2018 ᠣᠨ ᠤ ᠦᠪᠦᠷ ᠮᠤᠩᠭᠤᠯ ᠤᠨ ᠴᠡᠴᠡᠭᠳᠤ ᠤᠯᠠᠷᠢᠯ ᠤᠨ ᠵᠢᠭᠤᠯᠴᠢᠯᠠᠯ ᠤᠨ ᠠᠯᠳᠠᠩᠬᠸ᠎ᠠ ᠴᠡᠴᠡᠭ ᠎ ᠤᠨ ᠨᠠᠶᠢᠷ ᠵᠢᠴᠢ ᠰᠢᠯᠢ ᠶᠢᠨ ᠭᠤᠤᠯ ᠤᠨ ᠦᠷᠳᠡᠭᠡ ᠰᠡᠯᠭᠦᠨ ᠮᠤᠷᠢᠳᠠᠢ ᠵᠤᠭᠠᠴᠠᠬᠤ ᠨᠠᠭᠠᠳᠤᠮ ᠡᠬᠢᠯᠡᠵᠡᠢ
ᠨᠡᠶᠢᠲᠡᠯᠡᠭᠰᠡᠨ ᠴᠠᠭ᠄
2018/7/17
     7 ᠳ᠋ᠤᠭᠠᠷ ᠰᠠᠷ᠎ᠠ ᠶᠢᠨ 15᠎ ᠤ ᠡᠳᠦᠷ᠂ ︽2018 ᠣᠨ ᠤ ᠦᠪᠦᠷ ᠮᠤᠩᠭᠤᠯ ᠤᠨ ᠴᠡᠴᠡᠭᠳᠤ ᠤᠯᠠᠷᠢᠯ ᠎ ᠤᠨ ᠵᠢᠭᠤᠯᠴᠢᠯᠠᠯ ᠤᠨ ᠠᠯᠳᠠᠩᠬᠸ᠎ᠠ ᠴᠡᠴᠡᠭ ᠤᠨ ᠨᠠᠶᠢᠷ ᠵᠢᠴᠢ ᠰᠢᠯᠢ ᠶᠢᠨ ᠭᠤᠤᠯ ᠤᠨ ᠦᠷᠳᠡᠭᠡ ᠰᠡᠯᠭᠦᠨ ᠮᠤᠷᠢᠳᠠᠢ ᠵᠤᠭᠠᠴᠠᠬᠤ ᠨᠠᠭᠠᠳᠤᠮ︾ ᠰᠢᠯᠤᠭᠤᠨ ᠬᠦᠭᠡ ᠬᠤᠰᠢᠭᠤᠨ ᠳᠠᠬᠢ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠵᠢᠭᠤᠯᠴᠢᠯᠠᠯ ᠤᠨ ᠭᠠᠵᠠᠷ ᠲᠤ ᠦᠪᠡᠳᠡᠭᠰᠢ ᠶᠡᠭᠡ ᠪᠠᠷ ᠡᠬᠢᠯᠡᠵᠡᠢ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠠᠢ ᠯᠢ ᠬᠤᠸᠠ ᠤᠷᠤᠯᠴᠠᠨ ᠨᠠᠭᠠᠳᠤᠮ ᠡᠬᠢᠯᠡᠭᠰᠡᠨ ᠢ ᠵᠠᠷᠯᠠᠵᠠᠢ᠃      2018 ᠣᠨ ᠤ ᠦᠪᠦᠷ ᠮᠤᠩᠭᠤᠯ ᠤᠨ ︽ᠴᠡᠴᠡᠭᠳᠤ ᠤᠯᠠᠷᠢᠯ ᠤᠨ ᠵᠢᠭᠤᠯᠴᠢᠯᠠᠯ︾ ᠪᠤᠯ ᠮᠠᠨ ᠤ ᠤᠷᠤᠨ ᠵᠢᠭᠤᠯᠴᠢᠯᠠᠯ ᠤᠨ ᠭᠤᠤᠯᠯᠠᠬᠤ ᠦᠷᠢᠰᠦᠯᠳᠦᠬᠦ ᠬᠦᠴᠦᠨ ᠢ ᠲᠦᠷᠭᠡᠳᠭᠡᠨ ᠲᠡᠭᠡᠭᠰᠢᠯᠡᠭᠦᠯᠬᠦ ᠴᠢᠬᠤᠯᠠ ᠭᠠᠷᠳᠠᠴᠠ ᠪᠤᠯᠤᠨ᠎ᠠ᠃ ᠲᠤᠰ ᠤᠳᠠᠭ᠎ᠠ ᠶᠢᠨ ᠠᠵᠢᠯᠯᠠᠭ᠎ᠠ ᠨᠢ ᠦᠪᠦᠷ ᠮᠤᠩᠭᠤᠯ ᠤᠨ ︽ᠴᠡᠴᠡᠭᠳᠤ ᠤᠯᠠᠷᠢᠯ ᠤᠨ ᠵᠢᠭᠤᠯᠴᠢᠯᠠᠯ︾᠎ ᠤᠨ ᠰᠢᠷᠢᠰ ᠠᠵᠢᠯᠯᠠᠭ᠎ᠠ ᠶᠢᠨ ᠨᠢᠭᠡ ᠪᠤᠯᠤᠨ᠎ᠠ᠃ ᠠᠵᠢᠯᠯᠠᠭ᠎ᠠ ᠨᠢ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠭᠡ ᠬᠤᠰᠢᠭᠤᠨ ᠤ ᠱᠠᠩᠳᠤ ᠶᠢᠨ ᠰᠢᠷ᠎ᠠ ᠲᠠᠯ᠎ᠠ ᠳᠤ ᠯᠡ ᠪᠠᠶᠢᠳᠠᠭ ᠴᠡᠴᠡᠭᠳᠤ ᠤᠯᠠᠷᠢᠯ ᠤᠨ ᠦᠩᠭᠡ ᠦᠵᠡᠮᠵᠢ ᠪᠤᠯᠤᠨ ᠲᠡᠯᠡᠭᠡᠢ ᠶᠢᠨ ᠰᠤᠶᠤᠯ ᠤᠨ ᠦᠪ — ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠶᠢᠨ ᠭᠦᠨ ᠵᠤᠵᠠᠭᠠᠨ ᠰᠤᠶᠤᠯ ᠤᠨ ᠠᠭᠤᠯᠤᠭᠳᠠᠬᠤᠨ ᠳᠤ ᠲᠦᠰᠢᠭᠯᠡᠨ᠂ ᠵᠢᠭᠤᠯᠴᠢᠯᠠᠯ ᠢᠶᠠᠷ ᠴᠤᠭᠴᠠ ᠪᠤᠯᠭᠠᠵᠤ᠂ ᠰᠤᠶᠤᠯ ᠢᠶᠠᠷ ᠰᠦᠭ ᠰᠦᠨᠡᠰᠤ ᠪᠤᠯᠭᠠᠨ᠂ ᠰᠢᠯᠢ ᠶᠢᠨ ᠭᠤᠤᠯ ᠠᠶᠢᠮᠠᠭ ᠬᠡᠮᠡᠬᠦ ᠡᠨᠡ ᠬᠦ ᠦᠪᠦᠷ ᠮᠤᠩᠭᠤᠯ ᠤᠨ ᠤᠮᠠᠷᠠᠰᠢ ᠨᠡᠭᠡᠭᠡᠯᠳᠡ ᠬᠢᠬᠦ ᠪᠠ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠴᠢᠬᠤᠯᠠ ᠴᠤᠩᠬᠤᠪᠴᠢ ᠳᠤ ᠲᠦᠰᠢᠭᠯᠡᠨ᠂ ᠦᠷᠭᠡᠨ ᠤᠯᠠᠨ ᠵᠤᠭᠠᠴᠠᠭᠰᠠᠳ ᠲᠤ ᠦᠵᠡᠰᠭᠦᠯᠡᠩᠳᠤ ᠰᠠᠶᠢᠬᠠᠨ ᠦᠪᠦᠷ ᠮᠤᠩᠭᠤᠯ ᠳᠤ ᠦᠪᠡᠷᠮᠢᠴᠡ ᠪᠠᠶᠢᠳᠠᠭ ᠲᠠᠯ᠎ᠠ ᠨᠤᠳᠤᠭ ᠤᠨ ᠦᠩᠭᠡ ᠦᠵᠡᠮᠵᠢ᠂ ᠴᠡᠪᠡᠷ ᠪᠤᠷᠤᠭᠵᠢᠭᠤᠨ ᠰᠤᠶᠤᠯ ᠢᠷᠭᠡᠨᠰᠢᠯ ᠵᠠᠩ ᠲᠠᠳᠬᠠᠯ᠂ ᠭᠦᠨ ᠵᠤᠵᠠᠭᠠᠨ ᠲᠡᠦᠭᠡ ᠰᠤᠶᠤᠯ ᠪᠤᠯᠤᠨ ᠡᠯᠪᠡᠭ ᠪᠠᠶᠠᠯᠢᠭ ᠵᠢᠭᠤᠯᠴᠢᠯᠠᠯ ᠤᠨ ᠠᠭᠤᠯᠭ᠎ᠠ ᠶᠢ ᠭᠦᠢᠴᠡᠳ ᠲᠡᠯᠭᠡᠨ ᠦᠵᠡᠭᠦᠯᠵᠡᠢ᠃      ᠡᠬᠢᠯᠡᠯᠳᠡ ᠶᠢᠨ ᠶᠤᠰᠤᠯᠠᠯ ᠲᠡᠭᠡᠷ᠎ᠠ᠂ ᠠᠷᠪᠠᠨ ᠲᠠᠪᠤᠳᠤᠭᠠᠷ ᠬᠤᠭᠤᠴᠠᠭᠠᠨ ᠤ ᠮᠤᠩᠭᠤᠯ ᠦᠨᠳᠦᠰᠦᠳᠡᠨ ᠤ ᠬᠤᠪᠴᠠᠰᠤ ᠵᠠᠰᠠᠯ ᠤᠨ ᠤᠷᠠᠯᠢᠭ ᠤᠨ ᠨᠠᠶᠢᠷ ᠤᠨ ᠠᠯᠳᠠᠩᠬᠸ᠎ᠠ ᠴᠡᠴᠡᠭ ᠲᠡᠯᠭᠡᠷᠡᠬᠦ ᠤᠯᠠᠷᠢᠯ ᠤᠨ ᠪᠡᠯᠡᠳᠭᠡᠯ ᠤᠷᠤᠯᠳᠤᠭᠠᠨ᠂ ︽ᠦᠪᠦᠷ ᠮᠤᠩᠭᠤᠯ ᠤᠨ ᠤᠬᠢ ᠠᠮᠳᠠ᠂ ᠰᠢᠯᠢ ᠶᠢᠨ ᠭᠤᠤᠯ ᠤᠨ ᠮᠤᠩᠭᠤᠯ ᠢᠳᠡᠭᠡᠨ︾᠎ ᠢ ᠨᠡᠶᠢᠳᠡᠯᠡᠬᠦ ᠶᠤᠰᠤᠯᠠᠯ ᠵᠡᠷᠭᠡᠪᠡᠷ ᠡᠬᠢᠯᠡᠵᠡᠢ᠃      ᠠᠵᠢᠯᠯᠠᠭ᠎ᠠ ᠶᠢᠨ ᠬᠤᠭᠤᠴᠠᠭᠠᠨ ᠳᠤ᠂ ᠠᠢ ᠯᠢ ᠬᠤᠸᠠ ᠨᠠᠷ ᠶᠤᠸᠠᠨ ᠤ ᠲᠡᠭᠡᠳᠦ ᠨᠡᠶᠢᠰᠯᠡᠯ ᠤᠨ ᠪᠠᠭᠤᠷᠢ ᠪᠠᠷ ᠭᠦᠨᠵᠡᠭᠡᠶᠢᠷᠡᠨ᠂ ᠲᠡᠦᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠳᠤ ᠪᠤᠳᠠᠳᠠᠢ ᠱᠠᠭᠠᠷᠳᠠᠯᠭ᠎ᠠ ᠲᠤᠷᠠᠳᠴᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号