ᠤᠯᠠᠭᠠᠨᠴᠠᠪ ᠬᠤᠲᠠ ᠲᠠᠷᠢᠶᠠᠨ ᠭᠠᠵᠠᠷ ᠤᠨ ᠤᠯᠠᠭᠠᠨ ᠱᠤᠭᠤᠮ ᠢ ᠪᠠᠲᠤ ᠰᠠᠬᠢᠵᠤ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠦᠨᠡᠨ ᠬᠦ ᠴᠢᠩᠭᠠᠳᠬᠠᠵᠤ ᠪᠤᠢ
ᠨᠡᠶᠢᠲᠡᠯᠡᠭᠰᠡᠨ ᠴᠠᠭ᠄
2018/7/17
     ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠯᠤᠭ᠎ᠠ ᠲᠣᠭᠲᠠᠭᠰᠠᠨ ︽ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾᠎ ᠢ ᠦᠨᠳᠦᠰᠦᠯᠡᠵᠦ᠂ ᠤᠯᠠᠭᠠᠨᠴᠠᠪ ᠬᠤᠲᠠ ᠲᠠᠷᠢᠶᠠᠨ ᠭᠠᠵᠠᠷ ᠤᠨ ᠪᠠᠲᠤᠯᠠᠭᠠᠲᠠᠢ ᠬᠡᠮᠵᠢᠶ᠎ᠡ ᠶᠢ 75.83 ᠲᠦᠮᠡᠨ ᠾᠧᠺᠲ᠋ᠠᠷ ᠠᠴᠠ ᠲᠤᠲᠠᠭᠤ ᠪᠠᠶᠢᠯᠭᠠᠬᠤ ᠦᠭᠡᠢ ᠪᠠᠶᠢᠬᠤ᠂ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠢ ᠶᠢ 61.04 ᠲᠦᠮᠡᠨ ᠾᠧᠺᠲ᠋ᠠᠷ ᠠᠴᠠ ᠲᠤᠲᠠᠭᠤ ᠪᠠᠶᠢᠯᠭᠠᠬᠤ ᠦᠭᠡᠢ ᠪᠠᠶᠢᠬᠤ ᠭᠦᠢᠴᠡᠳᠬᠡᠯ ᠲᠤᠭ᠎ᠠ ᠶᠢᠨ ᠡᠭᠦᠷᠭᠡ ᠶᠢ ᠬᠤᠪᠢᠶᠠᠷᠢᠯᠠᠨ ᠨᠠᠶᠢᠳᠠᠪᠤᠷᠢᠵᠢᠭᠤᠯᠤᠨ᠂ ︽ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠᠲᠤ ᠬᠠᠷᠢᠭᠤᠴᠠᠯᠭ᠎ᠠ ᠶᠢᠨ ᠪᠢᠴᠢᠭ︾᠎ ᠢ ᠱᠠᠳᠤ ᠱᠠᠳᠤ ᠪᠠᠷ ᠲᠣᠭᠲᠠᠪᠠ᠃ ᠳᠡᠭᠡᠷ᠎ᠡ ᠬᠠᠭᠠᠰ ᠵᠢᠯ ᠳᠤ᠂ ᠬᠤᠶᠠᠷ ᠳᠤᠭᠤᠶᠢᠯᠠᠩ ᠬᠤᠪᠢᠶᠠᠵᠤ ᠪᠦᠬᠦ ᠬᠤᠳᠠ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠪᠠᠷᠢᠯᠭ᠎ᠠ ᠳᠠᠭᠤᠰᠤᠨ ᠰᠢᠯᠭᠠᠵᠤ ᠠᠪᠤᠭᠠᠳᠤᠢ ᠪᠠᠶᠢᠭᠰᠠᠨ ᠭᠠᠵᠠᠷ ᠰᠢᠷᠣᠶ ᠶᠢ ᠡᠮᠬᠢᠯᠡᠨ ᠵᠠᠰᠠᠬᠤ ᠲᠥᠷᠥᠯ ᠵᠦᠢᠯ ᠢᠯᠠᠩᠭᠤᠶ᠎ᠠ 