ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018-07-19
     7 ᠳ᠋ᠤᠭᠠᠷ ᠰᠠᠷ᠎ᠠ ᠶᠢᠨ 18᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠵᠠᠰᠠᠭ ᠎ ᠤᠨ ᠤᠷᠳᠤᠨ ᠤ ᠡᠬᠢ ᠪᠠᠶᠠᠯᠢᠭ ᠢ ᠲᠤᠬᠢᠷᠠᠭᠤᠯᠬᠤ ᠠᠷᠭ᠎ᠠ ᠬᠡᠯᠪᠡᠷᠢ ᠶᠢ ᠰᠢᠨᠡᠴᠢᠯᠡᠬᠦ ᠲᠤᠬᠠᠢ ᠬᠡᠷᠡᠭᠵᠢᠭᠦᠯᠭᠦ ᠰᠠᠨᠠᠯ᠂ ᠶᠠᠰᠦ ᠴᠢᠨᠠᠷ ᠢ ᠲᠡᠭᠡᠭᠰᠢᠯᠡᠭᠦᠯᠭᠦ ᠠᠵᠢᠯᠯᠠᠭ᠎ᠠ ᠦᠷᠨᠢᠭᠦᠯᠬᠦ ᠲᠤᠬᠠᠢ ᠬᠡᠷᠡᠭᠵᠢᠭᠦᠯᠭᠦ ᠲᠦᠰᠦᠯ ᠵᠡᠷᠭᠡ ᠵᠦᠢᠯᠡᠰ ᠢ ᠰᠤᠳᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠰᠠᠭ ᠤᠨ ᠤᠷᠳᠤᠨ ᠤ ᠡᠬᠢ ᠪᠠᠶᠠᠯᠢᠭ ᠢ ᠲᠤᠬᠢᠷᠠᠭᠤᠯᠬᠤ ᠠᠷᠭ᠎ᠠ ᠬᠡᠯᠪᠡᠷᠢ ᠳᠤ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ ᠪᠤᠯ ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠳᠤ ᠵᠠᠬ᠎ᠠ ᠲᠡᠯᠭᠡᠭᠦᠷ ᠢᠶᠠᠷ ᠰᠢᠢᠳᠪᠤᠷᠢᠯᠡᠬᠦ ᠴᠢᠨᠠᠷᠳᠠᠢ ᠦᠢᠯᠡᠳᠦᠯ ᠭᠠᠷᠭᠠᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠤᠯᠬᠤ ᠪᠦᠭᠡᠳ ᠮᠦᠨ ᠴᠤ ᠵᠠᠰᠠᠭ ᠤᠨ ᠤᠷᠳᠤᠨ ᠤ ᠦᠢᠯᠡᠳᠥᠯ ᠢ ᠨᠡᠩ ᠰᠠᠶᠢᠳᠤᠷ ᠪᠠᠳᠠᠷᠠᠭᠤᠯᠬᠤ ᠪᠦᠳᠦᠮᠵᠢᠳᠡᠢ ᠠᠷᠭ᠎ᠠ ᠵᠠᠮ ᠪᠤᠯᠤᠨ᠎ᠠ᠃ ᠲᠦᠷᠦᠯ ᠠᠩᠬᠢᠯᠠᠨ ᠬᠦᠷᠢᠶ᠎ᠠ ᠴᠠᠷᠠᠭ᠎ᠠ ᠬᠤᠪᠢᠶᠠᠵᠤ ᠡᠬᠢ ᠪᠠᠶᠠᠯᠢᠭ ᠢ ᠲᠤᠬᠢᠷᠠᠭᠤᠯᠬᠤ ᠠᠷᠭ᠎ᠠ ᠬᠡᠯᠪᠡᠷᠢ ᠶᠢ ᠰᠢᠨᠡᠴᠢᠯᠡᠨ᠂ ᠰᠢᠨᠵᠢᠯᠡᠭᠦ ᠤᠬᠠᠭᠠᠨᠴᠢ᠂ ᠵᠦᠢ ᠵᠤᠬᠢᠰᠳᠠᠢ᠂ ᠵᠢᠷᠤᠮᠵᠢᠯ ᠲᠠᠢ ᠤᠯᠠᠨ ᠨᠡᠶᠢᠳᠡ ᠶᠢᠨ ᠡᠬᠢ ᠪᠠᠶᠠᠯᠢᠭ ᠢ ᠲᠤᠬᠢᠷᠠᠭᠤᠯᠬᠤ ᠤᠷᠳᠤ ᠬᠤᠭᠤᠴᠠᠭᠠᠨ ᠤ ᠪᠦᠳᠦᠮᠵᠢᠳᠡᠢ ᠲᠤᠬᠳᠠᠴᠠ ᠶᠢ ᠪᠠᠶᠢᠭᠤᠯᠵᠤ᠂ ᠤᠯᠠᠨ ᠨᠡᠶᠢᠳᠡ ᠶᠢᠨ ᠡᠬᠢ ᠪᠠᠶᠠᠯᠢᠭ ᠤᠨ ᠰᠤᠯᠢᠯᠴᠠᠭᠠᠨ ᠤ ᠲᠠᠪᠴᠠᠩ ᠢ ᠨᠡᠶᠢᠳᠭᠡᠨ ᠰᠢᠯᠢᠳᠡᠭᠵᠢᠭᠦᠯᠵᠤ᠂ ᠰᠤᠯᠢᠯᠴᠠᠭᠠᠨ ᠤ ᠶᠠᠪᠤᠴᠠ ᠶᠢ ᠢᠯᠠ ᠲᠤᠳᠤᠷᠬᠠᠢ ᠪᠠᠶᠢᠯᠭᠠᠬᠤ ᠪᠠ ᠮᠡᠳᠡᠭᠡ ᠵᠠᠩᠬᠢ ᠶᠢ ᠬᠠᠮᠳᠤ ᠪᠠᠷ ᠬᠦᠷᠲᠡᠬᠦ ᠶᠢ ᠴᠢᠩᠭᠠᠳᠬᠠᠵᠤ᠂ ᠡᠬᠢ ᠪᠠᠶᠠᠯᠢᠭ ᠢ ᠲᠤᠬᠢᠷᠠᠭᠤᠯᠬᠤ ᠶᠠᠪᠤᠴᠠ ᠶᠢᠨ ᠢᠯᠡ ᠲᠤᠳᠤ ᠡᠷᠭᠡ ᠲᠡᠭᠰᠢ ᠲᠦᠪ ᠭᠤᠤᠯᠴᠢ ᠪᠠᠶᠢᠬᠤ ᠶᠢ ᠪᠡᠶᠡᠯᠡᠭᠦᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠮᠠᠨ ᠤ ᠤᠯᠤᠰ ᠤᠨ ᠠᠵᠤ ᠠᠬᠤᠢ ᠨᠢᠬᠡᠨᠳᠡ ᠴᠢᠨᠠᠷ ᠰᠠᠶᠢᠳᠠᠢ ᠬᠦᠭᠵᠢᠯᠳᠡ ᠶᠢᠨ ᠱᠠᠳᠤᠨ ᠳᠤ ᠤᠷᠤᠪᠡ᠂ ᠶᠠᠰᠦ ᠴᠢᠨᠠᠷ ᠢ ᠲᠡᠷᠢᠭᠦᠨ ᠳᠤ ᠲᠠᠯᠪᠢᠬᠤ ᠪᠠ ᠦᠷ᠎ᠠ ᠠᠰᠢᠭ ᠢ ᠤᠷᠢᠳ ᠢᠶᠠᠷ ᠪᠤᠳᠤᠯᠬᠢᠯᠠᠬᠤ ᠶᠢ ᠡᠷᠬᠡᠪᠰᠢ ᠪᠠᠷᠢᠮᠳᠠᠯᠠᠵᠤ᠂ ᠬᠦᠭᠵᠢᠯᠳᠡ ᠶᠢ ᠠᠬᠢᠭᠤᠯᠬᠤ ᠬᠦᠴᠦᠯᠡᠭᠦ ᠴᠢᠭ᠋ ᠢᠶᠠᠨ ᠶᠠᠰᠦ ᠴᠢᠨᠠᠷ ᠪᠤᠯᠤᠨ ᠦᠷ᠎ᠠ ᠠᠰᠢᠭ ᠢ ᠲᠡᠭᠡᠭᠰᠢᠯᠡᠭᠦᠯᠭᠦ ᠲᠡᠭᠡᠷ᠎ᠠ ᠲᠠᠯᠪᠢᠬᠤ ᠬᠡᠷᠡᠭᠳᠡᠢ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠦᠭᠡᠷᠡᠴᠢᠯᠡᠯᠳᠡ ᠬᠢᠵᠤ ᠰᠢᠨ᠎ᠠ ᠶᠢ ᠡᠭᠦᠳᠭᠦ ᠪᠠᠷ ᠦᠨᠳᠦᠰᠦᠨ ᠠᠷᠭ᠎ᠠ ᠵᠠᠮ ᠢᠶᠠᠨ ᠪᠤᠯᠭᠠᠵᠤ᠂ ᠬᠠᠩᠭᠠᠯᠭ᠎ᠠ ᠶᠢᠨ ᠲᠠᠯ᠎ᠠ ᠶᠢᠨ ᠶᠠᠰᠦ ᠴᠢᠨᠠᠷ ᠢ ᠲᠡᠭᠡᠭᠰᠢᠯᠡᠭᠦᠯᠭᠦ ᠪᠠᠷ ᠭᠤᠤᠯ ᠰᠢᠪᠳᠤᠯᠬᠤ ᠴᠢᠭᠯᠡᠯ ᠢᠶᠠᠨ ᠪᠤᠯᠭᠠᠨ᠂ ᠶᠠᠰᠦ ᠴᠢᠨᠠᠷ ᠢ ᠲᠡᠭᠡᠭᠰᠢᠯᠡᠭᠦᠯᠭᠦ ᠲᠤᠮᠳᠠᠬᠢ ᠠᠵᠤ ᠠᠬᠤᠶᠢᠯᠠᠯ ᠤᠨ ᠭᠤᠤᠯ ᠴᠤᠬᠴᠠ ᠶᠢᠨ ᠦᠢᠯᠡᠳᠦᠯ ᠢ ᠬᠦᠢᠴᠡᠳ ᠪᠠᠳᠠᠷᠠᠭᠤᠯᠵᠤ᠂ ᠶᠠᠰᠦ ᠴᠢᠨᠠᠷ ᠢ ᠲᠡᠭᠡᠭᠰᠢᠯᠡᠭᠦᠯᠭᠦ ᠠᠵᠢᠯᠯᠠᠭ᠎ᠠ ᠶᠢ ᠶᠡᠭᠡ ᠪᠠᠷ ᠦᠷᠨᠢᠭᠦᠯᠵᠤ᠂ ᠶᠠᠰᠦ ᠴᠢᠨᠠᠷ ᠤᠨ ᠬᠢᠨᠠᠯᠳᠠ ᠬᠠᠮᠢᠶᠠᠷᠤᠯᠳᠠ ᠶᠢ ᠪᠦᠬᠦ ᠲᠠᠯ᠎ᠠ ᠪᠠᠷ ᠴᠢᠩᠭᠠᠳᠬᠠᠨ᠂ ᠶᠠᠰᠦ ᠴᠢᠨᠠᠷ ᠤᠨ ᠲᠦᠪᠰᠢᠨ ᠢ ᠲᠠᠰᠤᠷᠠᠯᠳᠠ ᠦᠭᠡᠢ ᠲᠡᠬᠡᠭᠰᠢᠯᠡᠭᠦᠯᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠴᠢᠨᠠᠷ ᠴᠢᠨᠰᠠᠭ᠎ᠠ ᠶᠢᠨ ᠲᠠᠯ᠎ᠠ ᠶᠢᠨ ᠬᠡᠷᠡᠭᠴᠡᠭᠡ ᠶᠢ ᠨᠡᠩ ᠰᠠᠶᠢᠳᠤᠷ ᠬᠠᠩᠭᠠᠬᠤ ᠬᠡᠷᠡᠭᠳᠡᠢ ᠭᠡᠵᠡᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号