ᠤᠮᠠᠷᠠᠳᠦ ᠶᠢᠨ ᠪᠠ ᠵᠡᠬᠦᠨ ᠬᠤᠶᠢᠳᠦ ᠶᠢᠨ ᠨᠠᠢᠮᠠᠨ ᠮᠤᠵᠢ ᠤᠷᠤᠨ ᠬᠤᠳᠠ ᠶᠢᠨ ᠪᠠᠶᠢᠭᠤᠯᠭ᠎ᠠ ᠶᠢᠨ ᠶᠠᠪᠤᠳᠠᠯ ᠎ ᠤᠨ ᠠᠵᠢᠯ ᠤᠨ ᠠᠷᠪᠠ ᠶᠢᠰᠦᠳᠦᠭᠡᠷ ᠤᠳᠠᠭ᠎ᠠ ᠶᠢᠨ ᠬᠠᠮᠳᠤᠷᠠᠬᠰᠠᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018/7/16
     7 ᠳ᠋ᠤᠭᠠᠷ ᠰᠠᠷ᠎ᠠ ᠶᠢᠨ 12᠎ ᠤᠨ ᠡᠳᠦᠷ᠂ ᠥᠪᠦᠷ ᠮᠤᠩᠭᠤᠯ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ ᠤᠮᠠᠷᠠᠳᠦ ᠶᠢᠨ ᠪᠠ ᠵᠡᠬᠦᠨ ᠬᠤᠶᠢᠳᠦ ᠶᠢᠨ ᠨᠠᠢᠮᠠᠨ ᠮᠤᠵᠢ ᠤᠷᠤᠨ ᠬᠤᠳᠠ ᠶᠢᠨ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠠᠷᠪᠠ ᠶᠢᠰᠦᠳᠦᠭᠡᠷ ᠤᠳᠠᠭ᠎ᠠ ᠶᠢᠨ ᠬᠠᠮᠳᠤᠷᠠᠬᠰᠠᠨ ᠬᠤᠷᠠᠯ ᠬᠦᠬᠡᠬᠤᠳᠠ ᠳᠤ ᠬᠤᠷᠠᠯᠳᠤᠪᠠ᠃       ᠲᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠲᠦᠷᠦ ᠶᠢᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ ᠶᠢᠨ ᠳᠠᠷᠤᠭ᠎ᠠ ᠯᠢ ᠪᠤᠤ ᠷᠦᠩ ᠪᠠ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢ ᠪᠢᠩ ᠷᠦᠩ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃       ᠯᠢ ᠪᠤᠤ ᠷᠦᠩ ᠵᠢᠭᠠᠭᠰᠠᠨ ᠨᠢ᠂ ᠪᠦᠬᠦ ᠤᠯᠤᠰ ᠤᠨ ᠡᠯ᠎ᠠ ᠱᠠᠳᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠳ ᠰᠢᠨ᠎ᠠ ᠴᠠᠭ ᠦᠶ᠎ᠠ ᠶᠢᠨ ᠪᠠᠶᠢᠭᠤᠯᠭ᠎ᠠ ᠶᠢᠨ ᠶᠠᠪᠤᠳᠠᠯ ᠤᠨ ᠠᠵᠢᠯ ᠤᠨ ᠰᠢᠨ᠎ᠠ ᠶᠢ ᠡᠬᠦᠳᠬᠦ ᠬᠦᠭᠵᠢᠯᠳᠠ ᠶᠢ ᠳᠠᠰᠤᠷᠠᠯᠳᠠ ᠦᠭᠡᠢ ᠠᠬᠢᠭᠤᠯᠵᠦ᠂ ᠡᠯ᠎ᠠ ᠱᠠᠳᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠦᠨᠳᠦᠷ ᠪᠦᠳᠦᠮᠵᠢᠳᠠᠢ ᠠᠵᠢᠯᠯᠠᠬᠤ ᠳᠤ ᠪᠡᠳᠤ ᠪᠠᠬᠢ ᠪᠠᠳᠤᠯᠠᠭ᠎ᠠ ᠬᠠᠩᠭᠠᠵᠠᠢ᠃ ᠪᠠᠷᠢᠮᠵᠢᠶ᠎ᠠ ᠶᠢᠨ ᠡᠵᠡᠮᠳᠡᠬᠦ ᠦᠢᠯᠡᠳᠦᠯ᠂ ᠲᠦᠷᠢᠮᠵᠢᠬᠦᠯᠬᠦ ᠦᠢᠯᠡᠳᠦᠯ ᠪᠠ ᠳᠠᠭᠠᠭᠤᠯᠬᠤ ᠦᠢᠯᠡᠳᠦᠯ ᠢ ᠬᠦᠢᠴᠡᠳ ᠪᠠᠳᠠᠷᠠᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ︽ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ︾ ᠲᠤᠬᠠᠢ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠠᠵᠢᠯᠯᠠᠭ᠎ᠠ ᠳᠤᠮᠳᠠ ᠪᠠᠨ ᠨᠠᠶᠢᠳᠠᠪᠤᠷᠢᠵᠢᠭᠤᠯᠬᠤ ᠭᠡᠷᠡᠭᠲᠡᠢ᠃ ᠡᠬᠦᠨ ᠤ ᠬᠠᠮᠲᠤ᠂ ᠡᠯ᠎ᠠ ᠭᠠᠵᠠᠷ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠤᠳ ᠪᠠᠶᠢᠭᠤᠯᠤᠮᠵᠢ ᠶᠢᠨ ᠦᠭᠡᠷᠡᠴᠢᠯᠡᠯᠳᠠ ᠶᠢᠨ ᠬᠤᠭᠤᠴᠠᠭᠠᠨ ᠳᠠᠬᠢ ᠡᠯ᠎ᠠ ᠲᠦᠷᠦᠯ ᠤᠨ ᠪᠠᠳᠤᠯᠠᠭᠠᠨ ᠤ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠦ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠪᠠᠶᠢᠭᠤᠯᠤᠮᠵᠢ ᠪᠠ ᠡᠬᠦᠷᠭᠡ ᠴᠢᠳᠠᠪᠬᠢ ᠶᠢᠨ ᠪᠠᠶᠢᠭᠤᠯᠤᠯᠳᠠ ᠶᠢ ᠢᠳᠡᠪᠬᠢᠳᠠᠢ ᠠᠬᠢᠭᠤᠯᠵᠦ᠂ ᠤᠯᠤᠰ ᠤᠨ ᠵᠠᠰᠠᠯᠳᠠ ᠶᠢᠨ ᠰᠢᠰᠲ᠋ᠧᠮᠵᠢ ᠪᠠ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠳᠤ ᠬᠤᠪᠢ ᠨᠡᠮᠡᠷᠢ ᠦᠵᠡᠬᠦᠯᠬᠦ ᠭᠡᠷᠡᠭᠲᠡᠢ ᠭᠡᠪᠠ᠃       ᠯᠢ ᠪᠢᠩ ᠷᠦᠩ ᠵᠢᠭᠠᠭᠰᠠᠨ ᠨᠢ᠂ ᠤᠯᠤᠰ ᠤᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ ᠪᠠ ᠲᠦᠪ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ ᠶᠢᠨ ᠵᠢᠯᠤᠭᠤᠳᠤᠯᠭ᠎ᠠ ᠲᠤᠤᠷ᠎ᠠ᠂ ᠬᠠᠮᠳᠤᠷᠠᠬᠰᠠᠨ ᠬᠤᠷᠠᠯ ᠢᠶᠠᠷ ᠠᠵᠠ ᠲᠤᠬᠢᠶᠠᠯ ᠪᠤᠯᠭᠠᠵᠦ᠂ ᠡᠯ᠎ᠠ ᠮᠤᠵᠢ ᠤᠷᠤᠨ ᠬᠤᠳᠠ ᠯᠤᠭ᠎ᠠ ᠶᠢᠨ ᠬᠠᠮᠳᠤᠷᠠᠯᠴᠠᠭ᠎ᠠ ᠰᠤᠯᠢᠯᠴᠠᠭ᠎ᠠ ᠶᠢ ᠴᠢᠨᠠᠬᠰᠢᠳᠠ ᠴᠢᠩᠭᠠᠳᠬᠠᠵᠦ᠂ ᠲᠡᠷᠢᠬᠦᠨ ᠤ ᠲᠤᠷᠰᠢᠯᠭ᠎ᠠ ᠪᠠ ᠠᠷᠭ᠎ᠠ ᠬᠢᠳᠡᠯ ᠢ ᠬᠠᠷᠢᠯᠴᠠᠨ ᠲᠤᠯᠢᠳᠠᠵᠦ᠂ ᠨᠠᠮ ᠵᠠᠰᠠᠭ ᠤᠨ ᠪᠠᠶᠢᠭᠤᠯᠭ᠎ᠠ ᠶᠢᠨ ᠪᠠᠳᠤᠯᠠᠭᠠᠨ ᠤ ᠦᠢᠯᠡᠴᠢᠯᠡᠭᠡ ᠶᠢᠨ ᠴᠢᠳᠠᠪᠤᠷᠢ ᠶᠢᠨ ᠲᠦᠪᠰᠢᠨ ᠢ ᠦᠨᠡᠨ ᠬᠦ ᠳᠡᠭᠡᠭᠰᠢᠯᠡᠬᠦᠯᠬᠦ ᠶᠢ ᠬᠦᠰᠡᠵᠦ ᠪᠠᠶᠢᠨ᠎ᠠ ᠭᠡᠵᠡᠢ᠃       ᠬᠤᠷᠠᠯ ᠳᠤ᠂ ᠥᠪᠦᠷ ᠮᠤᠩᠭᠤᠯ᠂ ᠬᠠᠷᠠᠮᠦ᠋ᠷᠡᠨ᠂ ᠵᠢᠶᠠᠩᠰᠦ᠂ ᠱᠠᠨᠰᠢ ᠵᠡᠷᠭᠡ 4 ᠮᠤᠵᠢ ᠤᠷᠤᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠳᠠ ᠶᠢᠨ ᠲᠤᠪᠴᠢᠶ᠎ᠠ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃ ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠪᠠᠷᠢᠮᠵᠢᠶᠠᠵᠢᠯᠳᠠ ᠶᠢᠨ ᠪᠠᠶᠢᠭᠤᠯᠤᠯᠳᠠ ᠶᠢᠨ ᠠᠵᠢᠯ ᠤᠨ ᠬᠤᠷᠠᠯ ᠢ ᠵᠡᠷᠭᠡᠪᠡᠷ ᠬᠢᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号