ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠶᠢᠯᠠᠩ ᠤᠨ 34 ᠳ᠋ᠤᠭᠡᠷ ᠤᠳᠠᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/7/19
     7 ᠳ᠋ᠤᠭᠠᠷ ᠰᠠᠷ᠎ᠠ ᠶᠢᠨ 18᠎ ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠎ ᠤᠨ ᠬᠤᠷᠢᠶ᠎ᠠ ᠶᠢᠨ ᠱᠦᠵᠢ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠶᠢᠯᠠᠩ ᠤᠨ ᠲᠠᠷᠤᠭ᠎ᠠ ᠯᠢ ᠵᠢᠢ ᠾᠧᠩ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠶᠢᠯᠠᠩ ᠤᠨ 34 ᠳ᠋ᠤᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ᠶᠠᠷᠢᠶ᠎ᠠ ᠲᠠᠯᠪᠢᠪᠠ᠃ ᠲᠡᠷᠡ ᠴᠢᠬᠤᠯᠠᠴᠢᠯᠠᠭᠰᠠᠨ ᠎ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠦᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠤᠨ᠂ ᠬᠦᠭᠵᠢᠯᠳᠡ ᠶᠢᠨ ᠲᠤᠮᠳᠠ ᠲᠤᠯᠭᠠᠷᠠᠵᠤ ᠪᠦᠬᠦᠢ ᠭᠤᠤᠯᠳᠠᠯᠭ᠎ᠠ ᠲᠠᠢ ᠬᠦᠴᠢᠷᠳᠡᠯ ᠲᠠᠢ ᠠᠰᠠᠭᠤᠳᠠᠯ ᠢ ᠬᠦᠴᠦᠯᠡᠨ ᠰᠢᠢᠳᠪᠦᠷᠢᠯᠡᠵᠤ᠂ ᠬᠠᠷᠢᠭᠤᠴᠠᠯᠭ᠎ᠠ ᠪᠠᠨ ᠴᠢᠩᠭᠠᠳᠬᠠᠨ᠂ ᠨᠡᠶᠢᠳᠡᠪᠦᠷᠢᠵᠢᠭᠤᠯᠤᠯᠳᠠ ᠶᠢ ᠴᠢᠩᠭ᠎ᠠ ᠠᠳᠬᠤᠵᠤ᠂ ᠪᠤᠳᠠᠳᠠᠢ ᠶᠢ ᠡᠷᠬᠢᠮᠯᠡᠨ ᠦᠷ᠎ᠠ ᠪᠦᠳᠦᠮᠵᠢ ᠭᠠᠷᠭᠠᠵᠤ᠂ ᠦᠷᠢᠰᠦᠯᠳᠦᠨ ᠦᠭᠡᠷᠡᠴᠢᠯᠡᠯᠳᠡ ᠬᠢᠵᠤ ᠬᠦᠴᠦ ᠪᠠᠨ ᠬᠠᠮᠳᠤᠳᠬᠠᠨ ᠪᠤᠭᠤᠮᠳᠠ ᠰᠢᠪᠳᠤᠯᠬᠤ ᠠᠮᠢᠳᠤᠯᠢᠭ ᠪᠠᠶᠢᠳᠠᠯ ᠢ ᠴᠢᠷᠮᠠᠶᠢᠨ ᠡᠭᠦᠳᠬᠦ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠢᠨ‌ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠶᠢᠯᠠᠩ ᠤᠨ ᠲᠡᠳ᠋ ᠲᠠᠷᠤᠭ᠎ᠠ ᠯᠢ ᠵᠢᠶᠠ ᠬᠤᠷᠠᠯ ᠳᠤ ᠤᠷᠤᠯᠴᠠᠵᠠᠢ᠃      ᠬᠤᠷᠠᠯ ᠠᠴᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠠᠵᠤ ᠠᠬᠤᠶᠢᠯᠠᠯ ᠤᠨ ᠭᠠᠳᠠᠭᠠᠳᠦ ᠳᠠᠬᠢ ᠡᠵᠡᠩᠨᠡᠯᠳᠡ ᠶᠢᠨ ᠠᠵᠢᠯᠯᠠᠭ᠎ᠠ ᠶᠢ ᠵᠢᠷᠤᠮᠵᠢᠭᠤᠯᠬᠤ ᠲᠤᠬᠠᠢ ᠬᠡᠷᠡᠭᠵᠢᠭᠦᠯᠭᠦ ᠨᠠᠷᠢᠨ ᠲᠦᠷᠢᠮ︾᠂ ︽ᠮᠠᠨ ᠤ ᠤᠷᠤᠨ ᠤ ᠬᠢᠯᠢ ᠶᠢᠨ ᠭᠠᠳᠠᠨᠠᠬᠢ ᠠᠵᠤ ᠠᠬᠤᠶᠢᠯᠠᠯ ᠪᠠ ᠭᠠᠳᠠᠭᠠᠳᠦ ᠪᠡᠯᠡ ᠤᠷᠤᠭᠤᠯᠤᠯᠳᠠ ᠶᠢᠨ ᠠᠮᠤᠷ ᠲᠦᠪᠰᠢᠨ ᠤ ᠠᠵᠢᠯ ᠢ ᠰᠠᠶᠢᠵᠢᠷᠠᠭᠤᠯᠬᠤ ᠲᠤᠬᠠᠢ ᠬᠡᠷᠡᠭᠵᠢᠭᠦᠯᠭᠦ ᠰᠠᠨᠠᠯ︾᠂ ︽ᠦᠪᠡᠷᠳᠡᠭᠡᠨ ᠵᠠᠰᠠᠬᠤ ᠤᠷᠤᠨ ᠤ ᠨᠠᠭᠤᠷ ᠤᠨ ᠲᠠᠷᠤᠭ᠎ᠠ ᠶᠢᠨ ᠲᠦᠷᠢᠮ ᠢ ᠬᠡᠷᠡᠭᠵᠢᠭᠦᠯᠭᠦ ᠠᠵᠢᠯ ᠤᠨ ᠲᠦᠰᠦᠯ︾᠂ ︽ᠬᠠᠮᠢᠶ᠎ᠠ ᠪᠦᠬᠦᠢ ᠬᠦᠷᠢᠶᠡᠨ ᠳᠠᠬᠢ ᠦᠨᠡᠨ ᠨᠡᠷ᠎ᠠ ᠪᠠᠷ ᠲᠠᠩᠰᠠᠯᠠᠭᠤᠯᠬᠤ ᠲᠦᠷᠢᠮ ᠢ ᠲᠡᠬᠦᠯᠳᠡᠷᠵᠢᠬᠦᠯᠬᠦ ᠲᠤᠬᠠᠢ ᠬᠡᠷᠡᠭᠵᠢᠭᠦᠯᠭᠦ ᠲᠦᠰᠦᠯ︾᠂ ︽ᠠᠵᠤ ᠠᠬᠤᠶᠢᠯᠠᠯᠳᠠᠨ ᠤ ᠡᠷᠡᠭᠦᠯ ᠢᠶᠠᠷ ᠦᠰᠦᠨ ᠪᠤᠶᠢᠵᠢᠬᠤ ᠤᠷᠴᠢᠨ ᠲᠤᠭᠤᠷᠢᠨ ᠢ ᠪᠤᠢ ᠪᠤᠯᠭᠠᠵᠤ ᠰᠢᠯᠢᠳᠡᠭ ᠠᠵᠤ ᠠᠬᠤᠶᠢᠯᠠᠯᠳᠠᠨ ᠤ ᠵᠤᠷᠢᠭ ᠰᠠᠨᠠᠭ᠎ᠠ ᠶᠢ ᠪᠠᠳᠠᠷᠠᠭᠤᠯᠤᠨ ᠠᠵᠤ ᠠᠬᠤᠶᠢᠯᠠᠯᠳᠠᠨ ᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠲᠤᠬᠠᠢ ᠰᠠᠨᠠᠯ︾᠂ ︽ᠬᠠᠤᠯᠢ ᠴᠠᠭᠠᠵᠠ ᠶᠢᠨ ᠬᠢᠨᠠᠨ ᠲᠤᠬᠳᠠᠭᠠᠵᠤ ᠬᠠᠮᠢᠶᠠᠷᠬᠤ ᠲᠤᠬᠳᠠᠴᠠ ᠶᠢ ᠲᠡᠬᠦᠯᠳᠡᠷᠵᠢᠬᠦᠯᠦᠨ ᠨᠢᠭᠡᠳᠦᠯᠳᠡᠢ ᠪᠤᠯᠭᠠᠬᠤ ᠲᠤᠬᠠᠢ ᠬᠡᠷᠡᠭᠵᠢᠭᠦᠯᠭᠦ ᠲᠦᠰᠦᠯ︾᠎ ᠢ ᠬᠢᠨᠠᠨ ᠵᠦᠪᠯᠡᠵᠤ ᠪᠠᠳᠤᠯᠠᠨ᠂ ᠪᠦᠬᠦ ᠤᠷᠤᠨ ᠤ ᠡᠪ ᠬᠠᠮᠳᠤ ᠵᠠᠯᠠᠭᠤᠴᠤᠳ ᠎ ᠤᠨ ᠡᠪᠯᠡᠯ ᠤᠨ ᠦᠭᠡᠷᠡᠴᠢᠯᠡᠯᠳᠡ ᠶᠢ ᠨᠡᠶᠢᠳᠡᠪᠦᠷᠢᠵᠢᠭᠤᠯᠤᠬᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠰᠠᠨ ᠮᠡᠳᠡᠭᠦᠯᠦᠯᠳᠡ ᠶᠢ ᠬᠢᠨᠠᠨ ᠵᠦᠪᠯᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠲᠦᠪ ᠤᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠰᠠᠶᠢᠳᠤᠷ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ᠃ ᠦᠭᠡᠷᠡᠴᠢᠯᠡᠯᠳᠡ ᠶᠢᠨ ᠬᠠᠷᠢᠭᠤᠴᠠᠯᠭ᠎ᠠ ᠪᠠᠨ ᠴᠢᠨᠠᠬᠰᠢᠳᠠ ᠪᠤᠳᠠᠳᠠᠶᠢᠵᠢᠭᠤᠯᠵᠤ᠂ ᠬᠠᠷᠢᠭᠤᠴᠠᠯᠭ᠎ᠠ ᠶᠢᠨ ᠬᠤᠪᠢᠶᠠᠷᠢᠯᠠᠯ ᠪᠤᠯᠤᠨ ᠬᠠᠷᠢᠭᠤᠴᠠᠯᠭ᠎ᠠ ᠶᠢᠨ ᠨᠡᠶᠢᠳᠡᠪᠦᠷᠢᠵᠢᠭᠤᠯᠤᠯᠳᠠ ᠶᠢ ᠰᠠᠶᠢᠳᠤᠷ ᠠᠳᠬᠤᠵᠤ᠂ ᠠᠵᠢᠯ ᠪᠦᠷᠢ ᠳᠤ ᠬᠠᠷᠢᠭᠤᠴᠠᠯᠭ᠎ᠠ ᠲᠤᠬᠳᠠᠭᠠᠨ ᠬᠠᠷᠢᠭᠤᠴᠠᠯᠭ᠎ᠠ ᠨᠡᠭᠡᠮᠵᠢᠯᠡᠵᠤ ᠬᠦᠮᠦᠨ ᠨᠢᠭᠡᠪᠤᠷᠢ ᠳᠤ ᠬᠦᠷᠳᠡᠯ᠎ᠡ ᠨᠠᠶᠢᠳᠠᠪᠤᠷᠢᠵᠢᠭᠤᠯᠬᠤ ᠶᠢ ᠪᠠᠳᠤᠯᠠᠬᠤ ᠬᠡᠷᠡᠭᠳᠡᠢ᠃ ᠦᠭᠡᠷᠡᠴᠢᠯᠡᠯᠳᠡ ᠶᠢᠨ ᠭᠤᠤᠯᠳᠠᠯᠭ᠎ᠠ ᠳᠤ ᠴᠢᠨᠠᠬᠰᠢᠳᠠ ᠠᠩᠬᠠᠷᠤᠯ ᠢᠶᠠᠨ ᠲᠦᠪᠯᠡᠷᠡᠭᠦᠯᠵᠤ᠂ ︽ᠲᠠᠯᠪᠢᠬᠤ ᠬᠠᠮᠢᠶᠠᠷᠬᠤ ᠦᠢᠯᠡᠴᠢᠯᠡᠭᠦ︾᠂ ᠡᠳ᠋ ᠤᠨ ᠵᠠᠰᠠᠭ ᠭᠠᠶᠢᠯᠢ ᠲᠠᠳᠠᠪᠤᠷᠢ ᠮᠦᠩᠭᠦᠨ ᠬᠦᠢᠯᠭᠡᠭᠡᠨ᠂ ᠤᠯᠤᠰ ᠤᠨ ᠦᠮᠴᠢᠯᠡᠯ ᠤᠨ ᠠᠵᠤ ᠠᠬᠤᠶᠢᠯᠠᠯ ᠤᠯᠤᠰ ᠤᠨ ᠦᠮᠴᠢᠯᠡᠯ ᠤᠨ ᠡᠳ᠋ ᠬᠦᠷᠦᠩᠭᠡ᠂ ᠰᠢᠨᠵᠢᠯᠡᠭᠦ ᠤᠬᠠᠭᠠᠨ ᠮᠡᠷᠭᠡᠵᠢᠯ ᠤᠨ ᠴᠢᠳᠠᠪᠤᠷᠢᠳᠠᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠠᠮᠢ ᠠᠬᠤᠢ ᠶᠢᠨ ᠪᠤᠯᠪᠠᠰᠤᠨ ᠵᠢᠴᠢ ᠤᠯᠠᠨ ᠲᠦᠮᠡᠨ ᠤ ᠪᠦᠯᠬᠦᠮ ᠵᠡᠷᠭᠡ ᠬᠦᠷᠢᠶᠡᠨ ᠳᠠᠬᠢ ᠦᠭᠡᠷᠡᠴᠢᠯᠡᠯᠳᠡ ᠶᠢ ᠬᠦᠴᠦᠯᠡᠨ ᠬᠦᠨᠵᠡᠭᠡᠶᠢᠷᠡᠭᠦᠯᠵᠤ᠂ ᠢᠯᠠᠩᠭᠤᠶ᠎ᠠ ᠤᠷᠤᠨ ᠨᠤᠳᠤᠭ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠴᠢᠩᠭ᠎ᠠ ᠪᠤᠳᠠᠳᠠᠢ ᠰᠠᠶᠢᠳᠤᠷ ᠠᠳᠬᠤᠬᠤ ᠬᠡᠷᠡᠭᠳᠡᠢ᠃ ᠬᠠᠷᠢᠭᠤᠴᠠᠯᠭ᠎ᠠ ᠡᠭᠦᠷᠭᠡᠯᠡᠵᠤ ᠵᠢᠳᠭᠦᠯ ᠴᠢᠷᠮᠠᠶᠢᠯᠭ᠎ᠠ ᠭᠠᠷᠭᠠᠬᠤ ᠶᠢ ᠴᠢᠨᠠᠬᠰᠢᠳᠠ ᠤᠷᠮᠠᠰᠢᠭᠤᠯᠵᠤ᠂ ᠨᠠᠮ ᠤᠨ ᠲᠦᠪ ᠬᠤᠷᠢᠶ᠎ᠠ ᠶᠢᠨ ︽ᠦᠷᠬᠡᠨ ᠤᠯᠠᠨ ᠺᠠᠳ᠋ᠷ ᠤᠨ ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠬᠦᠷᠬᠡᠯᠡᠯ ᠰᠢᠨ᠎ᠡ ᠵᠢᠳᠬᠦᠯ ᠴᠢᠷᠮᠠᠶᠢᠯᠭ᠎ᠠ ᠲᠠᠢ ᠪᠠᠶᠢᠬᠤ ᠎ ᠶᠢ ᠴᠢᠨᠠᠭᠰᠢᠳᠠ ᠤᠷᠮᠠᠰᠢᠭᠤᠯᠬᠤ ᠲᠤᠬᠠᠢ ᠰᠠᠨᠠᠯ︾᠎ ᠢ ᠨᠠᠷᠢᠨ ᠬᠢᠨᠠᠮᠠᠭᠠᠢ ᠨᠡᠶᠢᠳᠡᠪᠦᠷᠢᠵᠢᠭᠤᠯᠵᠤ᠂ ᠬᠠᠮᠢᠶ᠎ᠠ ᠪᠦᠬᠦᠢ ᠢᠵᠢ ᠪᠦᠷᠢᠳᠦᠭᠦᠯᠬᠦ ᠦᠭᠡᠷᠡᠴᠢᠯᠡᠯᠳᠡ ᠶᠢᠨ ᠠᠵᠢᠯ ᠢ ᠲᠠᠷᠤᠢ ᠲᠦᠷᠭᠡᠨ ᠰᠤᠳᠤᠯᠤᠨ ᠡᠬᠢᠯᠡᠭᠦᠯᠭᠦ ᠬᠡᠷᠡᠭᠳᠡᠢ᠃ ᠦᠭᠡᠷᠡᠴᠢᠯᠡᠯᠳᠡ ᠶᠢ ᠨᠡᠶᠢᠳᠡᠪᠦᠷᠢᠵᠢᠭᠤᠯᠬᠤ ᠪᠠᠨ ᠴᠢᠨᠠᠬᠰᠢᠳᠠ ᠴᠢᠩᠭᠠᠳᠬᠠᠵᠤ᠂ ᠦᠭᠡᠷᠡᠴᠢᠯᠡᠯᠳᠡ ᠶᠢ ᠵᠤᠬᠢᠴᠠᠭᠤᠯᠬᠤ ᠪᠠ ᠦᠭᠡᠷᠡᠴᠢᠯᠡᠯᠳᠡ ᠶᠢ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠨ᠂ ᠦᠭᠡᠷᠡᠴᠢᠯᠡᠯᠳᠡ ᠶᠢᠨ ᠠᠷᠭ᠎ᠠ ᠬᠢᠳᠡᠯ ᠢ ᠪᠤᠳᠠᠳᠠᠢ ᠳᠤ ᠨᠡᠶᠢᠳᠡᠪᠦᠷᠢᠵᠢᠭᠤᠯᠬᠤ ᠶᠢ ᠠᠬᠢᠭᠤᠯᠵᠤ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠳᠤ ᠲᠦᠰᠢᠭᠯᠡᠨ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠭᠦ ᠶᠢ ᠠᠬᠢᠭᠤᠯᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠭᠦ ᠤᠳᠤᠷᠢᠳᠬᠤ ᠲᠤᠭᠤᠶᠢᠯᠠᠩ ᠤᠨ ᠪᠦᠷᠢᠯᠳᠦᠭᠦᠨ ᠨᠠᠷ ᠬᠤᠷᠠᠯ ᠳᠤ ᠤᠷᠤᠯᠴᠠᠵᠤ᠂ ᠬᠠᠮᠢᠶ᠎ᠠ ᠪᠦᠬᠦᠢ ᠲᠠᠯ᠎ᠠ ᠶᠢᠨ ᠬᠠᠷᠢᠭᠤᠴᠠᠯᠭᠠᠳᠠᠨ ᠨᠦᠬᠦᠳ ᠬᠤᠷᠠᠯ ᠳᠤ ᠰᠤᠯᠠ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号