ᠦᠬᠠᠢ ᠬᠤᠳᠠ 2018 ᠣᠨ ᠤ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠶᠢ ᠲᠣᠭᠲᠠᠭᠠᠪᠠ
ᠨᠡᠶᠢᠲᠡᠯᠡᠭᠰᠡᠨ ᠴᠠᠭ᠄
2018/7/17
     ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠮᠡᠳᠡᠭᠳᠡᠯ ᠢ ᠦᠨᠳᠦᠰᠦᠯᠡᠪᠡᠯ᠂ 2017 ᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠨᠢ ᠥᠪᠡᠷᠲᠡᠭᠡᠨ ᠵᠠᠰᠠᠬᠤ ᠣᠷᠣᠨ ᠤ ᠱᠠᠲᠤᠨ ᠤ ᠰᠠᠷ᠎ᠠ ᠪᠦᠷᠢ 5641 ᠲᠥᠭᠦᠷᠢᠭ᠂ ᠦᠬᠠᠶ ᠬᠤᠳᠠ ᠶᠢᠨ ᠰᠠᠷ᠎ᠠ ᠪᠦᠷᠢ 5638 ᠲᠥᠭᠦᠷᠢᠭ ᠪᠣᠯᠤᠨ᠎ᠠ᠃ ᠬᠠᠮᠢᠶ᠎ᠠ ᠪᠦᠬᠦᠢ ᠲᠣᠭᠲᠠᠭᠠᠯ ᠢᠶᠠᠷ ᠪᠣᠯ᠂ ᠦᠬᠠᠶ ᠬᠤᠳᠠ ᠶᠢᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60% —300% ᠪᠣᠯᠣᠨ᠎ᠠ︔ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠦᠬᠠᠶ ᠬᠤᠳᠠ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 80% —300% ᠪᠣᠯᠣᠨ᠎ᠠ︔ ᠠᠵᠢᠯ ᠠᠴᠠ ᠪᠣᠯᠤᠭᠰᠠᠨ ᠭᠡᠮᠲᠦᠯ ᠰᠢᠷᠬᠠᠲᠤᠯ ᠤᠨ ᠳᠠᠭᠠᠳᠬᠠᠯ᠂ ᠠᠵᠢᠯ ᠠᠯᠳᠠᠬᠤ ᠳᠠᠭᠠᠳᠬᠠᠯ᠂ ᠦᠷᠡᠵᠢᠯ ᠤᠨ ᠳᠠᠭᠠᠳᠬᠠᠯ ᠤᠨ ᠵᠠᠷᠤᠳᠠᠯ ᠲᠤᠰᠢᠶᠠᠬᠤ ᠰᠠᠭᠤᠷᠢ ᠲᠤᠭ᠎ᠠ ᠨᠢ ᠦᠬᠠᠶ ᠬᠤᠳᠠ ᠶᠢᠨ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ ᠠᠵᠢᠯᠴᠢᠨ ᠤ ᠳᠤᠮᠳᠠᠴᠢ ᠴᠠᠯᠢᠩ ᠤᠨ 60% —300% ᠪᠣᠯᠣᠨ᠎ᠠ᠃ ᠣᠳᠣᠬᠠᠨ ᠳᠤ᠂ ᠬᠤᠲᠠ ᠶᠢᠨ ᠨᠡᠶᠢᠭᠡᠮ ᠤᠨ ᠳᠠᠭᠠᠳᠬᠠᠯ ᠤᠨ ᠵᠠᠷᠤᠳᠠᠯ ᠢ ᠰᠢᠯᠭᠠᠨ ᠲᠣᠭᠲᠠᠭᠠᠵᠤ ᠪᠠᠶᠢᠴᠠᠭᠠᠬᠤ ᠲᠥᠪ ᠠᠴᠠ ᠣᠳᠣ ᠶᠠᠭ ᠨᠡᠶᠢᠭᠡᠮ ᠤᠨ ᠳᠠᠭᠠᠳᠬᠠᠯ ᠪᠣᠯᠣᠨ ᠲᠠᠪᠤᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠰᠢᠯᠭᠠᠨ ᠲᠣᠭᠲᠠᠭᠠᠬᠤ ᠳᠡᠰ ᠳᠠᠷᠠᠭᠠᠯᠠᠯ ᠢ ᠬᠢᠨᠠᠨ ᠰᠢᠯᠭᠠᠵᠤ᠂ 2018 ᠣᠨ ᠤ ᠨᠡᠶᠢᠭᠡᠮ ᠤᠨ ᠳᠠᠭᠠᠳᠬᠠᠯ ᠤᠨ ᠰᠢᠯᠭᠠᠨ ᠲᠣᠭᠲᠠᠭᠠᠬᠤ ᠠᠵᠢᠯ ᠤᠨ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠲᠤᠯᠠᠵᠦ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号