2013 ᠣᠨ ᠵᠢᠴᠢ ᠡᠭᠦᠨ ᠠᠴᠠ ᠡᠮᠦᠨᠡᠬᠢ ᠲᠥᠷᠥᠯ ᠵᠦᠢᠯ ᠳᠤ ᠪᠦᠬᠦ ᠲᠠᠯ᠎ᠠ ᠪᠠᠷ ᠪᠠᠶᠢᠴᠠᠭᠠᠯᠲᠠ ᠬᠢᠵᠦ ᠰᠢᠯᠭᠠᠨ ᠠᠪᠴᠠᠢ᠃ ᠨᠢᠭᠡᠨᠲᠡ ᠰᠢᠯᠭᠠᠨ ᠠᠪᠤᠭᠰᠠᠨ ᠪᠥᠭᠡᠳ ᠰᠢᠯᠭᠠᠨ ᠠᠪᠤᠭᠰᠠᠨ ᠪᠢᠴᠢᠭ ᠮᠠᠲ᠋ᠧᠷᠢᠶᠠᠯ ᠪᠠᠭᠤᠯᠭᠠᠭᠰᠠᠨ ᠨᠢ ᠨᠡᠶᠢᠲᠡ 16 ᠲᠦᠷᠦᠯ ᠵᠦᠢᠯ᠂ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 12930 ᠾᠧᠺᠲ᠋ᠠᠷ ᠪᠠᠶᠢᠵᠤ᠂ ᠶᠡᠷᠦᠩᠬᠡᠶ ᠪᠡᠯᠡ ᠣᠷᠣᠭᠤᠯᠤᠯᠲᠠ ᠨᠢ 1.6575 ᠳ᠋ᠦᠩᠰᠢᠭᠤᠷ ᠲᠥᠭᠦᠷᠢᠭ ᠲᠤ ᠬᠦᠷᠴᠦ᠂ 736.77 ᠾᠧᠺᠲ᠋ᠠᠷ ᠲᠠᠷᠢᠶᠠᠨ ᠭᠠᠵᠠᠷ ᠰᠢᠨ᠎ᠡ ᠪᠠᠷ ᠨᠡᠮᠡᠭᠳᠡᠪᠡ᠃ ᠪᠤᠰᠤᠳ ᠦᠷᠦᠭᠡᠨ ᠤ ᠪᠠ ᠬᠡᠭᠡᠷ᠎ᠡ ᠶᠢᠨ ᠠᠵᠢᠯ ᠤᠨ ᠰᠢᠯᠲᠠᠭᠠᠨ ᠠᠴᠠ ᠪᠣᠯᠵᠤ ᠲᠦᠷ ᠰᠢᠯᠭᠠᠨ ᠬᠤᠷᠢᠶᠠᠭᠠᠳᠤᠢ ᠲᠥᠷᠥᠯ ᠵᠦᠢᠯ ᠢ ᠳᠠᠷᠤᠶ ᠲᠦᠷᠭᠡᠨ ᠴᠡᠭᠴᠡᠯᠡᠨ ᠰᠠᠶᠢᠵᠢᠷᠠᠭᠤᠯᠵᠤ᠂ ᠲᠡᠦᠬᠡᠨ ᠠᠴᠠ ᠦᠯᠡᠳᠡᠭᠳᠡᠵᠦ ᠢᠷᠡᠭᠰᠡᠨ ᠲᠥᠷᠥᠯ ᠵᠦᠢᠯ ᠢ 9 ᠳ᠋ᠦ᠋ᠭᠡᠷ ᠰᠠᠷ᠎ᠠ ᠶᠢᠨ ᠡᠴᠦᠰ ᠠᠴᠠ ᠡᠮᠦᠨ᠎ᠡ ᠡᠷᠬᠡᠪᠰᠢ ᠪᠦᠬᠦᠨ ᠢ ᠳᠠᠭᠤᠰᠬᠠᠬᠤ ᠶᠢ ᠱᠠᠭᠠᠷᠳᠠᠵᠠᠢ᠃ ᠨᠥᠬᠦᠪᠦᠷᠢ ᠲᠠᠷᠢᠶᠠᠨ ᠭᠠᠵᠠᠷ ᠤᠨ ᠨᠥᠭᠡᠴᠡ ᠬᠥᠮᠥᠷᠭᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠷᠠᠭᠤᠯᠵᠠᠢ᠃ ᠨᠥᠬᠦᠪᠥᠷᠢ ᠲᠠᠷᠢᠶᠠᠨ ᠭᠠᠵᠠᠷ ᠤᠨ ᠶᠠᠰᠤ ᠴᠢᠨᠠᠷ ᠢ ᠦᠨᠡᠨ ᠬᠦ ᠳᠡᠭᠡᠭᠰᠢᠯᠡᠭᠦᠯᠵᠦ᠂ ᠨᠥᠬᠦᠪᠦᠷᠢ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠶᠢ ᠢᠳᠡᠪᠬᠢᠲᠡᠶ  ᠨᠠᠶᠢᠳᠠᠪᠤᠷᠢᠵᠢᠭᠤᠯᠤᠨ᠂ ᠲᠠᠷᠢᠶᠠᠨ ᠭᠠᠵᠠᠷ ᠢ ︽ᠤᠷᠢᠳᠠᠪᠠᠷ ᠨᠥᠬᠦᠪᠥᠷᠢᠯᠡᠵᠦ ᠰᠡᠭᠦᠯᠡᠷ ᠨᠢ ᠡᠵᠡᠯᠡᠨ ᠬᠡᠷᠡᠭᠯᠡᠬᠦ︾ ᠪᠠ ︽ᠨᠢᠭᠡ ᠶᠢ ᠡᠵᠡᠯᠡᠪᠡᠯ ᠨᠢᠭᠡ ᠶᠢ ᠨᠥᠬᠦᠪᠦᠷᠢᠯᠡᠬᠦ︾᠎ ᠶᠢ ᠴᠢᠩᠭ᠎ᠠ ᠬᠡᠷᠡᠭᠵᠢᠭᠦᠯᠵᠡᠢ᠃ ᠪᠦᠬᠦ ᠬᠤᠲᠠ ᠳᠤ ᠪᠦᠲᠦᠭᠡᠨ ᠪᠠᠶᠢᠭᠤᠯᠵᠤ ᠪᠠᠶᠢᠭ᠎ᠠ ᠨᠥᠬᠦᠪᠦᠷᠢ ᠲᠠᠷᠢᠶᠠᠨ ᠭᠠᠵᠠᠷ ᠢ ᠨᠥᠭᠡᠴᠡᠯᠡᠬᠦ ᠬᠥᠮᠥᠷᠭᠡ ᠤᠨ ᠲᠥᠷᠥᠯ ᠵᠦᠢᠯ ᠢ ᠰᠢᠮᠳᠠᠭᠤᠯᠤᠨ ᠪᠠᠶᠢᠴᠠᠭᠠᠵᠤ᠂ ᠰᠢᠶᠠᠨ ᠤ ᠵᠠᠰᠠᠭ ᠤᠨ ᠣᠷᠳᠣᠨ ᠪᠠ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠢ ᠢᠳᠡᠪᠬᠢᠲᠡᠶ ᠵᠣᠬᠢᠴᠠᠭᠤᠯᠵᠤ ᠪᠠᠶᠢᠭᠠᠳ ᠲᠥᠷᠥᠯ ᠵᠦᠢᠯ ᠢ ᠬᠡᠷᠡᠭᠵᠢᠭᠦᠯᠬᠦ ᠳᠤᠮᠳᠠ ᠲᠣᠬᠢᠶᠠᠯᠳᠤᠭᠰᠠᠨ ᠲᠠᠷᠢᠶᠠᠴᠢᠳ ᠠᠴᠠ ᠬᠤᠷᠢᠭᠯᠠᠵᠤ ᠪᠠᠶᠢᠬᠤ ᠵᠡᠷᠭᠡ ᠠᠰᠠᠭᠤᠳᠠᠯ ᠢ ᠴᠢᠷᠮᠠᠶᠢᠨ ᠰᠢᠢᠳᠪᠦᠷᠢᠯᠡᠵᠦ᠂ ᠡᠭᠦᠷᠭᠡ ᠪᠠᠨ ᠴᠠᠭ ᠲᠤᠨᠢ ᠲᠤᠭ᠎ᠠ ᠶᠣᠰᠣᠭᠠᠷ ᠴᠢᠨᠠᠷ ᠲᠠᠢ ᠪᠡᠶᠡᠯᠡᠭᠦᠯᠬᠦ ᠪᠠᠷ ᠪᠠᠶᠢᠨ᠎ᠠ᠃ ᠳᠥᠷᠪᠡᠳ ᠬᠤᠰᠢᠭᠤᠨ ᠤ 4  ᠨᠥᠬᠦᠪᠦᠷᠢ ᠲᠠᠷᠢᠶᠠᠨ ᠭᠠᠵᠠᠷ ᠢ ᠨᠥᠭᠡᠴᠡᠯᠡᠬᠦ ᠬᠥᠮᠥᠷᠭᠡ ᠶᠢᠨ ᠲᠥᠷᠥᠯ ᠵᠦᠢᠯ ᠤᠨ ᠪᠠᠷᠢᠯᠭ᠎ᠠ ᠳᠠᠭᠤᠰᠴᠣ ᠰᠢᠯᠭᠠᠨ ᠠᠪᠬᠤ ᠳᠤ ᠪᠠᠲᠤᠯᠠᠭᠳᠠᠵᠤ᠂ ᠲᠥᠷᠥᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠡᠪᠴᠢᠶ᠎ᠡ ᠨᠢ 500 ᠾᠧᠺᠲ᠋ᠠᠷ ᠲᠤ ᠬᠦᠷᠴᠦ᠂ ᠮᠠᠨ ᠤ ᠬᠤᠲᠠ ᠳᠤ ᠬᠡᠰᠡᠭ ᠨᠥᠬᠦᠪᠦᠷᠢ ᠲᠠᠷᠢᠶᠠᠨ ᠭᠠᠵᠠᠷ ᠤᠨ ᠭᠦᠢᠴᠡᠳᠬᠡᠯ ᠲᠤᠭ᠎ᠠ ᠶᠢ ᠰᠢᠢᠳᠪᠦᠷᠢᠯᠡᠵᠦ ᠥᠭᠭᠦᠭᠰᠡᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号