ᠥᠪᠥᠷ ᠮᠣᠩᠭᠤᠯ ᠤᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠦᠷᠳᠡᠭ 500 ᠰᠢᠬᠠᠮ ᠳ᠋ᠦᠡᠭᠰᠢᠭᠤᠷ ᠲᠦᠬᠦᠷᠢᠭ ᠲᠤ ᠬᠦᠷᠪᠡ
ᠨᠡᠶᠢᠲᠡᠯᠡᠭᠰᠡᠨ ᠴᠠᠭ᠄
2018-07-19
     7 ᠳ᠋ᠤᠭᠠᠷ ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠡ ᠬᠤᠷᠠᠯᠳᠤᠭᠰᠠᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠤᠨᠢᠨ ᠮᠡᠳᠡᠭᠡ ᠨᠡᠶᠢᠳᠡᠯᠡᠬᠦ ᠬᠤᠷᠠᠯ ᠠᠴᠠ ᠤᠶᠢᠯᠠᠭᠠᠭᠰᠠᠨ ᠢᠶᠠᠷ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠮᠠᠨ ᠤ ᠤᠷᠤᠨ ᠤ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠦᠷᠳᠡᠭ 499.7 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ1.4%᠎ ᠪᠠᠷ ᠨᠡᠮᠡᠭᠳᠡᠵᠡᠢ᠃ ᠡᠬᠦᠨ ᠳᠤ᠂ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠦᠷᠳᠡᠭ ᠨᠢ 185.8 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠎ ᠤ ᠬᠢ ᠠᠴᠠ 9.2%᠎ ᠢᠶᠠᠷ ᠨᠡᠮᠡᠭᠳᠡᠵᠦ᠂ ᠭᠠᠳᠠᠭᠠᠳᠤ ᠠᠴᠠ ᠤᠷᠤᠭᠤᠯᠤᠭᠰᠠᠨ ᠪᠠᠷᠠᠭᠠᠨ ᠤ ᠶᠡᠷᠦᠩᠬᠡᠢ ᠦᠷᠳᠡᠭ ᠨᠢ 313.9 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.7%᠎ ᠪᠠᠷ ᠪᠠᠭᠤᠷᠠᠪᠠ᠃      ᠤᠶᠢᠯᠠᠭᠠᠭᠰᠠᠨ ᠢᠶᠠᠷ᠂ ᠳᠡᠭᠡᠷ᠎ᠡ ᠬᠠᠭᠠᠰ ᠵᠢᠯ ᠳᠤ ᠮᠠᠨ ᠤ ᠤᠷᠤᠨ ᠤ ᠭᠠᠳᠠᠭᠠᠳᠤ ᠠᠷᠠᠯᠵᠢᠶᠠᠨ ᠤ ᠡᠷᠬᠢᠯᠳᠡ ᠳᠤ ᠳᠤᠤᠷᠠᠬᠢ ᠬᠡᠳᠤᠨ ᠤᠨᠴᠠᠯᠢᠭ ᠢᠯᠡᠷᠡᠵᠡᠢ᠄ ᠡᠩ ᠤᠨ ᠠᠷᠠᠯᠵᠢᠶ᠎ᠠ ᠶᠢᠨ ᠡᠵᠡᠯᠡᠬᠦ ᠬᠠᠷᠢᠴᠠᠯ ᠪᠠᠭᠤᠷᠠᠵᠤ᠂ ᠬᠢᠯᠢ ᠶᠢᠨ ᠪᠠᠭ᠎ᠠ ᠠᠷᠠᠯᠵᠢᠶ᠎ᠠ ᠪᠠ ᠭᠠᠶᠢᠯᠢ ᠦᠭᠡᠢ ᠬᠢᠨᠠᠨ ᠬᠠᠮᠢᠶᠠᠷᠤᠯᠳᠠ ᠶᠢᠨ ᠳᠠᠯᠠᠪᠤᠷ ᠢᠶᠠᠷ ᠲᠠᠮᠵᠢᠵᠦ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠡᠵᠡᠯᠡᠬᠦ ᠬᠠᠷᠢᠴᠠᠯ ᠨᠢ ᠵᠤᠬᠢᠬᠤ ᠬᠡᠮᠵᠢᠶ᠎ᠡ ᠪᠠᠷ ᠳᠡᠭᠡᠭᠰᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠨᠢ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠭᠤᠤᠯ ᠬᠦᠴᠦᠨ ᠪᠤᠯᠵᠡᠢ᠃ ᠳᠡᠭᠡᠷ᠎ᠡ ᠬᠠᠭᠠᠰ ᠵᠢᠯ ᠳᠤ᠂ ᠮᠠᠨ ᠤ ᠤᠷᠤᠨ ᠤ ︽ᠨᠢᠭᠡ ᠪᠦᠰᠡ ᠨᠢᠭᠡ ᠵᠠᠮ︾᠎ ᠤᠨ ᠱᠤᠭᠤᠮ ᠳᠠᠭᠠᠤ ᠤᠯᠤᠰ ᠯᠤᠭ᠎ᠠ ᠶᠢᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠦᠷᠳᠡᠭ ᠨᠢ 337 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 6.4%᠎ ᠪᠠᠷ ᠨᠡᠮᠡᠭᠳᠡᠪᠡ᠂ ᠡᠬᠦᠨ ᠳᠤ᠂ ᠮᠤᠩᠭᠤᠯ ᠤᠯᠤᠰ ᠯᠤᠭ᠎ᠠ ᠶᠢᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠦᠷᠳᠡᠭ ᠨᠢ 148.7 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 10.7%᠎ ᠪᠠᠷ ᠨᠡᠮᠡᠭᠳᠡᠵᠦ᠂ ᠤᠷᠤᠰ ᠯᠤᠭ᠎ᠠ ᠶᠢᠨ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠭᠰᠠᠨ ᠪᠠᠷᠠᠭᠠᠨ ᠤ ᠶᠡᠷᠦᠩᠬᠡᠢ ᠦᠷᠳᠡᠭ ᠨᠢ 98.5 ᠳ᠋ᠦᠡᠭᠰᠢᠭᠤᠷ ᠲᠦᠬᠦᠷᠢᠭ ᠲᠤ ᠬᠦᠷᠴᠤ᠂ ᠨᠢᠳᠤᠨᠤᠨ ᠤ ᠠᠳᠠᠯᠢ ᠬᠤᠭᠤᠴᠠᠭᠠᠨ ᠎ ᠤ ᠬᠢ ᠠᠴᠠ 10.9%᠎ ᠪᠠᠷ ᠪᠠᠭᠤᠷᠠᠵᠦ᠂ ᠮᠠᠰᠢᠨ ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠳᠦᠭᠡᠭᠳᠡᠬᠦᠨ ᠪᠠ ᠪᠤᠯᠤᠳ ᠮᠠᠲ᠋ᠧᠷᠢᠶᠠᠯ ᠢ ᠭᠠᠳᠠᠭᠠᠳᠤ ᠳᠤ ᠭᠠᠷᠭᠠᠬᠰᠠᠨ ᠬᠡᠮᠵᠢᠶ᠎ᠡ ᠮᠡᠳᠡᠭᠳᠡᠮ᠎ᠡ ᠨᠡᠮᠡᠭᠳᠡᠵᠦ᠂ ᠭᠠᠳᠠᠭᠠᠳᠤ ᠠᠴᠠ ᠤᠷᠤᠭᠤᠯᠤᠬᠰᠠᠨ ᠪᠠᠷᠠᠭ᠎ᠠ ᠨᠢ ᠡᠬᠢ ᠪᠠᠶᠠᠯᠢᠭ ᠤᠨ ᠴᠢᠨᠠᠷᠳᠠᠢ ᠳᠠᠸᠠᠷ ᠢᠶᠠᠷ ᠭᠤᠤᠯᠯᠠᠵᠤ᠂ ᠨᠡᠬᠦᠷᠡᠰᠤ ᠶᠢ ᠭᠠᠳᠠᠭᠠᠳᠤ ᠠᠴᠠ ᠤᠷᠤᠭᠤᠯᠤᠬᠰᠠᠨ ᠡᠵᠡᠯᠡᠬᠦ ᠬᠠᠷᠢᠴᠠᠯ ᠨᠢ 25% ᠰᠢᠬᠠᠮ ᠳᠤ ᠬᠦᠷᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号