ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠢ ᠬᠦᠬᠡᠬᠤᠳᠠ ᠳᠤ ᠬᠢᠪᠡ
ᠨᠡᠶᠢᠲᠡᠯᠡᠭᠰᠡᠨ ᠴᠠᠭ᠄
2018/7/2
         6 ᠳ᠋ᠤᠭᠠᠷ ᠰᠠᠷ᠎ᠠ ᠶᠢᠨ 30᠎ ᠤ ᠡᠳᠦᠷ᠂ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠢ ᠬᠦᠬᠡᠬᠤᠳᠠ ᠳᠤ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠣᠣᠱᠯᠠᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠬᠦᠴᠦᠯᠡᠨ ᠴᠢᠩᠭᠠᠳᠬᠠᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢ ᠡᠷᠡᠰ ᠰᠠᠶᠢᠳᠤᠷ ᠬᠢᠵᠤ᠂ ᠡᠭᠡ ᠤᠯᠤᠰ ᠤᠨ ᠤᠮᠠᠷᠠᠳᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠤᠬᠴᠠᠯᠠᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠢᠴᠢᠭ ᠢᠶᠠᠷ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠳ᠋ᠦᠩᠨᠡᠯᠳᠡ ᠶᠢᠨ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠤᠯᠤᠨ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠬᠠᠮᠢᠶ᠎ᠠ ᠪᠦᠬᠦᠢ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠵᠡᠪᠰᠡᠭᠳᠦ ᠴᠠᠬᠳᠠᠭᠠᠨ ᠤ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠺᠤᠮᠠᠨᠳᠠᠯᠠᠬᠴᠢ ᠬᠤᠷᠠᠯ ᠳᠤ ᠤᠷᠤᠯᠴᠠᠵᠠᠢ᠃ ᠯᠢ ᠵᠢᠢ ᠾᠧᠩ ᠵᠢᠭᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ ᠠᠭᠤᠯᠤᠬᠳᠠᠬᠤᠨ ᠪᠠᠶᠠᠯᠢᠭ᠂ ᠤᠳᠬ᠎ᠠ ᠰᠠᠨᠠᠭ᠎ᠠ ᠬᠦᠨ ᠪᠠᠶᠢᠵᠤ᠂ ᠮᠠᠷᠺᠰ ᠤᠨ ᠦᠵᠡᠯ ᠤᠨ ᠬᠦᠮᠦᠨ ᠲᠦᠷᠦᠯᠬᠢᠳᠡᠨ ᠬᠢᠭᠡᠳ ᠪᠠᠶᠢᠭᠠᠯᠢ ᠶᠢᠨ ᠬᠠᠷᠢᠴᠠᠭᠠᠨ ᠤ ᠤᠨᠤᠯ ᠤᠨ ᠰᠢᠨ᠎ᠠ ᠠᠬᠤᠢ ᠪᠠᠶᠢᠳᠠᠯ ᠢ ᠡᠭᠦᠳᠴᠤ᠂ ᠮᠠᠨ ᠤ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠡᠤᠭᠡᠳᠦ ᠴᠢᠨᠠᠷᠳᠠᠢ᠂ ᠡᠷᠬᠢᠯᠳᠡ ᠶᠢᠨ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠬᠤᠪᠢᠷᠠᠯᠳᠠ ᠶᠢ ᠬᠦᠳᠦᠯᠦᠨ ᠵᠢᠯᠤᠭᠤᠳᠪᠠ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠰᠢ ᠎ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠣᠣᠱᠯᠠᠭᠤᠯᠵᠤ᠂ ᠰᠤᠷᠤᠯᠴᠠᠨ ᠮᠡᠳᠡᠵᠤ ᠨᠡᠪᠳᠡᠷᠡᠳᠡᠯ᠎ᠠ ᠤᠢᠢᠯᠠᠭᠠᠵᠤ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠵᠤ᠂ ᠪᠤᠳᠠᠳᠤ ᠠᠵᠢᠯᠯᠠᠭ᠎ᠠ ᠪᠤᠯᠤᠨ ᠰᠢᠯᠢᠳᠡᠭ ᠠᠮᠵᠢᠯᠳᠡ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠡᠷᠭᠡ ᠰᠦᠷ ᠪᠤᠯᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠎ ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ ᠬᠡᠵᠠᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠬᠠᠢ ᠨᠠᠨᠳᠢᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠵᠦᠪ ᠬᠦᠭᠵᠢᠯᠳᠡ ᠶᠢᠨ ᠦᠵᠡᠯᠳᠡ ᠪᠤᠯᠤᠨ ᠠᠵᠢᠯ ᠤᠨ ᠠᠮᠵᠢᠯᠳᠡ ᠪᠦᠳᠦᠮᠵᠢ ᠶᠢᠨ ᠦᠵᠡᠯᠳᠡ ᠶᠢ ᠪᠠᠳᠤ ᠪᠤᠢ ᠪᠤᠯᠭᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠳᠠᠬᠢ ᠲᠤᠪᠤᠶᠢᠮ᠎ᠠ ᠠᠰᠠᠭᠤᠳᠠᠯ ᠢ ᠦᠨᠡᠨᠭᠦ ᠰᠢᠢᠳᠪᠦᠷᠢᠯᠡᠵᠤ᠂ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠠᠬᠪᠴᠢ ᠶᠢ ᠪᠠᠳᠤ ᠴᠤᠬᠴᠠᠯᠠᠬᠤ ᠳᠤ ᠦᠷᠭᠦᠯᠵᠢᠯᠡᠨ ᠬᠦᠴᠦ ᠤᠷᠤᠭᠤᠯᠬᠤ ᠬᠡᠷᠡᠭᠳᠡᠢ᠃ ᠬᠦᠭᠡ ᠤᠬᠳᠠᠷᠭᠤᠢ᠂ ᠴᠡᠩᠬᠡᠷ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ ᠢᠯᠠᠯᠳᠠ ᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠶᠡᠭᠡᠪᠡᠷ ᠦᠷᠨᠢᠭᠦᠯᠵᠤ᠂ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠵᠤ ᠰᠡᠯᠪᠢᠨ ᠰᠡᠷᠭᠦᠭᠡᠬᠦ ᠠᠵᠢᠯ ᠢ ᠴᠢᠩᠭᠠᠳᠬᠠᠨ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠢᠯᠠᠯᠳᠠ ᠶᠢ ᠪᠦᠬᠦ ᠲᠠᠯ᠎ᠠ ᠪᠠᠷ ᠲᠡᠮᠡᠴᠡᠨ ᠤᠯᠬᠤ ᠬᠡᠷᠡᠭᠳᠡᠢ᠃ ᠪᠤᠬᠢᠷᠳᠦᠯ ᠦᠭᠡᠢ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠵᠤ᠂ ᠪᠤᠬᠢᠷᠳᠦᠯ ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠤ᠂ ᠬᠦᠭᠡᠮᠳᠦᠭ ᠨᠤᠭᠤᠭᠠᠨ ᠠᠭᠤᠯᠠ ᠤᠰᠤ ᠶᠢᠨ ᠦᠩᠭᠡ ᠲᠦᠷᠭᠦ ᠶᠢ ᠰᠠᠶᠢᠵᠢᠷᠠᠭᠤᠯᠤᠨ ᠠᠯᠳᠠ ᠮᠦᠩᠭᠦᠨ ᠠᠭᠤᠯᠠ ᠶᠢᠨ ︽ᠦᠨ᠎ᠡ ᠦᠷᠳᠡᠭ︾᠎ ᠢ ᠨᠡᠮᠡᠭᠳᠡᠭᠦᠯᠬᠦ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠪᠠᠶᠢᠬᠤ︾ ᠱᠠᠭᠠᠷᠳᠠᠯᠭ᠎ᠠ ᠶᠢ ᠴᠢᠩᠭ᠎ᠠ ᠰᠠᠶᠢᠳᠤᠷ ᠨᠡᠶᠢᠳᠡᠪᠦᠷᠢᠵᠢᠭᠤᠯᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ ᠬᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠣᠣᠱᠯᠠᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠦ ᠶᠢ ᠠᠷᠠᠳ ᠤᠨ ᠠᠮᠢᠳᠤᠷᠠᠯ ᠤᠨ ᠠᠵᠢᠯ ᠤᠨ ᠢᠶᠠᠨ ᠤᠷᠢᠳᠠᠪᠡᠷ ᠬᠢᠭᠦ ᠬᠦᠷᠢᠶ᠎ᠠ ᠴᠠᠷᠠᠭ᠎ᠠ ᠪᠤᠯᠭᠠᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢ ᠡᠷᠡᠰ ᠰᠠᠶᠢᠳᠤᠷ ᠬᠢᠭᠦ ᠬᠡᠷᠡᠭᠳᠡᠢ᠃ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠵᠤ᠂ ᠠᠵᠤ ᠦᠢᠯᠡᠰ ᠤᠨ ᠠᠮᠢ ᠠᠬᠤᠢᠢᠵᠢᠯᠳᠠ᠂ ᠠᠮᠢ ᠠᠬᠤᠢ ᠶᠢᠨ ᠠᠵᠤ ᠦᠢᠯᠡᠰᠵᠢᠯᠳᠡ ᠪᠠᠷ ᠭᠤᠤᠯ ᠴᠤᠬᠴᠠ ᠪᠠᠨ ᠪᠤᠯᠭᠠᠬᠰᠠᠨ ᠠᠮᠢ ᠠᠬᠤᠢ ᠎ ᠶᠢᠨ ᠠᠵᠤ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠬᠤ ᠬᠡᠷᠡᠭᠳᠡᠢ᠃ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠬᠤ ᠪᠠ ᠰᠡᠯᠪᠢᠨ ᠰᠡᠷᠭᠦᠭᠡᠬᠦ ᠠᠵᠢᠯ ᠢ ᠠᠬᠢᠭᠤᠯᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠬᠡᠷᠡᠭᠳᠡᠢ᠃ ᠬᠠᠤᠯᠢᠵᠢᠯ ᠤᠨ ᠰᠡᠳᠬᠢᠭᠦᠢ ᠪᠠᠨ ᠴᠢᠩᠭᠠᠳᠬᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ᠂ ᠬᠠᠤᠯᠢᠵᠢᠯ ᠤᠨ ᠲᠦᠪᠰᠢᠨ ᠢ ᠲᠡᠭᠡᠭᠰᠢᠯᠡᠭᠦᠯᠭᠦ ᠬᠡᠷᠡᠭᠳᠡᠢ᠃ ᠪᠦᠬᠦ ᠨᠡᠶᠢᠭᠡᠮ ᠳᠤ ᠪᠤᠬᠢᠷᠳᠦᠯ ᠦᠭᠡᠢ ᠬᠦᠭᠵᠢᠯᠳᠡ ᠶᠢᠨ  ᠣᠨᠣᠯᠵᠢᠬᠤᠨ ᠢ ᠰᠠᠨᠠᠭᠠᠴᠢᠯᠠᠵᠤ᠂ ᠤᠯᠠᠨ ᠨᠡᠶᠢᠳᠡ ᠶᠢᠨ ᠪᠠᠶᠢᠭᠤᠯᠤᠮᠵᠢ ᠢᠯᠠᠩᠭᠤᠶ᠎ᠠ ᠨᠠᠮ ᠵᠠᠰᠠᠭ ᠤᠨ ᠪᠠᠶᠢᠭᠤᠯᠭ᠎ᠠ ᠪᠦᠭᠦ ᠨᠡᠶᠢᠭᠡᠮ ᠎ ᠤᠨ ᠡᠮᠦᠨ᠎ᠠ ᠡᠩᠨᠡᠭᠡᠨ ᠳᠤ ᠬᠤᠰᠢᠭᠤᠷᠠᠨ ᠬᠡᠪ ᠲᠠᠭᠤᠷᠢᠶᠠᠯ ᠦᠵᠡᠭᠦᠯᠭᠦ ᠬᠡᠷᠡᠭᠳᠡᠢ ᠬᠡᠪᠠ᠃      ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠭᠤᠯᠪᠠ᠃ ᠬᠡᠰᠡᠭ ᠠᠶᠢᠮᠠᠭ ᠬᠤᠳᠠ᠂ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠳᠠᠨ ᠨᠦᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号