ᠪᠦᠬᠦ ᠤᠷᠤᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2018-07-02
     6 ᠳ᠋ᠤᠭᠠᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ ᠠᠴᠠ 30᠎ ᠤ ᠡᠳᠦᠷ ᠤᠨ ᠦᠳᠡ ᠶᠢᠨ ᠡᠮᠦᠨ᠎ᠠ ᠪᠤᠯᠳᠠᠯ᠎ᠠ᠂ ᠪᠦᠬᠦ ᠤᠷᠤᠨ ᠤ ᠰᠦᠯᠵᠢᠶᠠᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ᠂ ᠪᠦᠬᠦ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠠ ᠴᠠᠭ ᠦᠶ᠎ᠠ ᠶᠢᠨ ᠰᠦᠯᠵᠢᠶᠠᠨ ᠤ ᠮᠡᠳᠡᠭᠡ ᠵᠠᠩᠬᠢ ᠶᠢᠨ ᠠᠵᠢᠯ ᠢ ᠰᠠᠶᠢᠲᠤᠷ ᠬᠢᠭᠦ ᠬᠠᠷᠢᠭᠤᠴᠠᠯᠭᠠᠳᠦ ᠰᠡᠳᠬᠢᠯᠭᠡ ᠪᠤᠯᠤᠨ ᠡᠭᠦᠷᠭᠡᠳᠦ ᠪᠤᠳᠤᠯ ᠢᠶᠠᠨ ᠴᠢᠩᠭᠠᠳᠬᠠᠵᠤ᠂ ᠮᠠᠨ ᠤ ᠤᠷᠤᠨ ᠤ ᠰᠦᠯᠵᠢᠶᠠᠨ ᠎ ᠤ ᠮᠡᠳᠡᠭᠡ ᠵᠠᠩᠬᠢ ᠶᠢᠨ ᠦᠢᠯᠡᠰ ᠤᠨ ᠬᠦᠭᠵᠢᠯᠳᠡ ᠶᠢᠨ ᠰᠢᠨ᠎ᠠ ᠪᠠᠶᠢᠳᠠᠯ ᠢ ᠲᠠᠰᠤᠷᠠᠯᠳᠠ ᠦᠭᠡᠢ ᠡᠭᠦᠳᠭᠦ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠎ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠠ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠬᠠᠮᠢᠶ᠎ᠠ ᠪᠦᠬᠦᠢ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ ᠤᠷᠤᠨ ᠤ ᠠᠷᠠᠳ ᠎ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠬᠠᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ ᠬᠤᠷᠠᠯ ᠳᠤ ᠤᠷᠤᠯᠴᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠠᠩᠬᠠᠳᠤᠭᠠᠷ ᠤᠳᠠᠭ᠎ᠠ ᠶᠢᠨ ᠪᠦᠬᠦᠳᠡ ᠬᠤᠷᠠᠯ ᠢ ᠡᠷᠬᠢᠯᠡᠭᠦ ᠶᠢᠨ ᠬᠠᠮᠳᠤ ᠳ᠋ᠦᠩᠨᠡᠯᠳᠡ ᠶᠢᠨ ᠶᠠᠷᠢᠶ᠎ᠠ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠵᠠᠩ ᠱᠤᠤ ᠴᠦᠨ ᠬᠤᠶᠠᠳᠤᠭᠠᠷ ᠤᠳᠠᠭ᠎ᠠ ᠶᠢᠨ ᠪᠦᠬᠦᠳᠡ ᠬᠤᠷᠠᠯ ᠢ ᠡᠷᠬᠢᠯᠡᠵᠡᠢ᠃      ᠯᠢ ᠵᠢᠢ ᠾᠧᠩ ᠱᠠᠭᠠᠷᠳᠠᠭᠰᠠᠨ ᠨᠢ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠢᠨᠲ᠋ᠧᠷ ᠰᠦᠯᠵᠢᠶ᠎ᠠ ᠶᠢ ᠴᠢᠬᠤᠯᠠᠴᠢᠯᠠᠵᠤ᠂ ᠢᠨᠲ᠋ᠧᠷ ᠰᠦᠯᠵᠢᠶ᠎ᠡ ᠶᠢ ᠬᠦᠭᠵᠢᠭᠦᠯᠵᠤ᠂ ᠢᠨᠲ᠋ᠧᠷ ᠰᠦᠯᠵᠢᠶ᠎ᠠ ᠶᠢ ᠵᠠᠰᠠᠵᠤ᠂ ᠤᠨᠤᠯ ᠤᠨ ᠰᠢᠨ᠎ᠠ ᠶᠢ ᠡᠬᠦᠳᠬᠦ ᠪᠠ ᠦᠢᠯᠡᠳᠦᠯᠭᠡ ᠶᠢᠨ ᠰᠢᠨ᠎ᠠ ᠶᠢ ᠡᠬᠦᠳᠬᠦ ᠶᠢ ᠭᠦᠨᠵᠡᠭᠡᠶᠢᠷᠡᠭᠦᠯᠵᠦ᠂ ᠲᠤᠮᠳᠠᠳᠤ ᠤᠯᠤᠰ ᠤᠨ ᠤᠨᠴᠠᠯᠢᠭ ᠲᠠᠢ ᠰᠦᠯᠵᠢᠶ᠎ᠠ ᠶᠢ ᠵᠠᠰᠠᠬᠤ ᠵᠠᠮ ᠢᠶᠠᠷ ᠵᠠᠮᠨᠠᠨ᠂ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠪᠦᠷᠢᠯᠳᠦᠭᠦᠯᠵᠦ᠂ ᠮᠠᠨ ᠤ ᠤᠯᠤᠰ ᠤᠨ ᠰᠦᠯᠵᠢᠶᠡᠨ ᠤ ᠮᠡᠳᠡᠭᠡ ᠵᠠᠩᠬᠢ ᠶᠢᠨ ᠦᠢᠯᠡᠰ ᠤᠨ ᠬᠦᠭᠵᠢᠯᠳᠡ ᠶᠢ ᠲᠠᠭᠠᠭᠤᠯᠬᠤ ᠠᠵᠢᠯᠯᠠᠭᠠᠨ ᠤ ᠵᠦᠭᠯᠡᠭᠦᠷ ᠪᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠠᠵᠢᠯ ᠎ ᠤᠨ ᠬᠤᠷᠠᠯ ᠳᠡᠭᠡᠷ᠎ᠡ ᠬᠡᠯᠡᠭᠰᠡᠨ ᠴᠢᠬᠤᠯᠠ ᠶᠠᠷᠢᠶ᠎ᠠ ᠨᠢ ᠰᠦᠯᠵᠢᠶᠡᠨ ᠤ ᠮᠡᠳᠡᠭᠡ ᠵᠠᠩᠬᠢ ᠶᠢᠨ ᠦᠢᠯᠡᠰ ᠤᠨ ᠬᠦᠭᠵᠢᠯᠳᠡ ᠳᠤ ᠬᠤᠯᠪᠤᠬᠳᠠᠬᠤ ᠴᠢᠬᠤᠯᠠ ᠤᠨᠤᠯ ᠪᠠ ᠦᠢᠯᠡᠳᠦᠯᠭᠡ ᠶᠢᠨ ᠠᠰᠠᠭᠤᠳᠠᠯ ᠤᠳ ᠲᠤ ᠰᠢᠰᠲ᠋ᠧᠮ ᠲᠠᠢ ᠬᠠᠷᠢᠭᠤᠯᠳᠠ ᠦᠭᠴᠦ᠂ ᠰᠢᠨ᠎ᠠ ᠴᠠᠭ ᠦᠶ᠎ᠠ ᠶᠢᠨ ᠰᠦᠯᠵᠢᠶᠡᠨ ᠤ ᠮᠡᠳᠡᠭᠡ ᠵᠠᠩᠬᠢ ᠶᠢᠨ ᠠᠵᠢᠯ ᠢ ᠪᠦᠬᠦ ᠲᠠᠯ᠎ᠠ ᠪᠠᠷ ᠪᠠᠶᠢᠷᠢᠯᠠᠭᠤᠯᠤᠨ᠂ ᠰᠦᠯᠵᠢᠶᠡᠨ ᠤ ᠠᠮᠤᠷ ᠲᠦᠪᠰᠢᠨ ᠪᠠ ᠮᠡᠳᠡᠭᠡ ᠵᠠᠩᠬᠢᠵᠢᠯᠳᠡ ᠶᠢᠨ ᠬᠦᠭᠵᠢᠯᠳᠡ ᠶᠢ ᠵᠢᠯᠤᠭᠤᠳᠬᠤ ᠬᠦᠳᠦᠯᠪᠤᠷᠢ ᠶᠢᠨ ᠴᠢᠨᠠᠷᠳᠠᠢ ᠲᠤᠯᠭᠤᠷ ᠪᠢᠴᠢᠭ ᠪᠤᠯᠵᠠᠢ᠃ ᠡᠯ᠎ᠠ ᠱᠠᠳᠤ ᠡᠯ᠎ᠠ ᠰᠠᠯᠠᠭ᠎ᠠ ᠮᠦᠴᠢᠷ ᠤᠳ ︽ᠲᠦᠷᠪᠡᠨ ᠤᠬᠠᠮᠰᠠᠷ︾᠎ ᠢ ᠪᠠᠳᠤ ᠪᠤᠢ ᠪᠤᠯᠭᠠᠨ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠭᠦ ᠨᠠᠮ ᠤᠨ ᠲᠦᠪ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠬᠢ ᠶᠢᠨ ᠠᠵᠢᠯ ᠤᠨ ᠲᠤᠬᠠᠢ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠭᠡᠵᠤ᠂ ᠤᠳᠤᠬᠠᠨ ᠤ ᠰᠦᠯᠵᠢᠶᠡᠨ ᠤ ᠮᠡᠳᠡᠭᠡ ᠵᠠᠩᠬᠢ ᠶᠢᠨ ᠠᠵᠢᠯ ᠤᠨ ᠪᠠᠶᠢᠳᠠᠯ ᠪᠤᠯᠤᠨ ᠡᠭᠦᠷᠭᠡ ᠶᠢ ᠡᠵᠡᠮᠳᠡᠭᠦ ᠪᠠᠨ ᠭᠦᠨᠵᠡᠭᠡᠶᠢᠷᠡᠭᠦᠯᠵᠦ᠂ ᠲᠡᠤᠬᠡᠳᠤ ᠡᠭᠦᠷᠭᠡ ᠶᠢᠨ ᠤᠬᠠᠮᠰᠠᠷ ᠪᠤᠯᠤᠨ ᠬᠠᠷᠢᠭᠤᠴᠠᠯᠭ᠎ᠠ ᠡᠭᠦᠷᠭᠡᠯᠡᠯ ᠤᠨ ᠤᠬᠠᠮᠰᠠᠷ ᠢᠶᠠᠨ ᠴᠢᠩᠭᠠᠷᠠᠭᠤᠯᠦᠨ᠂ ᠪᠦᠬᠦ ᠤᠷᠤᠨ ᠤ ᠰᠦᠯᠵᠢᠶᠠᠨ ᠤ ᠮᠡᠳᠡᠭᠡ ᠵᠠᠩᠬᠢ ᠶᠢᠨ ᠦᠢᠯᠡᠰ ᠤᠨ ᠬᠦᠭᠵᠢᠯᠳᠡ ᠶᠢ ᠯᠠᠪᠳᠠᠭᠤᠨ ᠪᠠᠳᠤᠳᠠᠢ ᠪᠦᠳᠦᠮᠵᠢᠳᠡᠢ ᠠᠬᠢᠭᠤᠯᠵᠤ᠂ ᠪᠤᠳᠠᠳᠤ ᠠᠵᠢᠯᠯᠠᠭ᠎ᠠ ᠪᠠᠷ ᠢᠶᠠᠨ ︽ᠬᠤᠶᠠᠷ ᠢ ᠡᠷᠡᠰ ᠬᠠᠮᠠᠭᠠᠯᠠᠬᠤ︾᠎ ᠶᠢ ᠦᠢᠯᠡᠳᠦᠯᠭᠡᠵᠢᠭᠦᠯᠦᠨ᠂ ᠤᠯᠤᠰ ᠲᠦᠷᠦ ᠳᠤ ᠬᠠᠷᠢᠴᠠᠯᠠᠰᠢᠭᠦᠢ ᠦᠨᠡᠨᠴᠢ ᠰᠢᠳᠤᠷᠭᠤ ᠪᠠᠶᠢᠬᠤ ᠶᠢ ᠲᠤᠳᠤᠷᠬᠠᠶᠢᠯᠠᠨ ᠲᠠᠶᠢᠯᠪᠤᠷᠢᠯᠠᠬᠤ ᠬᠡᠷᠡᠭᠳᠡᠢ ᠭᠡᠵᠡᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠰᠦᠯᠵᠢᠶᠡᠨ ᠳᠠᠬᠢ ᠵᠦᠪ ᠲᠠᠯ᠎ᠠ ᠶᠢᠨ ᠤᠬᠠᠭᠤᠯᠭ᠎ᠠ ᠶᠢ ᠰᠠᠶᠢᠲᠤᠷ ᠬᠢᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠪᠠᠷ ᠰᠦᠯᠵᠢᠶᠡᠨ ᠢᠷᠭᠡᠳ ᠢ ᠪᠦᠯᠬᠦᠮᠳᠡᠭᠦᠯᠦᠨ ᠰᠦᠯᠵᠢᠶᠡᠨ ᠢᠷᠭᠡᠳ ᠢ ᠨᠢᠬᠳᠠᠷᠠᠭᠤᠯᠵᠤ᠂ ᠰᠦᠯᠵᠢᠶᠡᠨ ᠲᠡᠭᠡᠷᠡᠬᠢ ᠪᠠ ᠰᠦᠯᠵᠢᠶᠡᠨ ᠭᠠᠳᠠᠨᠠᠬᠢ ᠶᠢᠨ ︽ᠢᠵᠢᠯ ᠲᠦᠪᠳᠦ ᠲᠤᠭᠤᠷᠢᠭ︾᠎ ᠢ ᠬᠦᠴᠦᠯᠡᠨ ᠴᠤᠬᠴᠠᠯᠠᠬᠤ ᠬᠡᠷᠡᠭᠳᠡᠢ᠃ ᠴᠢᠬᠤᠯᠠ ᠮᠡᠳᠡᠭᠡ ᠵᠠᠩᠬᠢ ᠶᠢᠨ ᠰᠠᠭᠤᠷᠢ ᠪᠡᠯᠡᠳᠬᠡᠮᠵᠢ ᠶᠢᠨ ᠠᠮᠤᠷ ᠲᠦᠪᠰᠢᠨ ᠢ ᠪᠠᠳᠤᠯᠠᠬᠤ ᠡᠷᠴᠢᠮ ᠢᠶᠠᠨ ᠴᠢᠩᠭᠠᠷᠠᠭᠤᠯᠵᠤ᠂ ᠰᠦᠯᠵᠢᠶᠡᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠠᠨ ᠲᠡᠭᠡᠭᠰᠢᠯᠡᠭᠦᠯᠦᠨ᠂ ᠴᠢᠬᠤᠯᠠ ᠲᠤᠭ᠎ᠠ ᠪᠠᠷᠢᠮᠳᠠ ᠪᠠ ᠬᠤᠪᠢ ᠬᠦᠮᠦᠨ ᠤ ᠮᠡᠳᠡᠭᠡ ᠵᠠᠩᠬᠢ ᠶᠢᠨ ᠠᠮᠤᠷ ᠲᠦᠪᠰᠢᠨ ᠤ ᠬᠠᠮᠠᠭᠠᠯᠠᠯᠳᠠ ᠶᠢ ᠴᠢᠩᠭᠠᠳᠬᠠᠵᠤ᠂ ᠡᠭᠡ ᠤᠯᠤᠰ ᠤᠨ ᠤᠮᠠᠷᠠᠳᠦ ᠬᠢᠯᠢ ᠶᠢᠨ ᠰᠦᠯᠵᠢᠶᠡᠨ ᠤ ᠠᠮᠤᠷ ᠲᠦᠪᠰᠢᠨ ᠤ ᠬᠠᠯᠠᠬᠪᠴᠢ ᠶᠢ ᠪᠠᠳᠤ ᠴᠤᠬᠴᠠᠯᠠᠬᠤ ᠬᠡᠷᠡᠭᠳᠡᠢ᠃ ᠠᠵᠤ ᠦᠢᠯᠡᠰ ᠤᠨ ᠲᠤᠭᠠᠴᠢᠯᠠᠯᠳᠠ ᠪᠠ ᠲᠤᠭᠠᠴᠢᠯᠠᠬᠰᠠᠨ ᠠᠵᠤ ᠦᠢᠯᠡᠰᠵᠢᠯᠳᠡ ᠶᠢ ᠲᠦᠷᠭᠡᠳᠭᠡᠨ ᠠᠬᠢᠭᠤᠯᠵᠤ᠂ ᠮᠡᠳᠡᠭᠡ ᠵᠠᠩᠬᠢ ᠶᠢᠨ ᠰᠠᠭᠤᠷᠢ ᠪᠡᠯᠡᠳᠬᠡᠮᠵᠢ ᠶᠢᠨ ᠪᠦᠳᠦᠭᠡᠨ ᠪᠠᠶᠢᠭᠤᠯᠤᠯᠲᠠ ᠪᠠ ᠮᠡᠳᠡᠭᠡ ᠵᠠᠩᠬᠢ ᠶᠢᠨ ᠭᠤᠤᠯᠯᠠᠬᠴᠢ ᠮᠡᠷᠭᠡᠵᠢᠯ ᠤᠨ ᠰᠢᠨ᠎ᠠ ᠶᠢ ᠡᠬᠦᠳᠬᠦ ᠶᠢ ᠪᠦᠬᠦ ᠬᠦᠴᠦᠨ ᠢᠶᠠᠷ ᠠᠬᠢᠭᠤᠯᠵᠤ᠂ ᠲᠤᠮᠤ ᠳ᠋ᠠᠶᠢᠲ᠋ᠠ ᠶᠢᠨ ᠬᠡᠷᠡᠭᠯᠡᠭᠡ ᠪᠤᠯᠤᠨ ᠮᠡᠳᠡᠭᠡ ᠵᠠᠩᠬᠢ ᠪᠠᠷ ᠠᠷᠠᠳ ᠲᠤ ᠠᠰᠢᠭ ᠬᠦᠷᠳᠡᠭᠡᠭᠦ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠵᠤ᠂ ᠰᠦᠯᠵᠢᠶᠡᠨ ᠤ ᠮᠡᠳᠡᠭᠡ ᠵᠠᠩᠬᠢ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠦᠭᠵᠢᠭᠦᠯᠭᠦ ᠶᠢ ᠬᠦᠴᠦᠯᠡᠨ ᠠᠬᠢᠭᠤᠯᠵᠤ᠂ ᠠᠵᠤ ᠠᠬᠤᠢ ᠨᠡᠶᠢᠭᠡᠮ ᠤᠨ ᠬᠦᠭᠵᠢᠯᠳᠡ ᠳᠠᠬᠢ ᠮᠡᠳᠡᠭᠡ ᠵᠠᠩᠬᠢᠵᠢᠯᠳᠡ ᠶᠢᠨ ᠬᠦᠳᠡᠯᠭᠡᠭᠦᠷ ᠪᠤᠯᠵᠤ ᠬᠦᠳᠦᠯᠦᠨ ᠲᠠᠭᠠᠭᠤᠯᠬᠤ ᠦᠢᠯᠡᠳᠦᠯ ᠢ ᠨᠢ ᠬᠦᠢᠴᠡᠳ ᠪᠠᠳᠠᠷᠠᠭᠤᠯᠬᠤ ᠬᠡᠷᠡᠭᠳᠡᠢ᠃ ᠨᠠᠮ ᠤᠨ ᠰᠦᠯᠵᠢᠶᠡᠨ ᠤ ᠮᠡᠳᠡᠭᠡ ᠵᠠᠩᠬᠢ ᠶᠢᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠤᠳᠤᠷᠢᠳᠬᠤ ᠺᠠᠳ᠋ᠷᠴᠤᠳ ᠤᠨ ᠰᠦᠯᠵᠢᠶ᠎ᠠ ᠶᠢ ᠰᠤᠷᠤᠯᠴᠠᠬᠤ ᠰᠦᠯᠵᠢᠶ᠎ᠠ ᠶᠢ ᠮᠡᠳᠡᠭᠦ ᠰᠦᠯᠵᠢᠶ᠎ᠠ ᠶᠢ ᠬᠡᠷᠡᠭᠯᠡᠭᠦ ᠴᠢᠳᠠᠪᠤᠷᠢ ᠶᠢ ᠲᠡᠭᠡᠭᠰᠢᠯᠡᠭᠦᠯᠵᠤ᠂ ᠬᠠᠤᠯᠢ ᠪᠠᠷ ᠰᠦᠯᠵᠢᠶ᠎ᠡ ᠶᠢ ᠵᠠᠰᠠᠬᠤ ᠶᠢ ᠴᠢᠩᠭᠠᠳᠬᠠᠨ᠂ ᠰᠦᠯᠵᠢᠶᠡᠨ ᠤ ᠮᠡᠳᠡᠭᠡ ᠵᠠᠩᠬᠢ ᠶᠢᠨ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠤ ᠮᠡᠳᠡᠭᠡ ᠵᠠᠩᠬᠢ ᠶᠢᠨ ᠦᠢᠯᠡᠰ ᠤᠨ ᠢᠮᠠᠬᠳᠠ ᠵᠦᠪ ᠴᠢᠭᠯᠡᠯ ᠢᠶᠠᠷ ᠤᠷᠤᠬᠰᠢᠯᠠᠬᠤ ᠶᠢ ᠪᠠᠳᠤᠯᠠᠬᠤ ᠬᠡᠷᠡᠭᠳᠡᠢ ᠭᠡᠵᠡᠢ᠃      ᠬᠦᠬᠡᠬᠤᠳᠠ᠂ ᠲᠦᠩᠯᠢᠶᠤᠤ ᠬᠤᠳᠠ᠂ ᠦᠬᠠᠢ ᠬᠤᠳᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶᠡᠨ ᠤ ᠮᠡᠳᠡᠭᠡ ᠵᠠᠩᠬᠢ ᠶᠢᠨ ᠠᠯᠪᠠᠨ ᠬᠡᠷ᠂ ᠲᠤᠳᠤᠭᠠᠳᠦ ᠶᠢ ᠬᠠᠮᠠᠭᠠᠯᠠᠬᠤ ᠲᠢᠩᠬᠢᠮ᠂ ᠠᠵᠤ ᠠᠬᠤᠢ ᠪᠠ ᠮᠡᠳᠡᠭᠡ ᠵᠠᠩᠬᠢᠵᠢᠯᠳᠡ ᠶᠢᠨ ᠵᠦᠪᠯᠡᠯ ᠤᠨ ᠬᠠᠷᠢᠭᠤᠴᠠᠯᠭᠠᠳᠠᠨ ᠨᠦᠬᠦᠳ ᠰᠠᠨᠠᠯ ᠢᠶᠠᠨ ᠰᠤᠯᠢᠯᠴᠠᠬᠤ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号