︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾᠎ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2018-07-17
     ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠨᠢ ᠵᠥᠪᠬᠡᠨ ᠬᠤᠪᠢ ᠬᠥᠮᠥᠨ ᠤ ᠦᠨᠡᠨᠴᠢ ᠢᠲᠡᠭᠡᠮᠵᠢ ᠪᠠ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠲᠠᠢ ᠬᠤᠯᠪᠣᠭᠳᠠᠬᠤ ᠲᠡᠳᠦᠢ ᠦᠭᠡᠢ᠂ ᠨᠡᠶᠢᠭᠡᠮ ᠤᠨ ᠶᠣᠰᠣ ᠰᠤᠷᠲᠠᠬᠤᠨ ᠳᠤ ᠶᠡᠭᠡ ᠨᠥᠯᠥᠭᠡ ᠲᠠᠢ ᠪᠠᠶᠢᠳᠠᠭ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠨ ᠨᠡᠶᠢᠲᠡ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠠᠷᠭ᠎ᠠ︾ ︵ᠳᠣᠷᠣᠭᠰᠢ ︽ᠠᠷᠭ᠎ᠠ︾ ᠭᠡᠵᠦ ᠲᠣᠪᠴᠢᠯᠠᠨ᠎ᠠ︶᠎ ᠶᠢ 2018 ᠣᠨ ᠤ 5 ᠳ᠋ᠤᠭᠠᠷ ᠰᠠᠷ᠎ᠠ ᠶᠢᠨ 11᠎ ᠤ ᠡᠳᠦᠷ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 5 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠭᠦᠯᠵᠦ ᠪᠠᠲᠤᠯᠠᠭᠤᠯᠤᠭᠰᠠᠨ ᠤ ᠬᠠᠮᠲᠤ᠂ 2008 ᠣᠨ ᠤ 8 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠬᠦ ᠪᠠᠷ ᠪᠠᠶᠢᠨ᠎ᠠ᠃      ︽ᠠᠷᠭ᠎ᠠ︾᠎ ᠶᠢ ᠨᠡᠶᠢᠲᠡᠯᠡᠭᠰᠡᠨ ᠨᠢ ᠶᠠᠮᠠᠷ ᠶᠠᠮᠠᠷ ᠴᠢᠭᠯᠡᠯᠲᠦ ᠴᠢᠨᠠᠷᠲᠠᠢ ᠵᠣᠷᠢᠯᠲᠠ ᠪᠠᠶᠢᠬᠤ ᠪᠣᠢ︖ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠶᠠᠮᠠᠷ ᠵᠢᠯᠣᠭᠤᠳᠬᠤ ᠦᠢᠯᠡᠳᠦᠯ ᠲᠠᠢ ᠪᠣᠢ︖ ᠡᠳᠡᠭᠡᠷ ᠠᠰᠠᠭᠤᠳᠠᠯ ᠳᠤ ᠴᠢᠭᠯᠡᠭᠦᠯᠵᠦ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠰᠤᠳᠤᠯᠭᠠᠨ ᠤ ᠲᠠᠰᠤᠭ ᠤᠨ ᠳᠡᠳ᠋ ᠳᠠᠷᠤᠭ᠎ᠠ ᠵᠠᠩ ᠮᠢᠨ ᠡᠨᠡ ᠲᠤᠬᠠᠢ ᠵᠠᠳᠠᠯᠤᠯᠲᠠ ᠬᠢᠵᠡᠢ᠃      ᠰᠤᠷᠪᠤᠯᠵᠢᠯᠠᠭᠴᠢ᠄ ︽ᠠᠷᠭ᠎ᠠ︾᠎ ᠶᠢ ᠨᠡᠶᠢᠲᠡᠯᠡᠭᠰᠡᠨ ᠠᠬᠤᠢ ᠪᠠᠶᠢᠳᠠᠯ ᠨᠢ ᠶᠠᠮᠠᠷ ᠪᠣᠢ︖      ᠵᠠᠩ ᠮᠢᠨ᠄ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠲᠤᠷᠰᠢ᠂ ᠵᠠᠬ᠎ᠠ ᠳᠡᠯᠭᠡᠭᠦᠷ ᠤᠨ ᠠᠵᠤ ᠠᠬᠤᠢ ᠨᠢ ᠲᠥᠯᠥᠪᠯᠡᠭᠡᠲᠦ ᠠᠵᠤ ᠠᠬᠤᠢ ᠶᠢ ᠣᠷᠣᠯᠠᠭᠤᠯᠵᠤ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢᠨ ᠨᠡᠮᠡᠭᠳᠡᠯ ᠢ ᠠᠬᠢᠭᠤᠯᠬᠤ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃ ᠭᠡᠲᠡᠯ᠎ᠡ ᠵᠠᠷᠢᠮ ᠬᠥᠮᠥᠨ ᠬᠤᠪᠢ ᠶᠢᠨ ᠠᠰᠢᠭ ᠲᠤᠰᠠ ᠪᠠᠨ ᠬᠠᠩᠭᠠᠬᠤ ᠶᠢᠨ ᠲᠥᠯᠥᠭᠡ᠂ ᠶᠣᠰᠣ ᠰᠤᠷᠲᠠᠬᠤᠨ ᠢ ᠡᠷᠬᠢᠮᠯᠡᠬᠦ ᠦᠭᠡᠢ᠂ ᠦᠨᠡᠨᠴᠢ ᠢᠲᠡᠭᠡᠮᠵᠢ ᠶᠢ ᠪᠠᠷᠢᠮᠲᠠᠯᠠᠬᠤ ᠦᠭᠡᠢ᠂ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠬᠢᠵᠦ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠡᠪᠳᠡᠨ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠶᠢ ᠬᠤᠬᠢᠷᠠᠭᠤᠯᠵᠤ ᠪᠠᠶᠢᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠳᠤᠮᠳᠠ ᠢᠯᠡᠷᠡᠭᠰᠡᠨ ᠶᠣᠰᠣ ᠰᠤᠷᠲᠠᠬᠤᠨ ᠤ ᠬᠤᠷᠢᠭ᠎ᠠ ᠱᠤᠭᠤᠮ ᠢ ᠳᠠᠪᠠᠭᠰᠠᠨ᠂ ᠬᠠᠤᠯᠢ ᠴᠠᠭᠠᠵᠠ ᠳᠦᠷᠢᠮ ᠲᠣᠭᠲᠠᠭᠠᠯ ᠠᠴᠠ ᠵᠥᠷᠢᠴᠡᠵᠦ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠡᠪᠳᠡᠭᠰᠡᠨ ᠵᠦᠢᠯ ᠵᠦᠢᠯ ᠤᠨ ᠠᠰᠠᠭᠤᠳᠠᠯ ᠨᠢ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠨᠳᠦ ᠨᠣᠴᠢᠲᠠᠢ ᠬᠤᠬᠢᠷᠠᠭᠤᠯᠵᠤ ᠪᠠᠶᠢᠬᠤ ᠪᠠᠷ ᠪᠠᠷᠠᠬᠤ ᠦᠭᠡᠢ᠂ ᠨᠡᠶᠢᠭᠡᠮ ᠤᠨ ᠲᠥᠪ ᠭᠤᠣᠯᠴᠢ ᠶᠢ ᠬᠦᠨᠳᠦ ᠨᠣᠴᠢᠲᠠᠢ ᠬᠤᠬᠢᠷᠠᠭᠤᠯᠤᠨ᠂ ᠠᠷᠠᠳ ᠲᠦᠮᠡᠨ ᠤ ᠠᠰᠢᠭ ᠲᠤᠰᠠ ᠶᠢ ᠬᠤᠬᠢᠷᠠᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠬᠥᠭᠵᠢᠯᠲᠡ ᠶᠢ ᠬᠠᠷᠰᠢᠯᠠᠵᠤ ᠪᠠᠶᠢᠭ᠎ᠠ ᠪᠣᠯᠬᠤᠷ ᠨᠢᠭᠡᠨᠲᠡ ᠡᠷᠬᠡᠪᠰᠢ ᠵᠣᠷᠢᠭ ᠰᠢᠭᠤᠳᠴᠤ ᠵᠠᠰᠠᠨ ᠰᠢᠢᠳᠪᠦᠷᠢᠯᠡᠬᠦ ᠴᠢᠬᠤᠯᠠᠲᠠᠢ ᠬᠡᠮᠵᠢᠶᠡᠨ ᠳᠤ ᠬᠦᠷᠴᠡᠢ᠃      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ᠂ ᠠᠷᠪᠠᠨ ᠳᠣᠯᠣᠳᠤᠭᠠᠷ ᠶᠡᠭᠡ ᠬᠤᠷᠠᠯ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠠᠴᠠ ᠪᠦᠷ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠬᠦ ᠬᠡᠷᠡᠭᠲᠡᠢ ᠭᠡᠵᠦ ᠴᠢᠬᠤᠯᠠᠴᠢᠯᠠᠨ᠂ ᠤᠯᠤᠰ ᠤᠨ ︽12 · 5︾᠎ ᠤᠨ ᠲᠥᠯᠥᠪᠵᠢᠭᠦᠯᠭᠡ ᠶᠢᠨ ᠬᠥᠲᠥᠯᠪᠦᠷᠢ ᠳᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠬᠦ ᠪᠠᠷ ᠴᠢᠬᠤᠯᠠ ᠠᠵᠢᠯ ᠪᠣᠯᠭᠠᠨ᠎ᠠ ᠭᠡᠵᠦ ᠳᠤᠷᠠᠳᠤᠨ ᠭᠠᠷᠭᠠᠪᠠ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠲᠡᠭᠦᠯᠳᠡᠷᠵᠢᠭᠦᠯᠬᠦ ᠶᠢᠨ ᠪᠤᠰᠤᠳᠴᠢ ᠱᠠᠭᠠᠷᠳᠠᠯᠭ᠎ᠠ ᠪᠠᠶᠢᠵᠤ᠂ ᠵᠠᠬ᠎ᠠ ᠳᠡᠯᠭᠡᠭᠦᠷ ᠤᠨ ᠠᠵᠤ ᠠᠬᠤᠢ ᠶᠢᠨ ᠡᠮᠬᠢ ᠳᠢᠭᠯᠢᠮ ᠢ ᠴᠡᠭᠴᠡᠯᠡᠬᠦ ᠪᠠ ᠵᠢᠷᠤᠮᠵᠢᠭᠤᠯᠬᠤ ᠶᠢᠨ ᠦᠨᠳᠦᠰᠦᠨ ᠠᠷᠭ᠎ᠠ ᠪᠣᠳᠣᠯᠭ᠎ᠠ ᠪᠣᠯᠣᠨ᠎ᠠ᠃      ᠰᠤᠷᠪᠤᠯᠵᠢᠯᠠᠭᠴᠢ᠄ ︽ᠠᠷᠭ᠎ᠠ︾᠎ ᠳᠤ ᠶᠠᠮᠠᠷ ᠶᠠᠮᠠᠷ ᠭᠢᠯᠠᠰ ᠴᠡᠭ ᠪᠠᠶᠢᠬᠤ ᠪᠣᠢ︖      ᠵᠠᠩ ᠮᠢᠨ᠄ ︽ᠠᠷᠭ᠎ᠠ︾᠎ ᠳᠤ ᠨᠡᠶᠢᠲᠡ 7 ᠪᠦᠯᠦᠭ 45 ᠵᠦᠢᠯ ᠪᠠᠶᠢᠵᠤ᠂ ᠢᠷᠭᠡᠨ ᠤ ᠬᠡᠷᠡᠭ ᠤᠨ ᠪᠦᠷᠢᠨ ᠠᠵᠢᠯᠯᠠᠭᠠᠨ ᠤ ᠴᠢᠳᠠᠪᠤᠷᠢ ᠲᠠᠢ ᠪᠠᠶᠢᠭᠠᠯᠢᠯᠢᠭ ᠬᠥᠮᠥᠨ᠂ ᠬᠠᠤᠯᠢ ᠶᠢᠨ ᠡᠷᠬᠡᠲᠡᠨ ᠪᠠ ᠬᠠᠤᠯᠢ ᠶᠢᠨ ᠪᠤᠰᠤ ᠡᠷᠬᠡᠲᠡᠨ ᠤ ᠵᠣᠬᠢᠶᠠᠨ ᠪᠠᠶᠢᠭᠤᠯᠤᠯᠲᠠ ᠶᠢᠨ ᠮᠡᠳᠡᠭᠡ ᠵᠠᠩᠭᠢ ᠶᠢ ᠡᠮᠬᠢᠯᠡᠨ ᠴᠤᠭᠯᠠᠭᠤᠯᠬᠤ᠂ ᠮᠡᠳᠡᠭᠡ ᠵᠠᠩᠭᠢ ᠶᠢ ᠨᠡᠶᠢᠲᠡᠯᠡᠬᠦ᠂ ᠮᠡᠳᠡᠭᠡ ᠵᠠᠩᠭᠢ ᠶᠢ ᠬᠡᠷᠡᠭᠯᠡᠬᠦ᠂ ᠡᠷᠬᠡ ᠠᠰᠢᠭ ᠢ ᠬᠠᠮᠠᠭᠠᠯᠠᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠬᠦ ᠭᠡᠬᠦ ᠲᠠᠪᠤᠨ ᠲᠠᠯ᠎ᠠ ᠳᠤ ᠲᠤᠰ ᠲᠤᠰ ᠲᠣᠳᠣᠷᠬᠠᠢ ᠲᠣᠭᠲᠠᠭᠠᠯ ᠭᠠᠷᠭᠠᠪᠠ᠂ ᠵᠢᠱᠢᠶᠡᠯᠡᠪᠡᠯ ᠮᠡᠳᠡᠭᠡ ᠵᠠᠩᠭᠢ ᠶᠢ ᠡᠮᠬᠢᠯᠡᠨ ᠴᠤᠭᠯᠠᠭᠤᠯᠬᠤ ᠶᠠᠪᠤᠴᠠ ᠳᠤ ᠦᠨᠳᠦᠰᠦᠨ ᠮᠡᠳᠡᠭᠡ ᠵᠠᠩᠭᠢ᠂ ᠡᠷᠡᠭᠦᠯ ᠪᠤᠰᠤ ᠮᠡᠳᠡᠭᠡ ᠵᠠᠩᠭᠢ ᠪᠠ ᠡᠷᠡᠭᠦᠯ ᠰᠠᠶᠢᠨ ᠮᠡᠳᠡᠭᠡ ᠵᠠᠩᠭᠢ ᠶᠢᠨ ᠬᠡᠪᠴᠢᠶ᠎ᠡ ᠳᠤ ᠨᠠᠷᠢᠨ ᠲᠣᠳᠣᠷᠬᠠᠢ ᠲᠣᠭᠲᠠᠭᠠᠯ ᠭᠠᠷᠭᠠᠪᠠ᠃ ᠲᠡᠭᠦᠨ ᠤ ᠳᠣᠲᠣᠷ᠎ᠠ ᠨᠡᠩ ᠳᠤᠷᠠᠳᠤᠭᠤᠰᠢᠲᠠᠢ ᠵᠦᠢᠯ ᠭᠡᠪᠡᠯ᠂ ᠲᠤᠰ ᠠᠷᠭ᠎ᠠ ᠳᠤ ᠭᠠᠶᠢᠯᠢ ᠶᠢᠨ ᠵᠣᠭᠤᠰ ᠢᠶᠠᠨ ᠲᠤᠰᠢᠶᠠᠭᠠᠳᠤᠢ ᠮᠡᠳᠡᠭᠡ ᠵᠠᠩᠭᠢ᠂ ᠮᠡᠬᠡᠯᠡᠬᠦ᠂ ᠭᠡᠷᠡᠴᠢᠯᠡᠬᠦ ᠮᠠᠲ᠋ᠧᠷᠢᠶᠠᠯ ᠢᠶᠠᠨ ᠬᠠᠭᠤᠷᠮᠠᠭᠯᠠᠨ ᠵᠣᠬᠢᠶᠠᠬᠤ ᠪᠤᠶᠤ ᠪᠤᠰᠤᠳ ᠠᠷᠭ᠎ᠠ ᠠᠪᠴᠢᠯ ᠢᠶᠠᠷ ᠨᠡᠶᠢᠭᠡᠮ ᠤᠨ ᠪᠠᠲᠤᠯᠠᠭ᠎ᠠ ᠶᠢᠨ ᠬᠠᠷᠠᠭᠠᠯᠵᠠᠯ ᠢ ᠮᠡᠬᠡᠯᠡᠨ ᠠᠪᠤᠰᠠᠨ ᠮᠡᠳᠡᠭᠡ ᠵᠠᠩᠭᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠵᠠᠮ ᠬᠠᠷᠢᠯᠴᠠᠭᠠᠨ ᠤ ᠬᠠᠤᠯᠢ ᠴᠠᠭᠠᠵᠠ ᠠᠴᠠ ᠬᠦᠨᠳᠦ ᠨᠣᠴᠢᠲᠠᠢ ᠵᠥᠷᠢᠴᠡᠭᠰᠡᠨ ᠢᠶᠠᠷ ᠨᠤᠲᠠᠯᠠᠭᠳᠠᠭᠰᠠᠨ ᠮᠡᠳᠡᠭᠡ ᠵᠠᠩᠭᠢ᠂ ᠤᠯᠤᠰ ᠪᠠ ᠥᠪᠡᠷᠲᠡᠭᠡᠨ ᠵᠠᠰᠠᠬᠤ ᠣᠷᠣᠨ ᠠᠴᠠ ᠵᠣᠬᠢᠶᠠᠨ ᠪᠠᠶᠢᠭᠤᠯᠤᠭᠰᠠᠨ ᠨᠢᠭᠡᠳᠦᠯᠲᠡᠢ ᠰᠢᠯᠭᠠᠯᠲᠠ ᠳᠤ ᠣᠷᠣᠯᠴᠠᠵᠤ ᠭᠡᠮ ᠬᠢᠭᠰᠡᠨ ᠮᠡᠳᠡᠭᠡ ᠵᠠᠩᠭᠢ ᠶᠢ ᠪᠦᠷ ᠡᠷᠡᠭᠦᠯ ᠪᠤᠰᠤ ᠮᠡᠳᠡᠭᠡ ᠵᠠᠩᠭᠢ ᠶᠢᠨ ᠡᠮᠬᠢᠯᠡᠨ ᠴᠤᠭᠯᠠᠭᠤᠯᠬᠤ ᠬᠡᠪᠴᠢᠶ᠎ᠡ ᠳᠤ ᠣᠷᠣᠭᠤᠯᠵᠠᠢ᠃      ᠰᠤᠷᠪᠤᠯᠵᠢᠯᠠᠭᠴᠢ᠄ ︽ᠠᠷᠭ᠎ᠠ︾᠎ ᠶᠢ ᠬᠡᠷᠡᠭᠵᠢᠭᠦᠯᠦᠭᠰᠡᠨ ᠨᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠳᠤ ᠶᠠᠮᠠᠷ ᠠᠴᠢ ᠬᠤᠯᠪᠣᠭᠳᠠᠯ ᠲᠠᠢ ᠪᠣᠢ︖      ᠵᠠᠩ ᠮᠢᠨ᠄ ︽ᠠᠷᠭ᠎ᠠ︾᠎ ᠶᠢ ᠬᠡᠷᠡᠭᠵᠢᠭᠦᠯᠦᠭᠰᠡᠨ ᠤ ᠳᠠᠷᠠᠭ᠎ᠠ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠶᠢᠨ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠨᠡᠷᠡᠰ ᠢᠶᠠᠷ ᠵᠢᠭᠰᠠᠭᠠᠭᠳᠠᠭᠰᠠᠨ ᠮᠡᠳᠡᠭᠡ ᠵᠠᠩᠭᠢ ᠶᠢᠨ ᠭᠤᠣᠯ ᠴᠣᠭᠴᠠ ᠳᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠬ᠎ᠠ ᠳᠡᠯᠭᠡᠭᠦᠷ ᠪᠠ ᠠᠵᠢᠯ ᠲᠥᠷᠥᠯ ᠳᠤ ᠣᠷᠣᠬᠤ ᠶᠢ ᠴᠠᠭᠠᠵᠠᠯᠠᠬᠤ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ ᠬᠡᠷᠡᠭᠵᠢᠭᠦᠯᠵᠦ ᠪᠣᠯᠣᠨ᠎ᠠ︔ ᠰᠢᠨ᠎ᠡ ᠪᠠᠷ ᠨᠡᠮᠡᠭᠳᠡᠭᠰᠡᠨ ᠲᠥᠷᠥᠯ ᠵᠦᠢᠯ ᠢ ᠬᠢᠨᠠᠨ ᠵᠥᠪᠰᠢᠶᠡᠷᠡᠬᠦ ᠪᠠ ᠬᠠᠷᠭᠤᠭᠤᠯᠤᠨ ᠵᠥᠪᠰᠢᠶᠡᠷᠡᠬᠦ ᠶᠢ ᠬᠢᠵᠠᠭᠠᠷᠯᠠᠨ᠎ᠠ︔ ᠰᠠᠭᠤᠷᠢ ᠪᠡᠯᠡᠳᠬᠡᠮᠵᠢ ᠪᠠ ᠨᠡᠶᠢᠲᠡ ᠶᠢᠨ ᠬᠡᠷᠡᠭᠯᠡᠭᠡᠨ ᠤ ᠦᠢᠯᠡᠰ ᠤᠨ ᠣᠨᠴᠠ ᠵᠥᠪᠰᠢᠶᠡᠷᠡᠭᠰᠡᠨ ᠡᠵᠡᠩᠨᠡᠯᠲᠡ ᠳᠤ ᠣᠷᠣᠯᠴᠠᠬᠤ ᠶᠢ ᠬᠢᠵᠠᠭᠠᠷᠯᠠᠨ᠎ᠠ︔ ᠡᠳ᠋ ᠤᠨ ᠵᠠᠰᠠᠭ ᠤᠨ ᠴᠢᠨᠠᠷᠲᠠᠢ ᠪᠡᠯᠡ ᠮᠥᠩᠭᠦ ᠶᠢᠨ ᠲᠥᠷᠥᠯ ᠵᠦᠢᠯ ᠢ ᠭᠤᠶᠤᠴᠢᠯᠠᠬᠤ ᠶᠢ ᠬᠢᠵᠠᠭᠠᠷᠯᠠᠨ᠎ᠠ︔ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ ᠰᠣᠯᠢᠯᠴᠠᠭᠠᠨ ᠤ ᠠᠵᠢᠯᠯᠠᠭ᠎ᠠ ᠳᠤ ᠣᠷᠣᠯᠴᠠᠬᠤ ᠶᠢ ᠬᠢᠵᠠᠭᠠᠷᠯᠠᠨ᠎ᠠ︔ ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠵᠠᠯᠬᠠᠭᠠᠨ ᠰᠢᠳᠬᠡᠬᠦ ᠠᠷᠭ᠎ᠠ ᠬᠡᠮᠵᠢᠶ᠎ᠡ ᠶᠢ ᠠᠪᠴᠤ ᠪᠣᠯᠬᠤ ᠠᠷᠭ᠎ᠠ ᠬᠡᠯᠪᠡᠷᠢ ᠪᠠᠷ ᠵᠠᠯᠬᠠᠭᠠᠨ ᠰᠢᠳᠬᠡᠵᠦ ᠪᠣᠯᠣᠨ᠎ᠠ᠃ ᠡᠳᠡᠭᠡᠷ ᠨᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢ ᠪᠠᠶᠢᠭᠤᠯᠬᠤ ᠶᠢᠨ ᠴᠢᠬᠤᠯᠠ ᠬᠠᠮᠢᠶᠠᠷᠤᠯᠲᠠ ᠶᠢᠨ ᠦᠨᠳᠦᠰᠦᠯᠡᠯ ᠪᠣᠯᠣᠭᠰᠠᠨ ᠤ ᠬᠤᠪᠢ ᠳᠤ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠭᠤᠣᠯ ᠴᠣᠭᠴᠠ ᠶᠢᠨ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠨᠢ ᠴᠢᠩᠭᠠᠷᠠᠭᠤᠯᠤᠨ᠂ ᠮᠥᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠰᠡᠷᠡᠮᠵᠢᠯᠡᠭᠦᠯᠵᠦ᠂ ᠢᠲᠡᠭᠡᠮᠵᠢ ᠶᠢᠨ ᠰᠢᠯᠢᠳᠡᠭ ᠰᠠᠶᠢᠨ ᠣᠷᠴᠢᠨ ᠲᠣᠭᠤᠷᠢᠨ ᠢ ᠪᠣᠢ ᠪᠣᠯᠭᠠᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃      ᠰᠤᠷᠪᠤᠯᠵᠢᠯᠠᠭᠴᠢ᠄ ︽ᠠᠷᠭ᠎ᠠ︾᠎ ᠶᠢ ᠬᠡᠷᠡᠭᠵᠢᠭᠦᠯᠦᠭᠰᠡᠨ ᠨᠢ ᠬᠤᠪᠢ ᠬᠥᠮᠥᠨ ᠤ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠳᠤ ᠶᠠᠮᠠᠷ ᠨᠥᠯᠥᠭᠡ ᠲᠠᠢ ᠪᠣᠢ︖      ᠵᠠᠩ ᠮᠢᠨ᠄ ︽ᠠᠷᠭ᠎ᠠ︾᠎ ᠳᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠶᠢᠨ ᠬᠦᠨᠳᠦ ᠨᠣᠴᠢᠲᠠᠢ ᠢᠲᠡᠭᠡᠮᠵᠢ ᠠᠯᠳᠠᠭᠰᠠᠨ ᠨᠡᠷᠡᠰ ᠢᠶᠠᠷ ᠵᠢᠭᠰᠠᠭᠠᠭᠳᠠᠭᠰᠠᠨ ᠪᠠᠶᠢᠭᠠᠯᠢᠯᠢᠭ ᠬᠥᠮᠥᠨ ᠤ ᠶᠠᠮᠠᠷᠪᠠ ᠬᠢᠷᠢ ᠭᠡᠮ ᠢ ᠨᠢ ᠬᠢᠵᠠᠭᠠᠷᠯᠠᠵᠤ ᠪᠣᠯᠣᠨ᠎ᠠ︔ ᠥᠨᠳᠥᠷ ᠬᠡᠷᠡᠭᠯᠡᠭᠡ ᠶᠢᠨ ᠠᠵᠢᠯᠯᠠᠭ᠎ᠠ ᠶᠢ ᠨᠢ ᠬᠢᠵᠠᠭᠠᠷᠯᠠᠨ᠎ᠠ︔ ᠢᠷᠠᠭᠤ ᠠᠯᠳᠠᠷ ᠤᠨ ᠴᠣᠯᠠ ᠶᠢ ᠨᠢ ᠬᠦᠴᠦᠨ ᠦᠭᠡᠢ ᠪᠣᠯᠭᠠᠵᠤ᠂ ᠲᠡᠷᠢᠭᠦᠨ ᠤ ᠬᠢ ᠪᠠᠷ ᠰᠣᠩᠭᠤᠭᠳᠠᠵᠤ ᠰᠢᠯᠢᠳᠡᠭ ᠢᠶᠠᠷ ᠦᠨᠡᠯᠡᠭᠳᠡᠬᠦ ᠬᠢᠷᠢ ᠭᠡᠮ ᠢ ᠨᠢ ᠦᠭᠡᠶᠢᠰᠬᠡᠨ᠎ᠡ ᠭᠡᠬᠦ ᠮᠡᠲᠦ ᠪᠠᠷ ᠲᠣᠭᠲᠠᠭᠠᠵᠠᠢ᠃ ᠡᠨᠡ ᠨᠢ ᠦᠨᠡᠨᠴᠢ ᠢᠲᠡᠭᠡᠮᠵᠢ ᠶᠢᠨ ᠠᠰᠠᠭᠤᠳᠠᠯ ᠣᠷᠣᠰᠢᠵᠤ ᠪᠠᠶᠢᠭ᠎ᠠ ︽ᠯᠤᠶᠢᠪᠠᠷᠴᠢᠳ︾᠎ ᠢ ᠵᠠᠯᠬᠠᠭᠠᠨ ᠰᠢᠳᠬᠡᠬᠦ ᠠᠷᠭ᠎ᠠ ᠪᠠ ᠦᠨᠳᠦᠰᠦᠯᠡᠯ ᠬᠠᠩᠭᠠᠵᠤ᠂ ᠶᠣᠰᠣ ᠰᠤᠷᠲᠠᠬᠤᠨ ᠤ ᠪᠠᠶᠢᠭᠤᠯᠤᠯᠲᠠ ᠶᠢ ᠴᠢᠩᠭᠠᠳᠬᠠᠨ᠂ ᠬᠤᠪᠢ ᠬᠥᠮᠥᠨ ᠤ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠰᠢᠰᠲ᠋ᠧᠮᠵᠢ ᠶᠢ ᠪᠦᠷᠢᠯᠳᠦᠭᠦᠯᠬᠦ ᠳᠤ ᠪᠦᠷ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号