ᠲᠦᠩᠯᠢᠶᠣᠤ ᠬᠤᠲᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ︽ᠬᠤᠶᠠᠷ ᠢ ᠬᠡᠯᠲᠦᠷᠢᠭᠦᠯᠵᠦ ᠬᠤᠶᠠᠷ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢ ᠡᠮᠬᠢ ᠵᠢᠷᠤᠮ ᠲᠠᠢ ᠪᠠᠷ ᠲᠥᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/7/18
       ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠣᠰᠣᠭᠠᠷ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠭᠴᠢᠳ ᠤᠨ ᠰᠤᠷᠤᠯᠭ᠎ᠠ ᠶᠢᠨ ᠠᠷᠰᠠᠷ ᠰᠦᠢᠳᠬᠡᠯ ᠢ ᠬᠡᠯᠲᠦᠷᠢᠭᠦᠯᠬᠦ᠂ ᠰᠦᠢᠳᠬᠡᠯ ᠬᠤᠷᠢᠶᠠᠬᠤ ᠦᠭᠡᠢ ᠪᠠᠷ ᠬᠢᠴᠢᠶᠡᠯ ᠤᠨ ᠪᠢᠴᠢᠭ ᠬᠠᠩᠭᠠᠬᠤ᠂ ᠭᠡᠷ ᠤᠨ ᠠᠵᠤ ᠠᠮᠢᠳᠤᠷᠠᠯ ᠨᠢ ᠬᠦᠴᠢᠷᠳᠡᠯ ᠲᠠᠢ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠨᠥᠬᠦᠪᠥᠷᠢ ᠣᠯᠭᠤᠬᠤ ︵ᠬᠤᠶᠠᠷ ᠢ ᠬᠡᠯᠲᠦᠷᠢᠭᠦᠯᠵᠦ ᠨᠢᠭᠡ ᠶᠢ ᠨᠥᠬᠦᠪᠥᠷᠢᠯᠡᠬᠦ︶᠎ ᠶᠢ ᠨᠢᠭᠡᠳᠦᠯᠲᠡᠶ ᠬᠡᠷᠡᠭᠵᠢᠭᠦᠯᠬᠦ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠤ ᠪᠤᠰᠤᠳ ᠪᠠᠶᠢᠷᠢ ᠳᠤ ᠰᠠᠭᠤᠭ᠎ᠠ ᠰᠤᠷᠤᠭᠴᠢ ᠶᠢᠨ ᠪᠠᠶᠢᠷᠢ ᠶᠢᠨ ᠰᠦᠢᠳᠬᠡᠯ ᠤᠨ ᠨᠥᠬᠦᠪᠥᠷᠢ ᠶᠢ ᠵᠠᠰᠠᠭ ᠤᠨ ᠣᠷᠳᠣᠨ ᠠᠴᠠ ᠥᠭᠬᠦ ᠶᠢ ᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠬᠦᠷᠲᠡᠯ᠎ᠡ ᠥᠷᠭᠡᠳᠬᠡᠵᠦ᠂ ᠪᠠᠶᠢᠷᠢ ᠳᠤ ᠰᠠᠭᠤᠭ᠎ᠠ ᠰᠤᠷᠤᠭᠴᠢ ᠳᠤ ᠪᠠᠶᠢᠷᠢ ᠶᠢᠨ ᠰᠦᠢᠳᠬᠡᠯ ᠤᠨ ᠨᠥᠬᠦᠪᠥᠷᠢ ᠥᠭᠬᠦ ᠲᠦᠷᠦ ᠶᠢᠨ ᠪᠤᠳᠤᠯᠭ᠎ᠠ ︵︽ᠬᠤᠶᠠᠷ ᠢ ᠬᠡᠯᠲᠦᠷᠢᠭᠦᠯᠵᠦ ᠬᠤᠶᠠᠷ ᠨᠥᠬᠦᠪᠥᠷᠢᠯᠡᠬᠦ︾︶᠎ ᠶᠢ ᠨᠢᠭᠡᠳᠦᠯᠲᠡᠶ ᠬᠡᠷᠡᠭᠵᠢᠭᠦᠯᠪᠡ᠃ ᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠠᠷᠰᠠᠷ ᠰᠦᠢᠳᠬᠡᠯ ᠢ ᠬᠡᠯᠲᠦᠷᠢᠭᠦᠯᠬᠦ ᠨᠥᠬᠦᠪᠥᠷᠢ ᠥᠭᠬᠦ ᠲᠦᠷᠦ ᠶᠢᠨ ᠪᠤᠳᠤᠯᠭ᠎ᠠ ᠶᠢ ᠬᠦᠴᠦᠨ ᠦᠭᠡᠢ ᠪᠣᠯᠭᠠᠵᠤ᠂ ᠬᠤᠳᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠢ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠶ ᠲᠣᠭᠲᠠᠭᠠᠭᠰᠠᠨ ᠵᠢᠯ ᠤᠨ ᠰᠤᠷᠤᠭᠴᠢ ᠨᠢᠭᠡᠪᠦᠷᠢ ᠶᠢᠨ ᠳᠣᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠪᠠᠷᠢᠮᠵᠢᠶ᠎ᠠ ᠶᠢᠨ ᠲᠣᠭᠲᠠᠭᠠᠭᠰᠠᠨ ᠲᠤᠭ᠎ᠠ ᠪᠠᠷ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠥᠷᠢ ᠣᠯᠭᠤᠵᠠᠢ᠃ ᠰᠦᠢᠳᠬᠡᠯ ᠬᠤᠷᠢᠶᠠᠬᠤ ᠦᠭᠡᠢ ᠪᠠᠷ ᠰᠤᠷᠬᠤ ᠪᠢᠴᠢᠭ ᠬᠠᠩᠭᠠᠬᠤ ᠳᠤ ᠬᠡᠷᠡᠭᠰᠡᠬᠦ ᠪᠡᠯᠡ ᠮᠥᠩᠭᠦ ᠶᠢ ᠪᠣᠯ ᠤᠯᠤᠰ ᠠᠴᠠ ᠲᠣᠭᠲᠠᠭᠠᠭᠰᠠᠨ ᠬᠢᠴᠢᠶᠡᠯ ᠤᠨ ᠬᠢ ᠶᠢ ᠲᠥᠪ ᠠᠴᠠ ᠪᠦᠬᠦ ᠲᠤᠭ᠎ᠠ ᠪᠠᠷ ᠡᠭᠦᠷᠭᠡᠯᠡᠨ᠎ᠡ ︵ᠴᠥᠭᠡᠨ ᠲᠣᠭᠠᠲᠤ ᠦᠨᠳᠦᠰᠦᠲᠡᠨ ᠤ ᠦᠰᠦᠭ ᠪᠢᠴᠢᠭ ᠤᠨ ᠵᠢᠭᠠᠬᠤ ᠮᠠᠲ᠋ᠧᠷᠢᠶᠠᠯ ᠢ ᠬᠡᠪᠯᠡᠨ ᠲᠠᠷᠬᠠᠭᠠᠭᠰᠠᠨ ᠠᠯᠳᠠᠪᠤᠷᠢ ᠶᠢᠨ ᠨᠥᠬᠦᠪᠦᠷᠢ ᠪᠠᠭᠲᠠᠨ᠎ᠠ︶᠃ ᠣᠷᠣᠨ ᠨᠤᠲᠤᠭ ᠤᠨ ᠬᠢᠴᠢᠶᠡᠯ ᠤᠨ ᠬᠢ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠭᠦᠷᠭᠡᠯᠡᠨ᠎ᠡ᠃       ᠬᠡᠷ ᠪᠦᠯᠢ ᠶᠢᠨ ᠠᠵᠤ ᠠᠮᠢᠳᠤᠷᠠᠯ ᠨᠢ ᠬᠦᠴᠢᠷᠳᠡᠯ ᠲᠠᠢ ᠪᠠᠶᠢᠷᠢ ᠳᠤ ᠰᠠᠭᠤᠭ᠎ᠠ ᠰᠤᠷᠤᠭᠴᠢᠳ ᠲᠤ ᠠᠮᠢᠳᠤᠷᠠᠯ ᠤᠨ ᠨᠥᠬᠦᠪᠥᠷᠢ ᠥᠭᠬᠦ ᠳᠤ᠂ ᠥᠪᠡᠷᠲᠡᠭᠡᠨ ᠵᠠᠰᠠᠬᠤ ᠣᠷᠣᠨ ᠶᠠᠳᠠᠭᠤ ᠬᠦᠴᠢᠷᠳᠡᠯ ᠤᠨ 60%᠎ ᠪᠠᠷ ᠲᠣᠭᠲᠠᠭᠠᠭᠰᠠᠨ ᠪᠠᠶᠢᠳᠠᠭ᠂ ᠲᠦᠩᠯᠢᠶᠣᠤ ᠬᠤᠲᠠ ᠶᠢᠨ ᠲᠦᠷᠦ ᠶᠢᠨ ᠪᠤᠳᠤᠯᠭ᠎ᠠ ᠨᠢ ᠪᠤᠢ ᠪᠦᠬᠦᠢ ᠪᠠᠶᠢᠷᠢ ᠳᠤ ᠰᠠᠭᠤᠭ᠎ᠠ ᠰᠤᠷᠤᠭᠴᠢᠳ ᠲᠤ ᠪᠦᠬᠦᠨ ᠳᠤᠨᠢ ᠨᠥᠬᠦᠪᠥᠷᠢ ᠥᠭᠬᠦ ᠪᠠᠷ ᠲᠤᠭᠲᠠᠭᠠᠵᠠᠢ᠃ ᠬᠢᠲᠠᠳ ᠬᠡᠯᠡ ᠪᠠᠷ ᠬᠢᠴᠢᠶᠡᠯᠯᠡᠵᠦ ᠪᠠᠶᠢᠭ᠎ᠠ ᠪᠠᠶᠢᠷᠢ ᠳᠤ ᠰᠠᠭᠤᠭ᠎ᠠ ᠰᠤᠷᠤᠭᠴᠢᠳ ᠲᠤ ᠪᠠᠭ᠎ᠠ ᠰᠤᠷᠭᠠᠭᠤᠯᠢ ᠶᠢᠨ ᠰᠤᠷᠤᠭᠴᠢ ᠪᠦᠷᠢ ᠳᠤ ᠵᠢᠯ ᠪᠦᠷᠢ 1000 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠦᠷᠢ ᠳᠤ ᠵᠢᠯ ᠪᠦᠷᠢ 1250 ᠲᠥᠭᠦᠷᠢᠭ ᠤᠨ ᠪᠠᠷᠢᠮᠵᠢᠶ᠎ᠠ ᠲᠣᠭᠲᠠᠭᠠᠭᠰᠠᠨ ᠦᠭᠡᠶ ᠨᠥᠬᠦᠪᠥᠷᠢ ᠣᠯᠭᠤᠵᠤ᠂ ᠬᠡᠷᠡᠭᠰᠡᠬᠦ ᠪᠡᠯᠡ ᠮᠥᠩᠭᠦ ᠶᠢ ᠬᠤᠶᠠᠷ ᠬᠤᠪᠢᠶᠠᠨ ᠡᠭᠦᠷᠭᠡᠯᠡᠬᠦ ᠲᠣᠭᠲᠠᠴᠠ ᠶᠢ ᠬᠡᠷᠡᠭᠵᠢᠭᠦᠯᠵᠡᠢ᠄ ᠨᠢᠭᠡ ᠳᠤ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠶᠠᠳᠠᠭᠤ ᠬᠦᠴᠢᠷᠳᠡᠯᠲᠡᠶ ᠪᠠᠶᠢᠷᠢ ᠳᠤ ᠰᠠᠭᠤᠭ᠎ᠠ ᠰᠤᠷᠤᠭᠴᠢᠳ ᠲᠤ ᠣᠯᠭᠤᠬᠤ 60% ᠎ ᠶᠢᠨ ᠠᠮᠢᠳᠤᠷᠠᠯ ᠤᠨ ᠨᠥᠬᠦᠪᠥᠷᠢ ᠵᠠᠷᠤᠳᠠᠯ ᠤᠨ ᠪᠡᠯᠡ ᠮᠥᠩᠭᠦ ᠶᠢ ᠲᠥᠪ ᠂ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤ ᠰᠢᠶᠠᠨ ᠤ ᠡᠳ᠋ ᠤᠨ ᠵᠠᠰᠠᠭ 5᠄ 2᠄ 1᠄ 2᠎ ᠤᠨ ᠬᠠᠷᠢᠴᠠᠯ ᠢᠶᠠᠷ ᠬᠤᠪᠢᠳᠠᠨ ᠡᠭᠦᠷᠭᠡᠯᠡᠨ᠎ᠡ᠂ ᠬᠤᠶᠠᠷ ᠲᠤ ᠪᠠᠶᠢᠷᠢ ᠳᠤ ᠰᠠᠭᠤᠭ᠎ᠠ ᠰᠤᠷᠤᠭᠴᠢᠳ ᠤᠨ ᠣᠷᠣᠨ ᠨᠤᠲᠤᠭ ᠤᠨ ᠠᠮᠢᠳᠤᠷᠠᠯ ᠤᠨ ᠨᠥᠬᠦᠪᠥᠷᠢ ᠶᠢ ᠡᠭᠦᠷᠭᠡᠯᠡᠬᠦ 40%᠎ ᠶᠢᠨ ᠪᠤᠰᠤᠳ ᠪᠡᠯᠡ ᠮᠥᠩᠭᠦ ᠶᠢ ᠲᠤᠰ ᠱᠠᠲᠤ ᠪᠠ ᠡᠯ᠎ᠡ ᠬᠤᠰᠢᠭᠤ ᠰᠢᠶᠠᠨ ᠬᠤᠲᠠ ᠲᠣᠭᠤᠷᠢᠭ ᠎ ᠤᠨ ᠡᠳ᠋ ᠤᠨ ᠵᠠᠰᠠᠭ 2᠄ 8᠎ ᠶᠢᠨ ᠬᠠᠷᠢᠴᠠᠯ ᠢᠶᠠᠷ ᠬᠤᠪᠢᠳᠠᠨ ᠡᠭᠦᠷᠭᠡᠯᠡᠵᠦ᠂ ᠬᠤᠶᠠᠷ ᠬᠡᠯᠡ ᠪᠠᠷ ᠬᠢᠴᠢᠶᠡᠯᠯᠡᠬᠦ ᠪᠠᠶᠢᠷᠢ ᠳᠤ ᠰᠠᠭᠤᠭ᠎ᠠ ᠰᠤᠷᠤᠭᠴᠢᠳ ᠤᠨ ᠪᠠᠭ᠎ᠠ ᠰᠤᠷᠭᠠᠭᠤᠯᠢ ᠶᠢᠨ ᠰᠤᠷᠤᠭᠴᠢ ᠪᠦᠷᠢ ᠳᠤ ᠦᠷᠭᠦᠯᠵᠢᠯᠡᠨ ᠵᠢᠯ ᠪᠦᠷᠢ 1350 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠪᠦᠷᠢ ᠳᠤ ᠵᠢᠯ ᠪᠦᠷᠢ 1620 ᠲᠥᠭᠦᠷᠢᠭ ᠤᠨ ᠪᠠᠷᠢᠮᠵᠢᠶ᠎ᠠ ᠪᠠᠷ ᠨᠥᠬᠦᠪᠥᠷᠢ ᠣᠯᠭᠤᠵᠤ᠂ ᠬᠡᠷᠡᠭᠰᠡᠬᠦ ᠪᠡᠯᠡ ᠮᠥᠩᠭᠦ ᠶᠢᠨ ᠲᠥᠪ ᠠᠴᠠ ᠣᠯᠭᠤᠬᠤ ᠨᠥᠬᠦᠪᠥᠷᠢ ᠶᠢᠨ ᠪᠠᠷᠢᠮᠵᠢᠶ᠎ᠠ ᠠᠴᠠ ᠬᠡᠲᠦᠷᠡᠭᠰᠡᠨ ᠬᠡᠰᠡᠭ ᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠡᠭᠦᠷᠭᠡᠯᠡᠨ᠎ᠡ᠃ ᠪᠤᠢ ᠪᠦᠬᠦᠢ ᠪᠠᠶᠢᠷᠢ ᠳᠤ ᠰᠠᠭᠤᠭ᠎ᠠ ᠰᠤᠷᠤᠭᠴᠢᠳ ᠲᠤ ᠪᠠᠶᠢᠷᠢ ᠶᠢᠨ ᠰᠦᠢᠳᠬᠡᠯ ᠤᠨ ᠨᠥᠬᠦᠪᠦᠷᠢ ᠣᠯᠭᠤᠨ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠷᠢ ᠳᠤ ᠰᠠᠭᠤᠭ᠎ᠠ ᠰᠤᠷᠤᠭᠴᠢᠳ ᠲᠤ ᠣᠯᠭᠤᠬᠤ ᠪᠠᠶᠢᠷᠢ ᠶᠢᠨ ᠰᠦᠢᠳᠬᠡᠯ ᠤᠨ ᠨᠥᠬᠦᠪᠥᠷᠢ ᠶᠢᠨ ᠪᠠᠷᠢᠮᠵᠢᠶ᠎ᠠ ᠨᠢ ᠪᠠᠭ᠎ᠠ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠵᠢᠯ ᠪᠦᠷᠢ 100 ᠲᠥᠭᠦᠷᠢᠭ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠤᠭᠴᠢ ᠨᠢᠭᠡᠪᠦᠷᠢ ᠳᠤ ᠵᠢᠯ ᠪᠦᠷᠢ 120 ᠲᠥᠭᠦᠷᠢᠭ ᠪᠣᠯᠣᠨ᠎ᠠ᠂ ᠬᠡᠷᠡᠭᠰᠡᠬᠦ ᠪᠡᠯᠡ ᠮᠥᠩᠭᠦ ᠶᠢ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠎ ᠤ ᠡᠳ᠋ ᠤᠨ ᠵᠠᠰᠠᠭ ᠡᠭᠦᠷᠭᠡᠯᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号