ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/7/17
     7 ᠳ᠋ᠤᠭᠠᠷ ᠰᠠᠷ᠎ᠠ ᠶᠢᠨ 19 ᠤ ᠡᠳᠦᠷ ᠤᠨ ᠦᠳᠡ ᠶᠢᠨ ᠡᠮᠤᠨ᠎ᠠ᠂ ᠦᠪᠡᠷᠳᠡᠬᠡᠨ ᠵᠠᠰᠠᠬᠤ ᠤᠷᠤᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ ᠶᠢ ᠠᠬᠢᠭᠤᠯᠬᠤ ᠬᠤᠷᠠᠯ ᠬᠤᠷᠠᠯᠳᠤᠪᠠ᠃ ᠦᠪᠡᠷᠳᠡᠬᠡᠨ ᠵᠠᠰᠠᠬᠤ ᠤᠷᠤᠨ ᠤ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ᠂ ᠨᠠᠮ ᠤᠨ ᠬᠤᠷᠢᠶ᠎ᠠ ᠶᠢᠨ ᠤᠯᠤᠰ ᠳᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠡ ᠬᠤᠷᠠᠯ ᠡᠷᠬᠢᠯᠡᠨ ᠶᠠᠷᠢᠶ᠎ᠠ ᠲᠠᠯᠪᠢᠪᠠ᠃ ᠳᠡᠷᠡ ᠴᠢᠬᠤᠯᠠᠴᠢᠯᠠᠭᠰᠠᠨ ᠨᠢ᠂ ᠡᠷᠬᠡᠪᠰᠢ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠵᠦ᠂ ᠶᠡᠷᠦᠩᠬᠡᠢ ᠱᠦᠵᠢ ᠰᠢ ᠶᠢᠨ ᠫᠢᠩ ᠤᠨ ᠬᠠᠤᠯᠢ ᠴᠠᠭᠠᠵᠠ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠳᠤᠬᠠᠢ ᠴᠢᠬᠤᠯᠠ ᠵᠢᠭᠠᠪᠤᠷᠢ ᠨᠤᠭᠤᠳ ᠤᠨ ᠵᠤᠷᠢᠬ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠵᠤ᠂ ᠤᠯᠤᠰ ᠳᠦᠷᠦ ᠶᠢᠨ ᠵᠤᠬᠰᠤᠴᠠ ᠪᠠᠨ ᠴᠢᠨᠠᠬᠰᠢᠳᠠ ᠳᠡᠬᠡᠭᠰᠢᠯᠡᠬᠦᠯᠵᠦ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠨᠡᠩ ᠢᠯᠡᠬᠦᠦ ᠳᠤᠪᠤᠶᠢᠯᠭᠠᠵᠦ᠂ ᠨᠡᠩ ᠦᠨᠳᠦᠷ ᠱᠠᠳᠤ ᠳᠠᠪᠬᠤᠷᠭ᠎ᠠ ᠠᠴᠠ ᠬᠠᠤᠯᠢ ᠴᠠᠭᠠᠵᠠ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠰᠢᠰᠲ᠋ᠧᠮ ᠲᠠᠢ ᠤᠬᠠᠭᠠᠯᠠᠨ ᠨᠢᠬᠡᠳᠦᠯᠳᠡᠢ ᠳᠦᠯᠦᠪᠵᠢᠬᠦᠯᠦᠨ ᠠᠬᠢᠭᠤᠯᠵᠦ᠂ ᠳᠦᠪ  ᠤᠨ ᠦᠬᠡᠷᠡᠴᠢᠯᠡᠯᠳᠡ ᠶᠢᠨ ᠱᠠᠭᠠᠷᠳᠠᠯᠭ᠎ᠠ ᠶᠢ ᠳᠡᠷᠡ ᠴᠢᠭ᠋ ᠢᠶᠠᠷ ᠨᠢ ᠲᠤᠤᠱᠯᠠᠭᠤᠯᠤᠨ ᠬᠡᠷᠡᠭᠵᠢᠬᠦᠯᠬᠦ ᠶᠢ ᠦᠨᠡᠨ ᠬᠦ ᠪᠠᠳᠤᠯᠠᠵᠦ᠂ ᠪᠦᠬᠦ ᠤᠷᠤᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠦᠷᠬᠦᠯᠵᠢᠯᠡᠨ ᠬᠦᠨᠵᠡᠬᠡᠶᠢᠷᠡᠬᠦᠯᠦᠨ ᠠᠬᠢᠭᠤᠯᠬᠤ ᠶᠢ ᠦᠨᠡᠨ ᠬᠦ ᠪᠠᠳᠤᠯᠠᠬᠤ ᠬᠡᠷᠡᠭᠳᠡᠢ ᠬᠡᠪᠠ᠃      ᠦᠪᠡᠷᠳᠡᠬᠡᠨ ᠵᠠᠰᠠᠬᠤ ᠤᠷᠤᠨ ᠤ ᠳᠡᠳ᠋ ᠳᠡᠷᠢᠬᠦᠯᠡᠭᠴᠢ᠂ ᠳᠤᠳᠤᠭᠠᠳᠤ ᠶᠢ ᠬᠠᠮᠠᠭᠠᠯᠠᠬᠤ ᠳᠢᠩᠬᠢᠮ ᠤᠨ ᠳᠠᠷᠤᠭ᠎ᠠ ᠶᠠᠩ ᠸᠧᠢ ᠳ᠋ᠦᠩ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠬᠡ ᠶᠢᠨ ᠰᠢᠬᠦᠬᠦ ᠬᠤᠷᠢᠶ᠎ᠠ ᠶᠢᠨ ᠳᠠᠷᠤᠭ᠎ᠠ ᠶᠠᠩ ᠽᠦᠩ ᠷᠸᠠ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠤᠷᠤᠯᠴᠠᠵᠠᠢ᠃      ᠯᠢ ᠵᠢᠶᠠ ᠵᠢᠭᠠᠵᠤ ᠭᠠᠷᠭᠠᠭᠰᠠᠨ ᠨᠢ᠂ ᠮᠠᠠ ᠤ ᠤᠷᠤᠨ ᠤ ᠬᠠᠤᠯᠢ ᠴᠠᠭᠠᠵᠠ ᠶᠢᠨ ᠪᠠᠶᠢᠭᠤᠯᠤᠯ ᠤᠨ ᠦᠭᠡᠷᠡᠴᠢᠯᠡᠯᠲᠡ ᠶᠢ ᠤᠲᠤᠬᠠᠠ ᠤ ᠱᠠᠲᠤᠨ ᠳᠤ ᠬᠦᠷᠲᠡᠯ᠎ᠠ ᠠᠬᠢᠭᠤᠯᠵᠤ᠂ ᠦᠯᠡᠲᠡᠭᠰᠡᠡ ᠨᠢ ᠪᠦᠷ ᠰᠢᠢᠳᠪᠦᠷᠢᠯᠡᠬᠦ ᠳᠤ ᠬᠦᠴᠢᠷ ᠲᠦᠪᠡᠭᠳᠡᠢ ᠠᠰᠠᠭᠤᠲᠠᠯ ᠤᠳ ᠪᠤᠯᠤᠨ᠎ᠠ᠃ ᠦᠭᠡᠷᠡᠴᠢᠯᠡᠯᠲᠡ ᠶᠢᠨ ᠡᠮᠦᠨ᠎ᠠ ᠬᠠᠷᠢᠭᠤᠴᠠᠯᠭ᠎ᠠ ᠡᠭᠦᠷᠭᠡᠯᠡᠯ ᠢ ᠦᠵᠡᠵᠤ᠂ ᠤᠯᠤᠰ ᠲᠦᠷᠦ ᠬᠠᠤᠯᠢ ᠴᠠᠭᠠᠵᠠ ᠶᠢᠨ ᠡᠯ᠎ᠠ ᠰᠠᠯᠠᠭ᠎ᠠ ᠮᠦᠴᠢᠷ ᠤᠳ ︽ᠲᠦᠷᠪᠠᠠ ᠤᠬᠠᠮᠰᠠᠷ︾ ᠢ ᠪᠠᠲᠤ ᠪᠤᠢ ᠪᠤᠯᠭᠠᠠ᠂ ᠭᠤᠤᠯᠲᠠᠯᠭ᠎ᠠ ᠲᠠᠢ ᠲᠦᠪᠡᠭᠲᠠᠢ ᠡᠬᠦᠷᠭᠡ ᠳᠤ ᠴᠢᠭᠯᠡᠭᠦᠯᠦᠨ ᠬᠦᠴᠤᠨ ᠢᠶᠠᠨ ᠲᠦᠪᠯᠡᠷᠡᠭᠦᠯᠦᠨ ᠰᠢᠪᠲᠤᠯᠤᠯᠲᠠ ᠬᠢᠵᠦ᠂ ᠠᠯᠢ ᠲᠦᠷᠬᠡᠨ ᠢᠶᠠᠷ ᠨᠢᠬᠡ ᠪᠦᠯᠦᠭ ᠪᠡᠯᠭᠡ ᠲᠡᠮᠲᠡᠭ ᠤᠨ ᠴᠢᠨᠠᠷᠲᠠᠢ᠂ ᠲᠤᠯᠭᠠᠭᠤᠷᠢᠯᠠᠬᠤ ᠴᠢᠨᠠᠷᠲᠠᠢ ᠦᠭᠡᠷᠡᠴᠢᠯᠡᠯᠲᠡ ᠶᠢᠨ ᠦᠷ᠎ᠠ ᠪᠦᠲᠦᠮᠵᠢ ᠶᠢ ᠭᠠᠷᠭᠠᠬᠤ ᠭᠡᠷᠡᠭᠲᠡᠢ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠦᠷᠢᠮ ᠢ ᠨᠡᠶᠢᠲᠠᠪᠤᠷᠢᠵᠢᠭᠤᠯᠬᠤ ᠲᠤᠭᠤᠷᠢᠨ ᠳᠤ ᠲᠡᠮᠲᠡᠭᠯᠡᠭᠴᠢ ᠲᠤᠲᠠᠵᠦ ᠪᠠᠶᠢᠬᠤ᠂ ᠬᠠᠤᠯᠢ ᠴᠠᠭᠠᠵᠠ ᠶᠢᠨ ᠲᠤᠬᠠᠶᠢᠯᠠᠭᠰᠠᠠ ᠠᠵᠢᠯ ᠤᠨ ᠪᠠᠲᠤᠯᠠᠭ᠎ᠠ᠂ ᠲᠤᠲᠤᠭᠠᠲᠤ ᠳᠠᠭᠠᠨ ᠭᠠᠷᠭᠠᠭᠰᠠᠨ ᠪᠠᠶᠢᠭᠤᠯᠤᠮᠵᠢ ᠶᠢᠨ ᠦᠭᠡᠷᠡᠴᠢᠯᠡᠯᠲᠡ ᠪᠠ ᠪᠦᠯᠬᠦᠮ ᠨᠢᠭᠡᠴᠡ ᠶᠢᠨ ᠪᠠᠶᠢᠭᠤᠯᠤᠯᠲᠠ᠂ ᠰᠢᠨ᠎ᠠ ᠬᠡᠯᠪᠡᠷᠢ  ᠶᠢᠨ ᠭᠡᠷᠡᠭ ᠰᠢᠢᠳᠪᠦᠷᠢᠯᠡᠬᠦ ᠬᠠᠮᠢᠶᠠᠷᠤᠯᠲᠠ ᠬᠢᠨᠠᠯᠲᠠ ᠲᠠᠯᠪᠢᠯᠲᠠ ᠶᠢᠨ ᠲᠤᠭᠲᠠᠴᠠ ᠵᠡᠷᠭᠡ ᠲᠠᠯ᠎ᠠ ᠪᠠᠷ ᠤᠷᠤᠰᠢᠵᠦ ᠪᠠᠶᠢᠭ᠎ᠠ ᠲᠤᠪᠤᠶᠢᠮ᠎ᠠ ᠠᠰᠠᠭᠤᠲᠠᠯ ᠢ ᠬᠦᠴᠤ ᠤᠷᠤᠭᠤᠯᠤᠨ ᠰᠢᠢᠳᠪᠦᠷᠢᠯᠡᠵᠦ᠂ ᠡᠯ᠎ᠠ ᠵᠦᠢᠯ ᠤᠨ ᠶᠡᠷᠦᠩᠭᠡᠶᠢᠯᠡᠭᠰᠡᠡ ᠢᠵᠢ ᠪᠦᠷᠢᠲᠦᠭᠰᠡᠡ ᠦᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠬᠡᠷᠡᠭᠲᠡᠢ᠃ ᠵᠢᠯ ᠤᠨ ᠠᠵᠢᠯ ᠤᠨ ᠴᠢᠬᠤᠯᠠ ᠵᠦᠢᠯ ᠪᠤᠯᠤᠨ ᠦᠭᠡᠷᠡᠴᠢᠯᠡᠯᠲᠡ ᠶᠢᠨ ᠡᠭᠡ ᠲᠠᠩᠰᠠ ᠶᠢ ᠬᠠᠷᠭᠤᠭᠤᠯᠵᠤ᠂ ᠬᠠᠷᠢᠭᠤᠴᠠᠯᠭ᠎ᠠ ᠶᠢᠨ ᠭᠤᠤᠯ ᠴᠤᠭᠴᠠ ᠪᠤᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠡᠵᠡᠮᠲᠡᠡ᠂ ᠰᠢᠮᠳᠠᠭᠤᠯᠤᠨ ᠪᠠᠶᠢᠴᠠᠭᠠᠵᠦ ᠰᠢᠮᠳᠠᠭᠤᠯᠤᠨ ᠬᠦᠢᠴᠡᠳᠬᠡᠬᠦᠯᠬᠦ ᠪᠠ ᠬᠠᠷᠢᠭᠤᠴᠠᠯᠭ᠎ᠠ ᠶᠢ ᠨᠠᠶᠢᠲᠠᠪᠤᠷᠢᠵᠢᠭᠤᠯᠬᠤ ᠶᠢ ᠬᠦᠴᠤᠲᠠᠢ ᠠᠳᠬᠤᠵᠦ᠂ ᠲᠦᠪ ᠤᠨ ᠱᠠᠭᠠᠷᠲᠠᠯᠭ᠎ᠠ ᠶᠤᠰᠤᠭᠠᠷ ᠦᠭᠡᠷᠡᠴᠢᠯᠡᠯᠲᠡ ᠶᠢᠨ ᠡᠬᠦᠷᠭᠡ ᠶᠢ ᠪᠤᠲᠠᠲᠠᠢ ᠨᠠᠶᠢᠲᠠᠪᠤᠷᠢᠵᠢᠭᠤᠯᠵᠦ ᠨᠢᠮᠪᠠᠢ ᠨᠠᠶᠢᠲᠠᠪᠤᠷᠢᠵᠢᠭᠤᠯᠬᠤ ᠬᠡᠷᠡᠭᠲᠡᠢ᠃ ᠦᠭᠡᠷᠡᠴᠢᠯᠡᠯᠲᠡ ᠶᠢᠨ ᠲᠤᠷᠰᠢᠯᠭ᠎ᠠ ᠶᠢ ᠳ᠋ᠦᠩᠨᠡᠬᠦ ᠪᠠ ᠠᠮᠵᠢᠯᠲᠠ ᠶᠢ ᠭᠡᠷᠡᠭᠯᠡᠵᠤ ᠤᠯᠠᠷᠢᠭᠤᠯᠬᠤ ᠶᠢ ᠴᠢᠩᠭᠠᠳᠬᠠᠨ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠬᠦᠨᠵᠡᠭᠡᠶᠢᠷᠡᠭᠦᠯᠬᠦ ᠬᠡᠷᠡᠭᠲᠡᠢ ᠭᠡᠵᠠᠢ᠃      ᠯᠢ ᠵᠢᠶᠠ ᠴᠢᠬᠤᠯᠠᠴᠢᠯᠠᠭᠰᠠᠨ ᠨᠢ᠂ ᠪᠦᠬᠦ ᠤᠷᠤᠨ ᠤ ᠡᠯ᠎ᠠ ᠱᠠᠲᠤᠠ ᠤ ᠤᠯᠤᠰ ᠲᠦᠷᠦ ᠬᠠᠤᠯᠢ ᠴᠠᠭᠠᠵᠠ  ᠶᠢᠨ ᠪᠠᠶᠢᠭᠤᠯᠭ᠎ᠠ ᠤᠯᠤᠰ ᠤᠨ ᠬᠢᠨᠠᠠ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠲᠡ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠵᠦ᠂ ᠭᠡᠷᠡᠭ ᠪᠤᠯᠤᠨ ᠠᠰᠠᠭᠤᠲᠠᠯ ᠤᠨ ᠰᠦᠪᠡᠭᠴᠢ  ᠶᠢ ᠵᠠᠷᠯᠠᠵᠦ ᠰᠢᠯᠵᠢᠭᠦᠯᠦᠨ ᠬᠦᠷᠭᠡᠬᠦ᠂ ᠬᠠᠮᠵᠢᠯᠴᠠᠵᠦ ᠭᠡᠷᠡᠭ ᠰᠢᠢᠳᠪᠦᠷᠢᠯᠡᠬᠦ ᠲᠤᠭᠲᠠᠴᠠ ᠶᠢ ᠪᠠᠶᠢᠭᠤᠯᠤᠨ ᠲᠡᠭᠦᠯᠲᠡᠷᠵᠢᠭᠦᠯᠬᠦ᠂ ᠦᠯᠡᠲᠡᠭᠡᠡ ᠬᠤᠴᠤᠷᠭᠠᠬᠤ ᠲᠠᠯᠠᠪᠤᠷ ᠭᠠᠵᠠᠷ ᠪᠤᠯᠤᠨ ᠵᠢᠩᠬᠢᠨᠢᠵᠢᠭᠰᠡᠨ ᠲᠤᠰᠬᠠᠶᠢᠵᠢᠭᠰᠠᠨ ᠰᠠᠬᠢᠨ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠵᠡᠷᠭᠡ ᠭᠤᠤᠯᠲᠠᠯᠭ᠎ᠠ ᠲᠠᠢ ᠠᠵᠢᠯ ᠢ ᠲᠦᠷᠭᠡᠳᠬᠡᠡ ᠠᠬᠢᠭᠤᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠠ ᠪᠠᠶᠢᠴᠠᠭᠠᠬᠤ ᠪᠠᠶᠢᠭᠤᠯᠭ᠎ᠠ ᠯᠤᠭ᠎ᠠ ᠶᠢᠨ ᠬᠠᠮᠵᠢᠯᠴᠠᠭ᠎ᠠ ᠪᠠᠨ ᠦᠷᠭᠦᠯᠵᠢᠯᠡᠡ ᠴᠢᠩᠭᠠᠳᠬᠠᠵᠦ᠂ ᠦᠭᠡᠷᠡᠴᠢᠯᠡᠯᠲᠡ ᠶᠢ ᠠᠬᠢᠭᠤᠯᠬᠤ ᠬᠦᠴᠦᠷᠭᠡᠭ ᠶᠡᠭᠡ ᠬᠠᠮᠳᠤᠷᠠᠯ ᠬᠦᠴᠤᠨ ᠢ ᠪᠦᠷᠢᠯᠲᠦᠭᠦᠯᠵᠦ᠂ ᠬᠢᠨᠠᠠ ᠪᠠᠶᠢᠴᠠᠭᠠᠬᠤ ᠪᠠᠶᠢᠭᠤᠯᠤᠯ ᠤᠨ ᠦᠭᠡᠷᠡᠴᠢᠯᠡᠯᠲᠡ ᠶᠢ ᠴᠢᠨᠠᠭᠰᠢᠲᠠ ᠬᠦᠨᠵᠡᠭᠡᠶᠢᠷᠡᠭᠦᠯᠬᠦ ᠬᠡᠷᠡᠭᠲᠡᠢ ᠭᠡᠪᠠ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号