7 ᠳ᠋ᠤᠭᠠᠷ ᠰᠠᠷ᠎ᠠ ᠶᠢᠨ 18 ᠤ ᠡᠳᠦᠷ ᠤᠨ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠭᠡᠨ 2018 ᠣᠨ ᠤ ᠬᠤᠶᠠᠳᠤᠭᠠᠷ ᠤᠳᠠᠭ᠎ᠠ ᠶᠢᠨ ᠠᠵᠤ ᠠᠬᠤᠢ ᠶᠢᠨ ᠪᠠᠶᠢᠳᠠᠯ ᠤᠨ | ᠤᠯᠠᠷᠢᠯ ᠤᠨ ᠵᠦᠪᠯᠡᠬᠦ ᠬᠤᠷᠠᠯ ᠬᠢᠪᠠ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ | ᠲᠡᠷᠢᠬᠦᠯᠡᠭᠴᠢ᠂ ᠨᠠᠮ ᠤᠨ ᠬᠤᠷᠢᠶ᠎ᠠ ᠶᠢᠨ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠯᠢ ᠵᠢᠶᠠ | ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ | ᠲᠡᠳ᠋ ᠲᠠᠷᠢᠬᠦᠯᠡᠭᠴᠢ ᠸᠠᠩ ᠵᠦᠡᠭ ᠡᠾᠧ᠂ ᠯᠢᠤ ᠰᠢᠨ ᠯᠧ᠂ ᠮᠠ ᠮᠢᠩ ᠬᠤᠷᠠᠯ ᠳᠤ ᠤᠷᠤᠯᠴᠠᠵᠤ᠂ ᠦᠪᠡᠷᠳᠡᠭᠡᠨ | ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠸᠡᠭ ᠬᠤᠷᠠᠯ ᠢ | ᠡᠷᠬᠢᠯᠡᠵᠠᠢ᠃ | ᠵᠦᠪᠯᠡᠬᠦ ᠬᠤᠷᠠᠯ ᠲᠡᠭᠡᠷ᠎ᠠ᠂ ᠦᠪᠡᠷᠳᠡᠭᠡᠨ ᠵᠠᠰᠠᠬᠤ ᠤᠷᠤᠨ ᠤ ᠭᠦᠭᠵᠢᠬᠦᠯᠦᠯᠳᠡ ᠦᠭᠡᠷᠡᠴᠢᠯᠡᠯᠳᠠ ᠶᠢᠨ | ᠵᠦᠪᠯᠡᠯ᠂ ᠡᠳ᠋ ᠤᠨ ᠵᠠᠰᠠᠭ ᠤᠨ ᠲᠢᠩᠭᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠭᠢᠮ᠂ ᠶᠠᠳᠠᠭᠤ ᠶᠢ | ᠲᠡᠳᠭᠦᠵᠤ ᠨᠡᠭᠡᠭᠡᠨ ᠬᠦᠭᠵᠢᠬᠦᠯᠬᠦ ᠠᠯᠪᠠᠨ ᠭᠡᠷ ᠵᠡᠷᠭᠡ ᠰᠠᠯᠠᠭ᠎ᠠ ᠮᠦᠴᠢᠷ ᠤᠨ ᠬᠠᠮᠢᠶ᠎ᠠ ᠪᠦᠬᠦᠢ | ᠬᠠᠷᠢᠭᠤᠴᠠᠯᠭᠠᠳᠠᠨ ᠠᠴᠠ ᠮᠠᠨ ᠤ ᠤᠷᠤᠨ ᠤ ︽ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠯᠠᠪᠳᠠᠭᠤᠨ | ᠪᠠᠳᠤᠳᠠᠢ ᠠᠬᠢᠭᠤᠯᠬᠤ︾ ᠪᠠ ︽ᠭᠤᠷᠪᠠᠨ ᠶᠡᠭᠡ ᠰᠢᠪᠲᠤᠯᠤᠯᠲᠠ ᠶᠢᠨ ᠲᠠᠶᠢᠯᠠᠯᠳᠤᠭᠠᠨ ᠤ ᠢᠯᠠᠯᠳᠠ ᠶᠢ ᠤᠯᠬᠤ︾ | ᠬᠠᠮᠢᠶ᠎ᠠ ᠪᠦᠬᠦᠢ ᠪᠠᠶᠢᠳᠠᠯ ᠢ ᠲᠤᠰ ᠲᠤᠰ ᠲᠠᠨᠢᠯᠴᠠᠭᠤᠯᠪᠠ᠃ 9 ᠤᠯᠤᠰ ᠲᠦᠷᠦ ᠶᠢᠨ ᠵᠦᠪᠯᠡᠯᠭᠡᠨ ᠤ ᠬᠡᠰᠢᠬᠦᠨ᠂ | ᠲᠤᠰᠬᠠᠢ ᠮᠡᠷᠭᠡᠵᠢᠯᠳᠠᠨ ᠲᠤᠰ ᠲᠤᠰ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠠᠳᠠᠯᠢ ᠪᠤᠰᠤ ᠲᠠᠯ᠎ᠠ᠂ | ᠠᠳᠠᠯᠢ ᠪᠤᠰᠤ ᠬᠠᠷᠠᠭᠠᠰᠤ ᠠᠴᠠ ᠪᠤᠳᠤᠯ ᠰᠠᠨᠠᠯ ᠢᠶᠠᠨ ᠭᠡᠯᠡᠵᠠᠢ᠃ | ᠯᠢ ᠵᠢᠶᠠ ᠵᠢᠭᠠᠵᠤ ᠭᠠᠷᠭᠠᠭᠰᠠᠨ ᠨᠢ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ | ᠠᠵᠤ ᠠᠬᠤᠢ ᠶᠢᠨ ᠪᠠᠶᠢᠳᠠᠯ ᠢ ᠵᠦᠪᠯᠡᠬᠦ ᠬᠤᠷᠠᠯ ᠢ ᠬᠤᠷᠠᠯᠳᠤᠭᠤᠯᠤᠬᠰᠠᠨ ᠤ ᠬᠠᠷᠠᠯᠳᠠ ᠪᠤᠯ ᠲᠠᠷᠤᠢ ᠤᠯᠤᠰ | ᠲᠦᠷᠦ ᠶᠢᠨ ᠵᠦᠪᠯᠡᠯᠭᠡᠨ ᠠᠴᠠ ᠲᠠᠪᠴᠠᠩ ᠪᠠᠶᠢᠭᠤᠯᠵᠤ ᠦᠭᠬᠦ ᠪᠠᠷ ᠲᠠᠮᠵᠢᠨ ᠤᠯᠤᠰ ᠲᠦᠷᠦ ᠶᠢᠨ ᠵᠦᠪᠯᠡᠯᠭᠡᠨ ᠤ | ᠬᠡᠰᠢᠬᠦᠨ᠂ ᠲᠤᠰᠬᠠᠢ ᠮᠡᠷᠭᠡᠵᠢᠯᠳᠠᠨ ᠡᠷᠳᠡᠮᠳᠡᠨ ᠪᠤᠯᠤᠨ ᠨᠡᠶᠢᠭᠡᠮ ᠤᠨ ᠡᠯ᠎ᠠ ᠡᠳᠡᠭᠡᠳ ᠤᠨ ᠠᠵᠤ ᠠᠬᠤᠢ ᠶᠢᠨ | ᠪᠠᠶᠢᠳᠠᠯ ᠤᠨ ᠲᠤᠬᠠᠢ ᠦᠵᠡᠯᠳᠠ ᠪᠠ ᠪᠤᠳᠤᠯ ᠰᠠᠨᠠᠯ ᠢ ᠦᠷᠭᠡᠨ ᠲᠠᠯᠭᠡᠷ ᠰᠤᠨᠤᠰᠴᠦ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠤ ᠠᠵᠤ ᠠᠬᠤᠢ ᠶᠢᠨ ᠪᠠᠶᠢᠳᠠᠯ ᠢ ᠵᠠᠳᠠᠯᠬᠤ ᠪᠠ ᠰᠤᠳᠤᠯᠤᠨ | ᠮᠠᠭᠠᠳᠯᠠᠬᠤ ᠳᠤ ᠦᠢᠯᠡᠴᠢᠯᠡᠭᠡ ᠬᠠᠨᠭ᠍ᠭᠠᠬᠤ ᠪᠤᠯᠤᠨ᠎ᠠ᠃ ᠲᠠᠷᠠᠭᠠᠴᠢ ᠪᠠᠷ᠂ ᠶᠡᠷᠦᠩᠭᠡᠢ ᠱᠦᠵᠢ ᠰᠢ ᠶᠢᠨ ᠫᠢᠡᠭ ᠤᠨ | ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠵᠢᠯ ᠢ ᠴᠢᠩᠭᠠᠳᠬᠠᠠ ᠰᠠᠶᠢᠵᠢᠷᠠᠭᠤᠯᠬᠤ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠦᠪᠯᠡᠯᠭᠡᠨ ᠤ ᠠᠵᠤ | ᠠᠬᠤᠢ ᠶᠢᠨ ᠪᠠᠶᠢᠳᠠᠯ ᠤᠨ ᠤᠯᠠᠷᠢᠯ ᠤᠨ ᠵᠦᠪᠯᠡᠬᠦ ᠬᠤᠷᠠᠯ ᠤᠨ ᠴᠢᠨᠠᠷ ᠴᠢᠨᠰᠠᠭ᠎ᠠ ᠶᠢ ᠬᠦᠴᠦᠯᠡᠨ ᠲᠡᠭᠡᠭᠰᠢᠯᠡᠬᠦᠯᠬᠦ | ᠬᠡᠷᠡᠭᠳᠡᠢ᠃ ᠤᠨᠤᠪᠴᠢᠳᠠᠢ ᠪᠠᠷ ᠰᠡᠳᠦᠪ ᠰᠤᠩᠭᠤᠬᠤ ᠲᠡᠭᠡᠷ᠎ᠠ ᠨᠠᠩ ᠬᠦᠴᠤ ᠲᠠᠯᠪᠢᠵᠤ᠂ ᠵᠦᠪᠯᠠᠨ ᠵᠠᠳᠠᠯᠬᠤ | ᠲᠠᠯ᠎ᠠ ᠪᠠᠷ ᠪᠦᠬᠦ ᠲᠠᠯ᠎ᠠ ᠶᠢ ᠬᠠᠮᠤᠷᠴᠤ᠂ ᠭᠤᠤᠯᠳᠠᠯᠭ᠎ᠠ ᠶᠢ ᠨᠠᠩ ᠲᠤᠪᠤᠶᠢᠯᠭᠠᠵᠤ᠂ ᠬᠦᠴᠦᠨ ᠴᠢᠳᠠᠯ ᠢᠶᠠᠨ | ᠲᠦᠪᠯᠡᠷᠡᠬᠦᠯᠤᠨ᠂ ᠤᠶᠤᠨ ᠤᠬᠠᠭᠠᠨ ᠢᠶᠠᠨ ᠬᠤᠷᠠᠮᠳᠤᠭᠤᠯᠵᠤ᠂ ᠭᠦᠨᠵᠡᠭᠡᠢ ᠵᠦᠪᠯᠡᠬᠦ ᠨᠡᠪᠳᠡᠷᠡᠳᠡᠯ᠎ᠠ ᠵᠦᠪᠯᠡᠬᠦ ᠪᠠᠷ | ᠬᠦᠴᠦᠯᠡᠨ ᠴᠢᠷᠮᠠᠶᠢᠵᠤ᠂ ᠪᠤᠳᠠᠳᠠᠢ ᠶᠢ ᠡᠷᠬᠢᠮᠯᠡᠭᠰᠡᠨ ᠭᠡᠷᠡᠭᠵᠢᠬᠦᠯᠦᠰᠢᠳᠠᠢ ᠰᠠᠨᠠᠯ ᠰᠠᠨᠠᠭᠤᠯᠭ᠎ᠠ ᠶᠢ ᠳᠤᠷᠠᠳᠬᠤ | ᠭᠡᠷᠡᠭᠳᠡᠢ᠃ ᠤᠶᠤᠨ ᠤ ᠬᠦᠮᠦᠷᠭᠡ ᠶᠢᠨ ᠪᠠᠶᠢᠭᠤᠯᠤᠯᠳᠠ ᠲᠡᠭᠡᠷ᠎ᠠ ᠨᠠᠩ ᠬᠦᠴᠤ ᠲᠠᠯᠪᠢᠵᠤ᠂ ᠪᠦᠬᠦ ᠤᠷᠤᠨ ᠤ | ᠴᠢᠳᠠᠪᠤᠷᠢᠳᠠᠨ ᠪᠠ ᠤᠶᠤᠨ ᠤ ᠡᠬᠢ ᠪᠠᠶᠠᠯᠢᠭ ᠢ ᠨᠢᠭᠡᠳᠦᠯᠳᠡᠢ ᠪᠤᠯᠭᠠᠵᠤ᠂ ᠪᠠᠶᠢᠯᠳᠤᠬᠤ ᠪᠤᠳᠤᠯᠭ᠎ᠠ ᠶᠢᠨ | ᠬᠠᠷᠠᠭᠠᠰᠤ ᠲᠠᠢ᠂ ᠲᠦᠷᠦ ᠶᠢᠨ ᠪᠤᠳᠤᠯᠭ᠎ᠠ ᠶᠢᠨ ᠤᠨᠤᠯ ᠤᠨ ᠲᠦᠪᠰᠢᠨ ᠢᠶᠠᠷ ᠦᠨᠳᠦᠷ ᠮᠦᠷᠳᠡᠭᠡᠨ ᠦᠪᠡᠷᠳᠡᠭᠡᠨ | ᠵᠠᠰᠠᠬᠤ ᠤᠷᠤᠨ ᠤ ᠪᠠᠶᠢᠳᠠᠯ ᠢ ᠤᠶᠢᠯᠠᠭᠠᠬᠤ᠂ ᠦᠢᠯᠡᠳᠦᠯᠭᠡ ᠶᠢᠨ ᠲᠤᠷᠰᠢᠯᠭ᠎ᠠ ᠪᠠᠷ ᠪᠠᠶᠠᠯᠢᠭ ᠨᠢᠭᠡ ᠪᠦᠯᠦᠭ | ᠲᠤᠰᠬᠠᠢ ᠮᠡᠷᠭᠡᠵᠢᠯᠳᠠᠨ ᠢ ᠰᠤᠩᠭᠤᠨ ᠬᠡᠷᠡᠭᠯᠡᠵᠦ᠂ ᠬᠦᠳᠡᠯᠦᠩᠭᠦᠢ ᠲᠤᠬᠢᠷᠠᠭᠤᠯᠤᠯᠳᠠ ᠶᠢᠨ ᠲᠤᠬᠳᠠᠴᠠ ᠶᠢ | ᠪᠠᠶᠢᠭᠤᠯᠵᠤ᠂ ᠤᠯᠤᠰ ᠲᠦᠷᠦ ᠶᠢᠨ ᠵᠦᠪᠯᠡᠯᠭᠡᠨ ᠤ ᠤᠶᠤᠨ ᠤ ᠬᠦᠮᠦᠷᠭᠡ ᠶᠢ ᠦᠨᠡᠨ ᠬᠦ ᠰᠠᠶᠢᠳᠤᠷ ᠪᠠᠶᠢᠭᠤᠯᠵᠤ | ᠰᠠᠶᠢᠳᠤᠷ ᠬᠠᠮᠢᠶᠠᠷᠴᠦ ᠰᠠᠶᠢᠳᠤᠷ ᠬᠡᠷᠡᠭᠯᠡᠬᠦ ᠬᠡᠷᠡᠭᠳᠡᠢ ᠭᠡᠪᠠ᠃ | ᠯᠢ ᠵᠢᠶᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠦᠪᠯᠡᠯᠭᠡᠨ ᠤ ᠠᠵᠤ ᠠᠬᠤᠢ ᠶᠢᠨ ᠪᠠᠶᠢᠳᠠᠯ ᠤᠨ | ᠤᠯᠠᠷᠢᠯ ᠤᠨ ᠵᠦᠪᠯᠡᠬᠦ ᠬᠤᠷᠠᠯ ᠨᠢ ᠨᠠᠮ ᠵᠠᠰᠠᠭ ᠤᠨ ᠬᠠᠯᠠᠮᠵᠢᠯᠠᠵᠤ ᠪᠠᠶᠢᠬᠤ ᠠᠰᠠᠭᠤᠳᠠᠯ ᠲᠡᠭᠡᠷ᠎ᠠ ᠠᠩᠬᠠᠷᠤᠯ ᠢᠶᠠᠨ | ᠲᠦᠪᠯᠡᠷᠡᠬᠦᠯᠵᠤ᠂ ᠬᠦᠨᠵᠡᠭᠡᠢ ᠵᠠᠳᠠᠯᠬᠤ ᠪᠠ ᠰᠤᠳᠤᠯᠤᠨ ᠮᠠᠭᠠᠳᠯᠠᠬᠤ ᠠᠵᠢᠯ ᠢ ᠰᠠᠶᠢᠳᠤᠷ ᠬᠢᠵᠤ᠂ ᠰᠢᠨᠵᠢᠯᠡᠬᠦ | ᠤᠬᠠᠭᠠᠨᠴᠢ ᠵᠦᠢ ᠵᠤᠬᠢᠰᠳᠠᠢ ᠰᠠᠨᠠᠯ ᠰᠠᠨᠠᠭᠤᠯᠭ᠎ᠠ ᠶᠢ ᠲᠤᠷᠠᠳᠴᠦ᠂ ᠭᠤᠤᠯ ᠠᠵᠢᠯ ᠤᠨ ᠲᠤᠭᠤᠷᠢᠨ ᠳᠤ ᠶᠡᠭᠡ ᠲᠠᠯ᠎ᠠ | ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠭᠦ ᠵᠠᠷᠴᠢᠮ ᠶᠤᠰᠤᠭᠠᠷ ᠤᠯᠤᠰ ᠲᠦᠷᠦ ᠶᠢᠨ ᠵᠦᠪᠯᠡᠯᠭᠡᠨ | ᠤ ᠦᠪᠡᠷᠮᠢᠴᠡ ᠲᠠᠪᠠᠭᠤᠯᠢᠭ ᠪᠠ ᠦᠢᠯᠡᠳᠦᠯ ᠢ ᠦᠨᠡᠡ ᠬᠦ ᠰᠠᠶᠢᠳᠤᠷ ᠪᠠᠳᠠᠷᠠᠭᠤᠯᠬᠤ ᠬᠡᠷᠡᠭᠳᠡᠢ᠃ ᠡᠯ᠎ᠠ ᠤᠯᠤᠰ | ᠲᠦᠷᠦ ᠶᠢᠨ ᠵᠦᠪᠯᠡᠯᠭᠡᠨ ᠤ ᠬᠡᠰᠢᠬᠦᠨ ᠪᠠ ᠲᠤᠰᠬᠠᠢ ᠮᠡᠷᠭᠡᠵᠢᠯᠳᠡᠨ ᠨᠠᠮ ᠵᠠᠰᠠᠭ ᠤᠨ ᠰᠢᠢᠳᠪᠤᠷᠢᠳᠤ ᠪᠤᠳᠤᠯᠭ᠎ᠠ | ᠲᠤᠬᠳᠠᠭᠠᠬᠤ ᠬᠡᠷᠡᠭᠴᠡᠭᠡ ᠱᠠᠭᠠᠷᠳᠠᠯᠭ᠎ᠠ ᠳᠤ ᠰᠠᠭᠤᠷᠢᠯᠠᠵᠤ᠂ ᠤᠳᠠᠭ᠎ᠠ ᠪᠦᠷᠢ ᠶᠢᠨ ᠠᠵᠤ ᠠᠬᠤᠢ ᠶᠢᠨ ᠵᠦᠪᠯᠡᠬᠦ | ᠬᠤᠷᠠᠯ ᠳᠤ ᠲᠤᠬᠳᠠᠭᠠᠬᠰᠠᠨ ᠶᠠᠷᠢᠯᠴᠠᠬᠤ ᠰᠡᠳᠦᠪ ᠤᠨ ᠲᠤᠭᠤᠷᠢᠨ ᠳᠤ ᠭᠦᠨᠵᠡᠭᠡᠢ ᠪᠠᠶᠢᠴᠠᠭᠠᠨ ᠰᠤᠳᠤᠯᠬᠤ᠂ | ᠭᠦᠨᠵᠡᠭᠡᠢ ᠵᠦᠪᠯᠡᠬᠦ᠂ ᠤᠨᠤᠪᠴᠢᠳᠠᠢ ᠰᠠᠨᠠᠯ ᠰᠠᠨᠠᠭᠤᠯᠭ᠎ᠠ ᠲᠡᠪᠰᠢᠬᠦᠯᠬᠦ ᠲᠡᠭᠡᠷ᠎ᠠ ᠦᠨᠡᠨ ᠬᠦ ᠬᠦᠴᠤ ᠲᠠᠯᠪᠢᠵᠤ᠂ | ᠤᠯᠤᠰ ᠲᠦᠷᠦ ᠶᠢᠨ ᠵᠦᠪᠯᠡᠯᠭᠡᠨ ᠤ ᠠᠵᠤ ᠠᠬᠤᠢ ᠶᠢᠨ ᠪᠠᠶᠢᠳᠠᠯ ᠤᠨ ᠤᠯᠠᠷᠢᠯ ᠤᠨ ᠵᠦᠪᠯᠡᠬᠦ ᠬᠤᠷᠠᠯ ᠢ ᠨᠡᠷ᠎ᠠ | ᠨᠢᠳᠡᠷ ᠲᠡᠭᠡᠨ ᠲᠤᠬᠢᠷᠠᠬᠰᠠᠨ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠭᠤᠤᠯ | ᠵᠦᠢᠯ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ ᠠᠵᠤ ᠠᠬᠤᠢ ᠶᠢᠨ ᠴᠢᠨᠠᠷ ᠰᠠᠶᠢᠳᠠᠢ ᠭᠦᠭᠵᠢᠯᠳᠡ ᠳᠤ | ᠦᠢᠯᠡᠴᠢᠯᠡᠬᠦ ᠪᠠ ᠬᠦᠴᠦᠨ ᠨᠡᠮᠡᠷᠢᠯᠡᠬᠦ ᠬᠡᠷᠡᠭᠳᠡᠢ ᠭᠡᠪᠠ᠃ |