠵᠡᠭᠡᠢ ᠤᠶᠢᠯᠠᠭᠠᠬᠤ ᠶᠢᠨ ᠬᠠᠮᠳᠤ ᠱᠤᠸᠠᠨ ᠮᠠ ᠵᠤᠸᠠᠩ ᠬᠠᠮᠢᠶᠠᠷᠤᠨ ᠬᠠᠮᠠᠭᠠᠯᠠᠬᠤ ᠦᠷᠳᠡᠭᠡ ᠶᠢᠨ ᠠᠵᠢᠯᠳᠠᠳ ᠲᠠᠢ ᠸᠢᠳᠢᠣ᠋ ᠪᠠᠷ ᠶᠠᠷᠢᠯᠴᠠᠵᠤ᠂ ᠲᠡᠳᠡᠨ ᠢ ᠡᠭᠦᠷᠭᠡ ᠬᠠᠷᠢᠭᠤᠴᠠᠯᠭ᠎ᠠ ᠳᠠᠭᠠᠨ ᠦᠯᠦ ᠤᠰᠤᠯᠳᠠᠨ᠂ ᠬᠠᠮᠢᠶᠠᠷᠴᠤ ᠬᠠᠮᠠᠭᠠᠯᠠᠬᠤ ᠪᠠᠨ ᠴᠢᠩᠭᠠᠳᠬᠠᠵᠤ᠂ ᠬᠦᠯᠦᠨ ᠨᠠᠭᠤᠷ ᠢ ᠰᠠᠶᠢᠳᠤᠷ ᠬᠠᠮᠠᠭᠠᠯᠠᠵᠦ ᠵᠠᠰᠠᠬᠤ ᠶᠢᠨ ᠲᠦᠯᠦᠭᠡ ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠭᠡᠷᠡᠢ ᠬᠡᠵᠤ ᠵᠤᠷᠢᠬᠵᠢᠭᠤᠯᠪᠠ᠃ ᠲᠡᠷᠡ᠂ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠲᠦᠷᠦᠭᠦᠯᠡᠨ ᠠᠳᠬᠤᠬᠤ ᠶᠡᠷᠦᠩᠬᠡᠢ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠤ᠂ ᠬᠠᠮᠢᠶ᠎ᠠ ᠪᠦᠬᠦᠢ ᠲᠦᠰᠦᠯ ᠪᠤᠯᠤᠨ ᠴᠡᠭᠴᠡᠯᠡᠨ ᠰᠠᠶᠢᠵᠢᠷᠠᠭᠤᠯᠬᠤ ᠲᠦᠷᠦᠯ ᠵᠦᠢᠯ ᠎ ᠢ ᠰᠢᠨᠵᠢᠯᠡᠭᠦ ᠤᠬᠠᠭᠠᠨᠴᠢ ᠪᠠᠷ ᠴᠢᠩᠭ᠎ᠠ ᠬᠡᠷᠡᠭᠵᠢᠭᠦᠯᠭᠦ ᠶᠢ ᠪᠠᠳᠤᠯᠠᠬᠤ ᠬᠡᠷᠡᠭᠳᠡᠢ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠤᠰᠤᠨ ᠠᠰᠢᠬᠯᠠᠯᠳᠠ ᠶᠢᠨ ᠲᠢᠩᠬᠢᠮ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ ᠠᠵᠢᠯ ᠢᠶᠠᠨ ᠬᠤᠪᠢᠶᠠᠷᠢᠯᠠᠨ ᠪᠤᠭᠤᠮᠳᠠ ᠰᠠᠬᠢᠵᠤ᠂ ᠦᠪᠡᠷ ᠦᠪᠡᠷ ᠤᠨ ᠲᠠᠭᠠᠭᠠᠵᠤ ᠠᠪᠤᠬᠰᠠᠨ ᠡᠭᠦᠷᠭᠡ ᠪᠠᠨ ᠪᠤᠳᠠᠳᠠᠢ ᠰᠠᠶᠢᠳᠤᠷ ᠠᠳᠬᠤᠬᠤ ᠬᠡᠷᠡᠭᠳᠡᠢ᠃ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠬᠦᠢᠴᠡᠳᠭᠡᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠦᠷᠦᠯ ᠵᠦᠢᠯ ᠢ ᠬᠡᠷᠡᠭᠵᠢᠭᠦᠯᠭᠦ ᠠᠬᠢᠴᠠ ᠶᠢ ᠲᠦᠷᠭᠡᠳᠭᠡᠵᠤ᠂ ᠬᠦᠯᠦᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ ᠨᠦᠯᠦᠭᠡᠯᠡᠵᠤ ᠪᠠᠶᠢᠭ᠎ᠠ ᠲᠤᠪᠤᠶᠢᠮ᠎ᠠ ᠠᠰᠠᠭᠤᠳᠠᠯ ᠢ ᠡᠷᠡᠰ ᠪᠦᠳᠦᠮᠵᠢᠳᠡᠢ ᠴᠡᠭᠴᠡᠯᠡᠨ ᠰᠠᠶᠢᠵᠢᠷᠠᠭᠤᠯᠬᠤ ᠬᠡᠷᠡᠭᠳᠡᠢ ᠬᠡᠵᠤ ᠱᠠᠭᠠᠷᠳᠠᠵᠠᠢ᠃      ᠯᠢ ᠵᠢᠢ ᠾᠧᠩ ᠲᠠᠯ᠎ᠠ ᠨᠤᠳᠤᠭ ᠲᠤ ᠬᠦᠷᠴᠤ᠂ ᠡᠯᠡᠰᠦᠷᠬᠡᠭ ᠭᠠᠵᠠᠷ ᠢ ᠶᠡᠷᠦᠩᠬᠡᠶᠢᠯᠡᠨ ᠵᠠᠰᠠᠬᠰᠠᠨ ᠦᠷ᠎ᠠ ᠪᠦᠳᠦᠮᠵᠢ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠡᠢ᠃ ᠲᠡᠷᠡ ᠠᠵᠤ ᠠᠬᠤᠶᠢᠯᠠᠯ ᠢᠶᠠᠷ ᠬᠦᠷᠴᠤ᠂ ᠦᠢᠯᠡᠳᠪᠦᠷᠢᠯᠡᠯ ᠤᠨ ᠲᠠᠰᠤᠭ ᠢᠶᠠᠷ ᠬᠦᠨᠵᠡᠭᠡᠶᠢᠷᠡᠨ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ᠂ ᠠᠵᠤ ᠦᠢᠯᠡᠰ ᠤᠨ ᠬᠦᠭᠵᠢᠯᠳᠡ ᠶᠢᠨ ᠪᠠᠶᠢᠳᠠᠯ ᠢ ᠨᠠᠷᠢᠯᠢᠭ ᠤᠶᠢᠯᠠᠭᠠᠪᠠ᠃ ᠲᠡᠷᠡ ᠤᠮᠠᠷᠠᠳᠦ ᠬᠢᠯᠢ ᠶᠢᠨ ᠬᠤᠪᠢᠰᠬᠠᠯᠳᠤ ᠪᠠᠬᠢᠯᠡᠯᠳᠡ ᠶᠢᠨ ᠡᠷᠦᠭᠡ ᠳᠤ ᠬᠦᠷᠴᠤ᠂ ᠮᠤᠩᠭᠤᠯ ᠬᠡᠯᠡᠨ ᠤ ᠤᠷᠴᠢᠭᠤᠯᠭ᠎ᠠ ᠶᠢᠨ ᠰᠠᠭᠤᠷᠢᠨ᠂ ︽ᠤᠶᠤᠨᠴᠢ ᠮᠠᠯᠵᠢᠬᠤ ᠤᠷᠤᠨ︾᠎ ᠤ ᠲᠦᠷᠦᠯ ᠵᠦᠢᠯ ᠤᠨ ᠵᠢᠯᠤᠭᠤᠳᠬᠤ ᠲᠦᠪ᠂ ᠬᠢᠯᠢ ᠶᠢᠨ ᠪᠤᠭᠤᠮᠳᠠ ᠵᠡᠷᠭᠡ ᠪᠠᠷ ᠲᠤᠭᠤᠷᠢᠨ ᠦᠵᠡᠵᠤ᠂ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ᠂ ᠮᠠᠯᠵᠢᠬᠤ ᠤᠷᠤᠨ ᠤ ᠪᠦᠳᠦᠭᠡᠨ ᠪᠠᠶᠢᠭᠤᠯᠤᠯᠳᠠ᠂ ᠬᠢᠯᠢ ᠶᠢᠨ ᠪᠤᠭᠤᠮᠳᠠ ᠶᠢᠨ ᠠᠷᠠᠯᠵᠢᠶ᠎ᠠ ᠵᠡᠷᠭᠡ ᠲᠠᠯ᠎ᠠ ᠶᠢᠨ ᠪᠠᠶᠢᠳᠠᠯ ᠢ ᠬᠦᠨᠵᠡᠭᠡᠢ ᠰᠢᠨᠵᠢᠯᠡᠨ ᠪᠠᠶᠢᠴᠠᠭᠠᠬᠰᠠᠨ ᠪᠦᠭᠡᠳ ᠪᠠᠰᠠ ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠭᠤᠤᠯ ᠲᠠᠯᠠᠪᠤᠷ ᠤᠷᠳᠤᠨ ᠤ ᠪᠦᠳᠦᠭᠡᠨ ᠪᠠᠶᠢᠭᠤᠯᠤᠯᠳᠠ ᠶᠢᠨ ᠪᠠᠶᠢᠳᠠᠯ ᠢ ᠰᠢᠨᠵᠢᠯᠡᠨ ᠪᠠᠶᠢᠴᠠᠭᠠᠵᠠᠢ᠃      ᠪᠠᠶᠢᠴᠠᠭᠠᠨ ᠰᠤᠳᠤᠯᠬᠤ ᠬᠤᠭᠤᠴᠠᠭᠠᠨ ᠳᠠᠭᠠᠨ᠂ ᠯᠢ ᠵᠢᠢ ᠾᠧᠩ ᠬᠤᠷᠠᠯ ᠡᠷᠬᠢᠯᠡᠨ ᠬᠤᠷᠠᠯᠳᠤᠭᠤᠯᠵᠤ᠂ ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠠ ᠬᠦᠷᠦᠭᠰᠡᠨ ᠬᠤᠰᠢᠭᠤ ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠴᠠᠢ᠃ ᠲᠡᠷᠡ ᠵᠢᠭᠠᠵᠤ ᠭᠠᠷᠭᠠᠭᠰᠠᠨ ᠨᠢ᠂ ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ ᠪᠠ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠪᠤᠯ ᠤᠳᠤᠬᠠᠨ ᠤ ᠠᠵᠢᠯ ᠤᠨ ᠭᠤᠤᠯᠳᠠᠯᠭ᠎ᠠ ᠶᠢᠨ ᠲᠤᠳᠤᠷᠠᠬᠢ ᠭᠤᠤᠯᠳᠠᠯᠭ᠎ᠠ ᠪᠤᠯᠤᠨ᠎ᠠ᠂ ᠡᠷᠴᠢ ᠵᠤᠷᠢᠭ ᠢᠶᠠᠨ ᠬᠦᠪᠴᠢᠯᠡᠨ᠂ ᠬᠦᠴᠢᠷ ᠢ ᠰᠦᠷᠦᠨ ᠤᠷᠤᠬᠰᠢᠯᠠᠵᠤ᠂ ᠡᠯ᠎ᠠ ᠵᠦᠢᠯ ᠤᠨ ᠠᠵᠢᠯ ᠢᠶᠠᠨ ᠯᠠᠪᠳᠠᠭᠤᠨ ᠪᠠᠳᠤᠳᠠᠢ ᠬᠦᠨᠵᠡᠭᠡᠶᠢᠷᠡᠭᠦᠯᠭᠦ ᠬᠡᠷᠡᠭᠳᠡᠢ᠃ ᠲᠤᠶᠢᠯ ᠤᠨ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠲᠠᠶᠢᠯᠠᠯᠳᠤᠭᠠᠨ ᠢ ᠰᠠᠶᠢᠳᠤᠷ ᠬᠢᠭᠦ ᠳᠤ ᠶᠠᠳᠠᠭᠤ ᠶᠢ ᠲᠡᠳᠭᠦᠭᠦ ᠠᠵᠢᠯ ᠤᠨ ᠲᠤᠮᠳᠠ ᠢᠯᠡᠷᠡᠭᠰᠡᠨ ᠰᠢᠨ᠎ᠠ ᠪᠠᠶᠢᠳᠠᠯ ᠰᠢᠨ᠎ᠠ ᠠᠰᠠᠭᠤᠳᠠᠯ ᠢ ᠲᠡᠭᠡᠳᠦ ᠬᠡᠮᠵᠢᠶ᠎ᠠ ᠪᠠᠷ ᠠᠩᠠᠬᠷᠤᠨ ᠰᠠᠶᠢᠳᠤᠷ ᠰᠢᠢᠳᠪᠦᠷᠢᠯᠡᠵᠤ᠂ ᠶᠠᠳᠠᠭᠤ ᠠᠴᠠ ᠠᠩᠬᠢᠵᠢᠷᠠᠭᠤᠯᠤᠬᠰᠠᠨ ᠦᠷ᠎ᠠ ᠪᠦᠳᠦᠭᠡᠯ ᠢ ᠪᠠᠭᠢᠵᠢᠭᠦᠯᠦᠨ᠂ ᠶᠠᠳᠠᠭᠤ ᠠᠴᠠ ᠠᠩᠬᠢᠵᠢᠷᠠᠭᠤᠯᠬᠤ ᠴᠢᠨᠠᠷ ᠴᠢᠨᠰᠠᠭ᠎ᠠ ᠶᠢ ᠲᠡᠭᠡᠭᠰᠢᠯᠡᠭᠦᠯᠭᠦ ᠬᠡᠷᠡᠭᠳᠡᠢ᠃ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠠᠷᠭ᠎ᠠ  ᠬᠢᠳᠡᠯ ᠢᠶᠠᠨ ᠨᠠᠷᠢᠯᠢᠬᠵᠢᠭᠤᠯᠵᠤ᠂ ᠬᠦᠭᠡ ᠤᠬᠳᠠᠷᠭᠤᠢ᠂ ᠬᠦᠬᠡᠮᠳᠦᠭ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠤ ᠢᠯᠠᠯᠳᠠ ᠶᠢ ᠡᠷᠡᠰ ᠤᠯᠵᠤ᠂ ᠨᠤᠭᠤᠭᠠᠨ ᠦᠩᠭᠡ ᠪᠠᠷ ᠬᠦᠯᠦᠨ ᠪᠤᠶᠢᠷ ᠤᠨ ᠬᠦᠭᠵᠢᠯᠳᠡ ᠶᠢᠨ ᠮᠦᠩᠬᠡ ᠶᠢᠨ ᠲᠡᠪᠢᠰᠭᠡᠷ ᠦᠩᠭᠡ ᠪᠤᠯᠭᠠᠬᠤ ᠬᠡᠷᠡᠭᠳᠡᠢ᠃ ᠵᠠᠰᠠᠭ ᠤᠨ ᠤᠷᠳᠤᠨ ᠤ ᠦᠷᠢ ᠦᠭᠴᠡᠭᠡ ᠶᠢ ᠡᠷᠴᠢᠮ ᠲᠠᠢ ᠡᠮᠬᠢ ᠵᠢᠷᠤᠮ ᠲᠠᠢ ᠰᠢᠢᠳᠪᠤᠷᠢᠯᠡᠵᠤ᠂ ᠲᠤᠬᠳᠠᠬᠰᠠᠨ ᠬᠤᠭᠤᠴᠠᠭᠠᠨ ᠳᠠᠭᠠᠨ ᠦᠷᠢ ᠦᠭᠴᠡᠭᠡᠨ ᠤ ᠨᠤᠷᠮ᠎ᠠ ᠶᠢ ᠵᠤᠬᠢᠰᠳᠠᠢ ᠲᠦᠪᠰᠢᠨ ᠳᠤ ᠬᠦᠷᠳᠡᠯ᠎ᠡ ᠪᠠᠭᠤᠷᠠᠭᠤᠯᠬᠤ ᠶᠢ ᠪᠠᠳᠤᠯᠠᠬᠤ ᠬᠡᠷᠡᠭᠳᠡᠢ᠃ ᠴᠢᠨᠠᠷ ᠰᠠᠶᠢᠳᠠᠢ ᠭᠦᠭᠵᠢᠯᠳᠡ ᠶᠢᠨ ᠱᠠᠭᠠᠷᠳᠠᠯᠭ᠎ᠠ ᠶᠤᠰᠤᠭᠠᠷ᠂ ᠡᠯ᠎ᠠ ᠲᠦᠷᠦᠯ ᠤᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠡᠷᠴᠢᠮ ᠲᠠᠢ ᠠᠬᠢᠭᠤᠯᠵᠤ᠂ ᠬᠦᠯᠦᠨ ᠪᠤᠶᠢᠷ ᠤᠨ ᠠᠵᠤ ᠠᠬᠤᠢ ᠨᠡᠶᠢᠭᠡᠮ ᠎ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠭᠦᠳᠭᠦ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠨᠠᠷᠢᠨ ᠪᠢᠴᠢᠭ ᠤᠨ ᠲᠠᠷᠤᠭ᠎ᠠ ᠯᠦᠸᠧ ᠶᠦᠩ ᠭᠠᠩ ᠪᠠ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠨᠦᠬᠦᠳ ᠪᠠᠶᠢᠴᠠᠭᠠᠨ ᠰᠤᠳᠤᠯᠬᠤ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号