ᠪᠤᠭᠤᠳᠤ ᠬᠤᠳᠠ ᠶᠢᠨ ᠬᠠᠳᠠᠭᠤ ᠪᠡᠶᠡᠳᠤ ᠬᠠᠶᠠᠬᠳᠠᠮᠠᠯ ᠪᠤᠳᠠᠰ ᠤᠨ ᠬᠠᠮᠢᠶᠠᠷᠤᠯᠳᠠ ᠡᠮᠬᠢ ᠵᠠᠮᠪᠠᠷᠠᠭ᠎ᠠ ᠦᠭᠡᠢ ᠲᠤᠬᠳᠠᠭᠠᠯ ᠠᠴᠠ ᠵᠦᠷᠢᠴᠡᠨ ᠠᠵᠤ ᠦᠢᠯᠡᠳᠪᠦᠷᠢ ᠶᠢᠨ ᠬᠠᠶᠠᠬᠳᠠᠮᠠᠯ ᠰᠢᠭᠠᠷᠤ ᠶᠢ ᠬᠠᠶᠠᠬᠰᠠᠨ ᠠᠰᠠᠭᠤᠳᠠᠯ ᠲᠤᠪᠤᠶᠢᠮ᠎ᠠ ᠪᠠᠶᠢᠨ᠎ᠠ
ᠨᠡᠶᠢᠲᠡᠯᠡᠭᠰᠡᠨ ᠴᠠᠭ᠄
2018/7/2
     ᠪᠤᠭᠤᠳᠤ ᠪᠤᠯ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠠᠮᠤᠭ ᠤᠨ ᠶᠡᠭᠡ ᠠᠵᠥ ᠦᠢᠯᠡᠳᠪᠦᠷᠢ ᠶᠢᠨ ᠬᠤᠳᠠ ᠮᠦᠨ᠂ ᠠᠳᠡ ᠦᠪᠡᠷᠳᠡᠬᠡᠨ ᠵᠠᠰᠠᠬᠤ ᠤᠷᠤᠨ ᠤ ᠳᠡᠰ ᠠᠴᠠ ᠳᠡᠬᠡᠭᠰᠢᠬᠢ 9 ᠠᠵᠥ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠪᠤᠢ᠃ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ︽ᠡᠷᠬᠢᠨ ᠬᠠᠷᠠᠬᠤ︾ ᠬᠤᠭᠤᠴᠠᠭᠠᠨ ᠳᠠᠭᠠᠨ ᠪᠤᠭᠤᠳᠤ ᠶᠢᠨ ᠠᠵᠥ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ ᠬᠠᠶᠠᠬᠳᠠᠮᠠᠯ ᠰᠢᠭᠠᠷᠤ ᠪᠠᠨ ᠰᠢᠢᠳᠪᠦᠷᠢᠯᠡᠵᠥ ᠪᠠᠶᠢᠭ᠎ᠠ ᠪᠠᠶᠢᠳᠠᠯ ᠢ ᠰᠢᠮᠳᠠᠭᠤᠯᠤᠨ ᠪᠠᠶᠢᠴᠠᠭᠠᠵᠥ᠂ ᠪᠤᠭᠤᠳᠤ ᠬᠤᠳᠠ ᠶᠢᠨ ᠠᠵᠥ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ ᠬᠠᠶᠠᠬᠳᠠᠮᠠᠯ ᠰᠢᠭᠠᠷᠤ ᠶᠢᠨ ᠬᠠᠮᠢᠶᠠᠷᠤᠯᠳᠠ ᠰᠢᠢᠳᠪᠦᠷᠢᠯᠡᠯᠳᠡ ᠡᠮᠬᠢ ᠵᠠᠮᠪᠠᠷᠠᠭ᠎ᠠ ᠦᠬᠡᠢ᠂ ᠬᠤᠳᠠ ᠶᠢᠨ ᠠᠵᠥ ᠠᠬᠤᠢ ᠮᠡᠳᠡᠭᠡ ᠵᠠᠩᠬᠢᠵᠢᠯᠳᠠ ᠶᠢᠨ ᠵᠦᠪᠯᠡᠯ ᠨᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠳᠠᠭᠠᠭᠤᠯᠤᠬᠴᠢ ᠰᠠᠯᠠᠭ᠎ᠠ ᠮᠦᠴᠢᠷ ᠪᠤᠯᠤᠬᠰᠠᠨ ᠤ ᠬᠤᠪᠢ ᠳᠤ ᠡᠭᠦᠷᠭᠡ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠬᠡᠭᠰᠡᠨ ᠦᠬᠡᠢ᠂ ᠬᠦᠷᠢᠶᠡᠯᠡᠩ ᠳᠤᠭᠤᠷᠢᠭ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠬᠢᠨᠠᠯᠳᠠ ᠳᠠᠯᠪᠢᠯᠳᠠ ᠪᠠᠨ ᠪᠤᠳᠠᠳᠠᠢ ᠳᠤ ᠨᠠᠶᠢᠳᠠᠪᠤᠷᠢᠵᠢᠭᠤᠯᠤᠭᠰᠠᠨ ᠦᠭᠡᠢ ᠪᠠᠶᠢᠬᠤ ᠶᠢ ᠢᠯᠡᠷᠡᠬᠦᠯᠵᠠᠢ᠃      ᠨᠢᠬᠡ᠂ ᠦᠨᠳᠦᠰᠦᠨ ᠪᠠᠶᠢᠳᠠᠯ      2016 ᠣᠨ ᠤ ᠨᠢᠬᠡᠳᠤᠬᠡᠷ ᠡᠬᠡᠯᠵᠢ ᠶᠢᠨ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠳᠤᠰᠬᠠᠭᠰᠠᠨ ᠰᠠᠨᠠᠯ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠦᠪᠡᠷᠳᠡᠬᠡᠨ ᠵᠠᠰᠠᠬᠤ ᠤᠷᠤᠨ ᠤ ᠳᠡᠰ ᠠᠴᠠ ᠳᠡᠬᠡᠭᠰᠢ 64 ᠠᠵᠥ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠤᠨ ᠤᠯᠠᠩᠬᠢ ᠬᠦᠷᠢᠶᠡᠯᠡᠩ ᠳᠤᠭᠤᠷᠢᠭ ᠨᠢ ᠰᠢᠭᠠᠷᠤ ᠶᠢᠨ ᠳᠠᠯᠠᠪᠠᠢ ᠶᠢ ᠵᠢᠩᠬᠢᠨᠢᠴᠢᠯᠡᠭᠰᠡᠨ ᠢᠵᠢ ᠪᠦᠷᠢᠳᠦᠬᠦᠯᠦᠨ ᠪᠦᠳᠦᠬᠡᠨ ᠪᠠᠶᠢᠭᠤᠯᠤᠬᠰᠠᠨ ᠦᠬᠡᠢ ᠪᠠᠶᠢᠨ᠎ᠠ ᠬᠡᠵᠥ ᠵᠢᠭᠠᠵᠥ ᠭᠠᠷᠭᠠᠵᠠᠢ᠃ ᠡᠬᠦᠨ ᠳᠤ ᠦᠪᠡᠷᠳᠡᠬᠡᠨ ᠵᠠᠰᠠᠬᠤ ᠤᠷᠤᠨ ᠤ ᠳᠤᠬᠳᠠᠭᠠᠬᠰᠠᠨ ᠴᠡᠭᠴᠡᠯᠡᠨ ᠰᠠᠶᠢᠵᠢᠷᠠᠭᠤᠯᠬᠤ ᠳᠦᠰᠦᠯ ᠤᠨ ᠳᠦᠴᠢᠨ ᠳᠤᠯᠤᠳᠤᠭᠠᠷ ᠵᠤᠶᠢᠯ ᠳᠤ᠂ ᠪᠦᠬᠦ ᠤᠷᠤᠨ ᠤ ᠠᠵᠥ ᠦᠢᠯᠡᠳᠪᠦᠷᠢ ᠶᠢᠨ ᠬᠦᠷᠢᠶᠡᠯᠡᠩ ᠳᠤᠭᠤᠷᠢᠭ ᠲᠤ ᠴᠡᠪᠡᠷᠯᠡᠨ ᠴᠡᠭᠴᠡᠯᠡᠬᠦ ᠠᠵᠢᠯ ᠦᠷᠨᠢᠬᠦᠯᠵᠥ᠂ ᠬᠦᠷᠢᠶᠡᠯᠡᠩ ᠳᠤᠭᠤᠷᠢᠭ ᠤᠨ ᠬᠠᠳᠠᠭᠤ ᠪᠡᠶᠡᠳᠤ ᠬᠠᠶᠠᠬᠳᠠᠮᠠᠯ ᠪᠤᠳᠠᠰ ᠢ ᠰᠢᠢᠳᠪᠦᠷᠢᠯᠡᠬᠦ ᠳᠠᠯᠠᠪᠠᠢ ᠵᠡᠷᠬᠡ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠠᠭᠤᠷᠢ ᠪᠡᠯᠡᠳᠬᠡᠮᠵᠢ ᠶᠢᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠵᠥ᠂ 2018 ᠣᠨ ᠤ 12 ᠳ᠋ᠤᠭᠠᠷ ᠰᠠᠷ᠎ᠠ ᠠᠴᠠ ᠡᠮᠤᠨ᠎ᠡ᠂ ᠭᠦᠷᠢᠶᠡᠯᠡᠩ ᠳᠤᠭᠤᠷᠢᠭ ᠤᠨ ᠳᠦᠷᠢᠮᠵᠢᠬᠦᠯᠦᠭᠰᠡᠨ ᠰᠢᠭᠠᠷᠤ ᠶᠢᠨ ᠳᠠᠯᠠᠪᠠᠢ ᠵᠡᠷᠬᠡ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠠᠭᠤᠷᠢ ᠪᠡᠯᠡᠳᠬᠡᠮᠵᠢ ᠶᠢ ᠢᠵᠢ ᠪᠦᠷᠢᠳᠦᠬᠦᠯᠦᠨ ᠳᠡᠬᠦᠯᠳᠡᠷᠵᠢᠬᠦᠯᠬᠦ ᠠᠵᠢᠯ ᠢ ᠪᠡᠶᠡᠯᠡᠬᠦᠯᠬᠦ ᠬᠡᠷᠡᠭᠳᠡᠢ ᠬᠡᠵᠥ ᠳᠤᠳᠤᠷᠬᠠᠢ ᠲᠤᠷᠠᠳᠴᠠᠢ᠃      ᠪᠤᠭᠤᠳᠤ ᠬᠤᠳᠠ ᠨᠠᠶᠢᠳᠠ 9 ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠲᠠᠢ ᠪᠠᠶᠢᠵᠤ᠂ ᠲᠤᠨᠤᠭᠯᠠᠯ ᠦᠢᠯᠡᠳᠭᠦ ᠠᠵᠤ ᠦᠢᠯᠡᠰ ᠤᠨ ᠭᠦᠷᠢᠶᠡᠯᠡᠩ ᠲᠤᠭᠤᠷᠢᠭ ᠨᠢ ᠬᠠᠶᠠᠭᠳᠠᠮᠠᠯ ᠰᠢᠭᠠᠷᠤ ᠢᠯᠭᠠᠷᠠᠭᠤᠯᠬᠤ ᠦᠬᠡᠢ ᠪᠤᠯᠬᠤᠷ ᠰᠢᠭᠠᠷᠤ ᠶᠢᠨ ᠲᠠᠯᠠᠪᠠᠢ ᠪᠠᠶᠢᠭᠤᠯᠬᠤ ᠴᠢᠬᠤᠯᠠ ᠦᠬᠡᠢ᠂ ᠪᠤᠰᠤᠳ 8 ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠨᠢ ᠪᠦᠷ ᠶᠡᠭᠡ ᠬᠡᠮᠵᠢᠶᠠᠨ ᠤ ᠠᠵᠤ ᠦᠢᠯᠡᠳᠪᠤᠷᠢ ᠶᠢᠨ ᠬᠠᠶᠠᠭᠳᠠᠮᠠᠯ ᠰᠢᠭᠠᠷᠤ ᠢᠯᠭᠠᠷᠠᠭᠤᠯᠵᠤ ᠪᠤᠢ᠃ ᠬᠡᠪᠡᠴᠦ ︽ᠪᠤᠭᠤᠳᠤ ᠬᠤᠳᠠ ᠶᠢᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠦᠰᠤᠯ︾᠎ ᠳᠤ ᠵᠦᠪᠭᠡᠨ 5 ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠲᠤ ᠴᠢᠭᠯᠡᠬᠦᠯᠦᠨ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠰᠢᠢᠳᠪᠤᠷᠢᠯᠡᠭᠦ ᠲᠠᠯᠠᠪᠠᠢ ᠪᠠᠶᠢᠭᠤᠯᠬᠤ ᠪᠠᠷ ᠲᠦᠯᠦᠪᠯᠡᠵᠤ᠂ ᠪᠤᠰᠤᠳ ᠠᠵᠤ ᠦᠢᠯᠡᠳᠪᠤᠷᠢ ᠶᠢᠨ ᠭᠦᠷᠢᠶᠡᠯᠡᠩ ᠲᠤᠭᠤᠷᠢᠭ ᠲᠤ ᠠᠵᠤ ᠠᠬᠤᠶᠢᠯᠠᠯ ᠦᠪᠡᠰᠤᠪᠠᠨ ᠰᠢᠭᠠᠷᠤ ᠶᠢᠨ ᠲᠠᠯᠠᠪᠠᠢ ᠪᠠᠶᠢᠭᠤᠯᠬᠤ ᠪᠠᠷ ᠭᠦᠷᠢᠶᠡᠯᠡᠩ ᠲᠤᠭᠤᠷᠢᠭ ᠤᠨ ᠨᠢᠭᠡᠳᠤᠯᠳᠠᠢ ᠰᠢᠭᠠᠷᠤ ᠶᠢᠨ ᠳᠠᠯᠠᠪᠠᠢ ᠪᠠᠶᠢᠭᠤᠯᠬᠤ ᠶᠢ ᠤᠷᠤᠯᠠᠭᠤᠯᠪᠠ᠃      2018 ᠣᠨ ᠤ 6 ᠳ᠋ᠤᠭᠠᠷ ᠰᠠᠷ᠎ᠠ ᠪᠤᠯᠳᠠᠯ᠎ᠠ᠂ ᠵᠦᠪᠭᠡᠨ ᠰᠢᠭᠤᠶᠢᠳᠤ ᠠᠵᠤ ᠦᠢᠯᠡᠳᠪᠤᠷᠢ ᠶᠢᠨ ᠭᠦᠷᠢᠶᠡᠯᠡᠩ ᠲᠤᠭᠤᠷᠢᠭ ᠨᠢ ᠬᠠᠳᠠᠭᠤ ᠪᠡᠶᠡᠳᠤ ᠬᠠᠶᠠᠭᠳᠠᠮᠠᠯ ᠪᠤᠳᠠᠰ ᠢ ᠰᠢᠢᠳᠪᠤᠷᠢᠯᠡᠭᠦ ᠲᠠᠯᠠᠪᠠᠢ ᠶᠢᠨ ᠨᠢᠭᠡᠳᠤᠭᠡᠷ ᠬᠤᠭᠤᠴᠠᠭ᠎ᠠ᠂ ᠬᠤᠶᠠᠳᠤᠭᠠᠷ ᠬᠤᠭᠤᠴᠠᠭ᠎ᠠ ᠶᠢᠨ ᠪᠠᠷᠢᠯᠭ᠎ᠠ ᠶᠢᠨ ᠭᠤᠤᠯ ᠴᠤᠭᠴᠠ ᠶᠢᠨ ᠪᠦᠳᠤᠭᠡᠨ ᠪᠠᠶᠢᠭᠤᠯᠤᠯᠳᠠ ᠶᠢ ᠪᠡᠶᠡᠯᠡᠭᠦᠯᠵᠤ᠂ ᠲᠦᠮᠡᠳ ᠪᠠᠷᠠᠭᠤᠨ ᠬᠤᠰᠢᠭᠤᠨ ᠤ ᠰᠢᠨ᠎ᠠ ᠭᠡᠯᠪᠡᠷᠢ ᠶᠢᠨ ᠭᠦᠷᠢᠶᠡᠯᠡᠩ ᠲᠤᠭᠤᠷᠢᠭ ᠨᠢ ᠲᠠᠯᠠᠪᠤᠷ ᠲᠤ ᠤᠷᠤᠵᠤ ᠪᠠᠷᠢᠯᠭ᠎ᠠ ᠬᠢᠬᠦ ᠬᠤᠭᠤᠴᠠᠭᠠᠨ ᠳᠤ ᠤᠷᠤᠵᠤ᠂ ᠪᠤᠰᠤᠳ ᠭᠦᠷᠢᠶᠡᠯᠡᠩ ᠲᠤᠭᠤᠷᠢᠭ ᠨᠢ ᠮᠦᠨᠬᠦ ᠡᠮᠤᠨᠡᠬᠢ ᠬᠤᠭᠤᠴᠠᠭᠠᠨ ᠤ ᠠᠵᠢᠯ ᠢᠶᠠᠨ ᠦᠷᠨᠢᠭᠦᠯᠦᠭᠰᠡᠬᠡᠷ ᠪᠤᠢ᠃ ᠤᠳᠤᠬᠠᠨ ᠤ ᠠᠵᠢᠯ ᠤᠨ ᠠᠬᠢᠴᠠ ᠪᠠᠷ ᠪᠤᠯ ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠤᠰᠤᠭᠠᠷ 2018 ᠣᠨ ᠎ ᠤ ᠰᠡᠭᠦᠯᠴᠢ ᠪᠤᠯᠳᠠᠯ᠎ᠠ ᠪᠠᠶᠢᠭᠤᠯᠤᠨ ᠲᠠᠭᠤᠰᠬᠠᠵᠤ ᠲᠡᠭᠦᠯᠳᠡᠷᠵᠢᠭᠦᠯᠭᠦ ᠳᠤ ᠪᠡᠷᠬᠡᠳᠠᠢ ᠪᠠᠶᠢᠵᠤ᠂ ᠲᠤᠭᠳᠠᠭᠠᠯ ᠠᠴᠠ ᠵᠦᠷᠢᠴᠡᠨ ᠠᠵᠤ ᠦᠢᠯᠡᠳᠪᠦᠷᠢ ᠶᠢᠨ ᠬᠠᠶᠠᠬᠳᠠᠮᠠᠯ ᠰᠢᠭᠠᠷᠤ ᠪᠠᠨ ᠬᠠᠶᠠᠬᠤ ᠠᠰᠠᠭᠤᠳᠠᠯ ᠢ ᠲᠤᠪᠤᠶᠢᠮ᠎ᠠ ᠪᠤᠯᠭᠠᠭᠰᠠᠨ ᠪᠠᠶᠢᠨ᠎ᠠ᠃      ᠬᠤᠶᠠᠷ᠂ ᠰᠢᠮᠳᠠᠭᠤᠯᠤᠨ ᠪᠠᠶᠢᠴᠠᠭᠠᠭᠰᠠᠨ ᠪᠠᠶᠢᠳᠠᠯ      ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠤᠷᠤᠵᠤ ᠰᠠᠭᠤᠭᠰᠠᠨ ᠤ ᠲᠠᠷᠠᠭ᠎ᠠ᠂ ᠤᠯᠠᠨ ᠲᠦᠮᠡᠨ ᠤ ᠪᠤᠭᠤᠳᠤ ᠬᠤᠳᠠ ᠶᠢᠨ ᠠᠵᠤ ᠠᠬᠤᠶᠢᠯᠠᠯ ᠲᠤᠬᠳᠠᠭᠠᠯ ᠠᠴᠠ ᠵᠦᠷᠢᠴᠡᠨ ᠠᠵᠤ ᠦᠢᠯᠡᠳᠪᠦᠷᠢ ᠶᠢᠨ ᠬᠠᠶᠠᠬᠳᠠᠮᠠᠯ ᠰᠢᠭᠠᠷᠤ ᠶᠢ ᠬᠠᠶᠠᠬᠰᠠᠨ ᠠᠰᠠᠭᠤᠳᠠᠯ ᠤᠨ ᠲᠤᠬᠠᠢ ᠤᠯᠠᠨ ᠤᠳᠠᠭ᠎ᠠ ᠶᠢᠨ ᠢᠯᠡᠴᠢᠯᠡᠨ ᠮᠡᠳᠡᠭᠦᠯᠤᠯᠳᠠ ᠶᠢ ᠲᠤᠰᠴᠠᠢ᠃      ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠲᠠᠭᠠᠭᠤᠯᠢ ᠤᠳᠤ ᠶᠢᠨ ᠭᠡᠷᠡᠯ ᠵᠢᠷᠤᠭ ᠪᠤᠯᠤᠨ ᠲᠤᠬᠠᠢ ᠶᠢᠨ ᠲᠠᠯᠠᠪᠠᠢ ᠶᠢᠨ ᠪᠠᠶᠢᠴᠠᠭᠠᠯᠳᠠ ᠪᠠᠷ ᠲᠠᠮᠵᠢᠨ᠂ ᠪᠤᠭᠤᠳᠤ ᠬᠤᠳᠠ ᠶᠢᠨ ᠲᠠᠯᠠᠨ ᠬᠠᠷ᠎ᠠ ᠠᠭᠤᠯᠠ ᠶᠢᠨ ᠡᠮᠤᠨ᠎ᠠ ᠪᠡᠯ ᠤᠨ ᠭᠠᠵᠠᠷ ᠤᠷᠤᠨ ᠤ G6 ᠲᠦᠷᠬᠡᠨ ᠤ ᠵᠠᠰᠠᠮᠠᠯ ᠵᠠᠮ ᠠᠴᠠ ᠡᠮᠤᠨᠡᠰᠢ᠂ 110 ᠤᠯᠤᠰ ᠤᠨ ᠵᠠᠰᠠᠮᠠᠯ ᠵᠠᠮ ᠠᠴᠠ ᠬᠤᠶᠢᠰᠢ᠂ ᠬᠤᠳᠠ ᠲᠤᠭᠤᠶᠢᠯᠠᠭᠰᠠᠨ ᠲᠦᠷᠬᠡᠨ ᠤ ᠵᠠᠰᠠᠮᠠᠯ ᠵᠠᠮ ᠠᠴᠠ ᠪᠠᠷᠠᠭᠤᠨᠰᠢ᠂ ᠵᠢᠤᠶᠤᠸᠠᠨ ᠢᠳᠠᠭᠡᠨ ᠤ ᠭᠦᠷᠢᠶᠡᠯᠡᠩ ᠲᠤᠭᠤᠷᠢᠭ ᠠᠴᠠ ᠵᠡᠬᠦᠨᠰᠢᠬᠢ 4 ᠲᠡᠭᠰᠢ ᠲᠦᠷᠪᠡᠯᠵᠢᠨ  ᠺᠢᠯᠣᠮᠧᠲᠷ ᠰᠢᠬᠠᠮ ᠤᠨ ᠭᠠᠵᠠᠷ ᠲᠤ ᠶᠡᠭᠡ ᠪᠠᠭ᠎ᠠ ᠨᠢ ᠠᠳᠠᠯᠢ ᠦᠬᠡᠢ᠂ ᠭᠦᠨ ᠭᠦᠶᠦᠬᠡᠨ ᠨᠢ ᠠᠳᠠᠯᠢ ᠦᠬᠡᠢ ᠶᠡᠭᠡ ᠬᠡᠮᠵᠢᠶᠠᠨ ᠤ ᠡᠯᠡᠰᠤ ᠮᠠᠯᠳᠠᠭᠰᠠᠨ ᠬᠠᠶᠠᠭᠳᠠᠮᠠᠯ ᠨᠦᠭᠡ ᠨᠦᠭᠦᠳ ᠤᠳᠤᠨ ᠮᠡᠴᠢᠳ ᠰᠢᠭ ᠲᠦᠬᠡᠵᠤ ᠪᠠᠶᠢᠬᠤ ᠶᠢ ᠤᠯᠵᠤ ᠮᠡᠳᠡᠵᠠᠢ᠃ ᠰᠢᠮᠳᠠᠭᠤᠯᠤᠨ ᠪᠠᠶᠢᠴᠠᠭᠠᠬᠤ ᠲᠤᠭᠤᠶᠢᠯᠡᠩ ᠤᠨ ᠬᠢᠨ ᠠᠬᠤᠢ ᠲᠠᠯᠠᠪᠠᠢ ᠳᠤ ᠡᠯᠡᠰᠤ ᠮᠠᠯᠳᠠᠭᠰᠠᠨ 12 ᠨᠦᠭᠡ ᠶᠢ ᠰᠤᠭᠤᠴᠢᠨ ᠪᠠᠶᠢᠴᠠᠭᠠᠭᠰᠠᠨ ᠳᠤ ᠡᠯᠡᠰᠤ ᠮᠠᠯᠳᠠᠭᠰᠠᠨ 9 ᠨᠦᠭᠡ ᠶᠢᠨ ᠲᠤᠳᠤᠷ᠎ᠠ ᠠᠵᠤ ᠦᠢᠯᠡᠳᠪᠤᠷᠢ ᠶᠢᠨ ᠬᠠᠶᠠᠭᠳᠠᠮᠠᠯ ᠰᠢᠭᠠᠷᠤ ᠬᠠᠶᠠᠭᠳᠠᠭᠰᠠᠨ ᠢ ᠢᠯᠡᠷᠡᠭᠦᠯᠵᠤ᠂ ᠡᠯᠳᠡᠪ ᠦᠩᠬᠡ ᠶᠢᠨ ᠠᠵᠤ ᠦᠢᠯᠡᠳᠪᠤᠷᠢ ᠶᠢᠨ ᠬᠠᠶᠠᠭᠳᠠᠮᠠᠯ ᠰᠢᠭᠠᠷᠤ ᠨᠢ ᠲᠦᠷᠤᠯ ᠵᠦᠢᠯ ᠢᠶᠠᠷ ᠤᠯᠠᠨ᠂ ᠲᠤᠭ᠎ᠠ ᠬᠡᠮᠵᠢᠶ᠎ᠠ ᠪᠠᠷ ᠶᠡᠭᠡ ᠪᠠᠶᠢᠬᠤ ᠨᠢ ᠭᠦᠮᠤᠰ ᠢ ᠰᠣᠴᠢᠭᠠᠮ᠎ᠠ ᠪᠠᠶᠢᠪᠠ᠃      ᠤᠯᠠᠠ ᠲᠦᠮᠡᠡ ᠤ ᠢᠯᠡᠴᠢᠯᠡᠡ ᠮᠡᠲᠡᠭᠦᠯᠦᠭᠰᠡᠡ ᠠᠰᠠᠭᠤᠲᠠᠯ ᠤᠨ ᠰᠦᠪᠡᠭᠴᠢ ᠶᠢ ᠦᠨᠲᠦᠰᠦᠯᠠᠨ  ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠪᠠᠰᠠ ᠳ᠋ᠦᠩ ᠹᠠᠩ ᠰᠢ ᠸᠠᠩ ᠺᠤᠮᠫᠠᠨᠢ ᠶᠢᠨ ᠬᠠᠷᠢᠶᠠᠠ ᠳᠠᠬᠢ ᠪᠤᠭᠤᠲᠤ ᠶᠢᠨ ᠬᠠᠢ ᠫᠢᠩ ᠮᠢᠶᠠᠨ ᠦᠨᠲᠦᠷ ᠮᠦᠬᠦᠯᠢᠭ ᠤᠨ ᠬᠢᠵᠠᠭᠠᠷᠲᠦ ᠺᠤᠮᠫᠠᠨᠢ ᠶᠢᠨ ᠵᠢᠤᠶᠤᠸᠠᠠ ᠳᠠᠬᠢ ᠬᠤᠪᠢᠶᠠᠷᠢ ᠺᠤᠮᠫᠠᠨᠢ ᠶᠢᠨ ᠠᠵᠦ ᠦᠢᠯᠡᠳᠪᠦᠷᠢ ᠶᠢᠨ ᠬᠠᠶᠠᠭᠲᠠᠮᠠᠯ ᠰᠢᠭᠠᠷᠤ ᠶᠢ ᠰᠢᠢᠳᠪᠦᠷᠢᠯᠡᠭᠰᠡᠡ ᠪᠠᠶᠢᠲᠠᠯ ᠳᠤ ᠪᠠᠶᠢᠴᠠᠭᠠᠯᠲᠠ ᠬᠢᠵᠦ᠂ ᠲᠤᠰ ᠠᠵᠦ ᠠᠬᠤᠶᠢᠯᠠᠯ ᠤᠨ ᠠᠵᠦ ᠦᠢᠯᠡᠳᠪᠦᠷᠢ ᠶᠢᠨ ᠬᠠᠶᠠᠭᠲᠠᠮᠠᠯ ᠰᠢᠭᠠᠷᠤ ᠪᠠᠨ ᠰᠢᠢᠳᠪᠦᠷᠢᠯᠡᠬᠦ ᠬᠠᠮᠢᠶᠠᠷᠤᠯᠲᠠ ᠨᠢ ᠲᠦᠢᠯ ᠤᠨ ᠡᠮᠬᠢ ᠵᠠᠮᠪᠠᠷᠠᠭ᠎ᠠ ᠦᠭᠡᠢ ᠪᠠᠶᠢᠬᠤ ᠶᠢ ᠤᠯᠵᠦ ᠮᠡᠲᠡᠵᠠᠢ᠃ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠠᠵᠦ ᠠᠬᠤᠶᠢᠯᠠᠯ ᠤᠨ ᠬᠤᠯᠪᠤᠭᠲᠠᠯ ᠪᠦᠬᠦᠢ ᠮᠠᠲ᠋ᠧᠷᠢᠶᠠᠯ ᠢ ᠪᠠᠶᠢᠴᠠᠭᠠᠠ ᠦᠵᠡᠬᠦ ᠳᠤ᠂ ᠠᠵᠦ ᠠᠬᠤᠶᠢᠯᠠᠯ ᠠᠴᠠ 3 ᠢᠵᠢ ᠲᠤᠭ᠎ᠠ ᠪᠠᠷᠢᠮᠲᠠ ᠨᠢ ᠠᠲᠠᠯᠢ ᠪᠤᠰᠤ ᠡᠭᠡ ᠲᠠᠩᠰᠠ ᠬᠠᠩᠭᠠᠵᠦ᠂ ᠬᠠᠶᠠᠭᠲᠠᠮᠠᠯ ᠰᠢᠭᠠᠷᠤ ᠶᠢᠨ ᠲᠤᠭ᠎ᠠ ᠨᠢ ᠤᠨᠤᠪᠴᠢ ᠦᠭᠡᠢ᠂ ᠬᠠᠮᠢᠭ᠎ᠠ ᠠᠪᠠᠴᠢᠵᠦ ᠰᠢᠢᠳᠪᠦᠷᠢᠯᠡᠭᠰᠡᠡ ᠨᠢ ᠲᠤᠲᠤ ᠦᠭᠡᠢ ᠪᠠᠶᠢᠬᠤ ᠶᠢ ᠢᠯᠡᠷᠡᠬᠦᠯᠪᠡ᠃ ᠡᠬᠦᠨ ᠤ ᠬᠠᠮᠳᠤ ᠪᠠᠰᠠ ᠲᠤᠰ ᠠᠵᠦ ᠠᠬᠤᠶᠢᠯᠠᠯ ᠤᠨ ᠠᠶᠤᠯᠲᠡᠢ ᠬᠠᠶᠠᠭᠲᠠᠮᠠᠯ ᠪᠤᠲᠠᠰ ᠤᠨ ᠬᠠᠮᠢᠶᠠᠷᠤᠯᠲᠠ ᠨᠢ ᠲᠦᠢᠯ ᠤᠨ ᠲᠦᠷᠢᠮᠵᠢᠯ ᠦᠭᠡᠢ᠂ ᠬᠠᠮᠢᠶᠠᠷᠤᠯᠲᠠ ᠶᠢᠨ ᠡᠭᠡ ᠲᠠᠩᠰᠠ ᠨᠢ ᠡᠮᠬᠢ ᠵᠠᠮᠪᠠᠷᠠᠭ᠎ᠠ ᠦᠭᠡᠢ ᠪᠠᠶᠢᠵᠤ᠂ ᠬᠠᠶᠠᠭᠳᠠᠮᠠᠯ ᠡᠷᠦᠳᠡᠰᠤᠨ ᠲᠤᠰᠤ ᠪᠤᠯᠤᠨ ᠬᠠᠶᠠᠭᠲᠠᠮᠠᠯ ᠤᠰᠤ ᠡᠲ᠋ᠠ ᠬᠤᠶᠠᠷᠴᠢ ᠠᠯᠺᠤᠤᠯ ᠢ ᠨᠢᠭᠡ ᠭᠠᠵᠠᠷ ᠲᠤ ᠡᠮᠬᠢ ᠦᠬᠡᠢ ᠲᠠᠯᠪᠢᠵᠤ᠂ ᠠᠶᠤᠯᠲᠡᠢ ᠬᠠᠶᠠᠭᠲᠠᠮᠠᠯ ᠪᠤᠲᠠᠰ ᠤᠨ ᠬᠦᠮᠦᠷᠭᠡ ᠪᠠᠨ ᠬᠦᠷᠢᠶᠡᠯᠡᠭᠰᠡᠡ ᠦᠭᠡᠢ᠂ ᠠᠶᠤᠯᠲᠠᠢ ᠬᠠᠶᠠᠭᠲᠠᠮᠠᠯ ᠪᠤᠲᠠᠰ ᠤᠨ ᠢᠯᠡᠷᠬᠡᠶᠢᠯᠡᠯ ᠲᠡᠮᠲᠡᠭ ᠢ ᠰᠠᠨᠠᠭᠠᠠ ᠲᠠᠪᠠ ᠪᠠᠷ ᠢᠶᠠᠨ ᠪᠢᠴᠢᠭᠰᠡᠡ ᠢ ᠢᠯᠡᠷᠡᠬᠦᠯᠵᠠᠢ᠃      ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠬᠢᠨ ᠰᠢᠮᠳᠠᠭᠤᠯᠤᠨ ᠪᠠᠶᠢᠴᠠᠭᠠᠬᠤ ᠳᠠᠭᠠᠨ ᠪᠠᠰᠠ ᠵᠢᠤᠶᠤᠸᠠᠠ ᠲᠤᠭᠤᠷᠢᠭ ᠤᠨ ᠵᠠᠰᠠᠭ ᠤᠨ ᠤᠷᠲᠤᠨ ᠪᠤᠯᠤᠨ ᠪᠤᠭᠤᠲᠤ ᠬᠤᠲᠠ ᠶᠢᠨ ᠠᠵᠦ ᠠᠬᠤᠢ ᠮᠡᠲᠡᠭᠡ ᠵᠠᠩᠭᠢᠵᠢᠯᠲᠠ ᠶᠢᠨ ᠵᠦᠪᠯᠡᠯ ᠠᠴᠠ ᠲᠤᠰ ᠪᠦᠷᠢ ᠬᠠᠩᠭᠠᠭᠰᠠᠠ ᠠᠵᠦ ᠠᠬᠤᠶᠢᠯᠠᠯ ᠤᠨ ᠠᠵᠦ ᠦᠢᠯᠡᠳᠪᠦᠷᠢ ᠶᠢᠨ ᠬᠠᠶᠠᠭᠲᠠᠮᠠᠯ ᠰᠢᠭᠠᠷᠤ ᠶᠢᠨ ᠲᠤᠭ᠎ᠠ ᠪᠠᠷᠢᠮᠲᠠ ᠨᠢ ᠲᠤᠩ ᠶᠡᠭᠡ ᠵᠦᠷᠢᠶ᠎ᠠ ᠲᠠᠢ ᠪᠠᠶᠢᠬᠤ ᠶᠢ ᠢᠯᠡᠷᠡᠬᠦᠯᠵᠠᠢ᠃ ᠵᠢᠤᠶᠤᠸᠠᠠ ᠲᠤᠭᠤᠷᠢᠭ ᠎ ᠤᠨ ᠵᠠᠰᠠᠭ ᠤᠨ ᠤᠷᠲᠤᠨ ᠤ ᠮᠠᠲ᠋ᠧᠷᠢᠶᠠᠯ ᠳᠤ᠂ 2017 ᠣᠨ ᠳᠤ ᠮᠢᠩ ᠲᠦᠸᠧ ᠪᠦᠯᠦᠭᠯᠡᠯ ᠤᠨ ᠡᡁᠷᠤᠮ ᠤᠨ ᠦᠢᠯᠡᠰ ᠤᠨ ᠰᠢᠨᠵᠢᠯᠡᠬᠦ ᠤᠬᠠᠭᠠᠠ ᠮᠡᠷᠭᠡᠵᠢᠯ ᠤᠨ ᠬᠢᠵᠠᠭᠠᠷᠲᠦ ᠺᠤᠮᠫᠠᠨᠢ ᠶᠢᠨ ᠲᠡᠮᠦᠷᠯᠢᠭ ᠬᠠᠶᠢᠯᠤᠰᠢ ᠶᠢᠨ ᠤᠰᠤᠨ ᠤ ᠰᠢᠭᠠᠷᠤ ᠪᠠᠨ ᠰᠢᠭᠰᠢᠨ ᠰᠠᠯᠭᠠᠭᠰᠠᠠ ᠤ ᠲᠠᠷᠠᠭ᠎ᠠ᠂ ᠪᠠᠷᠤᠭ 1.13 ᠲᠦᠮᠡᠡ ᠲᠤᠨ ᠢ ᠨᠢ ᠲᠤᠭᠲᠠᠭᠠᠯ ᠠᠴᠠ ᠵᠦᠷᠢᠴᠡᠡ ᠤᠯᠠᠯᠵᠢ ᠭᠤᠷᠪᠠᠲᠤᠭᠠᠷ ᠲᠤᠰᠬᠤᠨ ᠤ ᠡᠯᠡᠰᠦᠨ ᠭᠤᠤ ᠳᠤ ᠴᠢᠳᠬᠤᠭᠰᠠᠠ ᠢ ᠬᠠᠷᠠᠭᠤᠯᠪᠠ︔ ᠬᠡᠪᠡᠴᠦ ᠠᠵᠦ ᠠᠬᠤᠢ ᠮᠡᠲᠡᠭᠡ ᠵᠠᠩᠭᠢᠵᠢᠯᠲᠠ ᠶᠢᠨ ᠵᠦᠪᠯᠡᠯ ᠤᠨ ᠪᠢᠴᠢᠭ ᠮᠠᠲ᠋ᠧᠷᠢᠶᠠᠯ ᠳᠤ ᠬᠠᠷᠢᠨ 2017 ᠣᠨ ᠳᠤ ᠡᠲᠡᠭᠡᠷ ᠬᠠᠶᠠᠭᠲᠠᠮᠠᠯ ᠰᠢᠭᠠᠷᠤ ᠶᠢ ᠪᠦᠬᠦᠠ ᠢ ᠶᠡᠷᠦᠩᠭᠡᠶᠢᠯᠡᠠ ᠠᠰᠢᠠᠠᠯᠠᠭᠰᠠᠨ ᠪᠠᠶᠢᠨ᠎ᠠ ᠬᠡᠵᠠᠢ᠃ ᠱᠸᠠ ᠬᠤᠸᠠ ᠨᠡᠭᠦᠷᠡᠰᠤ ᠬᠢᠮᠢ ᠶᠢᠨ ᠠᠵᠦ ᠦᠢᠯᠡᠳᠪᠦᠷᠢ ᠶᠢᠨ 2017 ᠣᠨ ᠤ ᠰᠢᠲᠠᠮᠠᠬᠠᠢ ᠭᠡᠢ ᠬᠢᠮᠢ ᠶᠢᠨ ᠰᠢᠭᠠᠷᠤ ᠶᠢᠨ ᠢᠯᠭᠠᠷᠠᠭᠤᠯᠤᠯᠳᠠ ᠎ ᠶᠢᠨ ᠬᠡᠮᠵᠢᠶᠠᠨ ᠤ ᠲᠤᠬᠠᠢ ᠵᠢᠤᠶᠤᠸᠠᠠ ᠲᠤᠭᠤᠷᠢᠭ ᠤᠨ ᠵᠠᠰᠠᠭ ᠤᠨ ᠤᠷᠲᠤᠨ ᠪᠤᠯᠤᠨ ᠪᠤᠭᠤᠲᠤ ᠬᠤᠲᠠ ᠶᠢᠨ ᠠᠵᠦ ᠠᠬᠤᠢ ᠮᠡᠲᠡᠭᠡ ᠵᠠᠩᠭᠢᠵᠢᠯᠲᠠ ᠶᠢᠨ ᠵᠦᠪᠯᠡᠯ ᠤᠨ ᠬᠠᠩᠭᠠᠭᠰᠠᠠ ᠲᠤᠭ᠎ᠠ ᠪᠠᠷᠢᠮᠲᠠ ᠳᠤ 20 ᠭᠠᠷᠤᠢ ᠲᠦᠮᠡᠡ ᠲᠤᠨ ᠤ ᠵᠦᠷᠢᠶ᠎ᠠ ᠲᠠᠢ ᠪᠠᠶᠢᠵᠦ᠂ ᠬᠠᠮᠢᠶᠠᠷᠤᠯᠲᠠ ᠨᠢ ᠲᠦᠢᠯ ᠤᠨ ᠪᠦᠲᠦᠭᠦᠯᠢᠭ ᠪᠠᠶᠢᠨ᠎ᠠ᠃      ᠭᠤᠷᠪᠠ᠂ ᠰᠢᠯᠳᠠᠭᠠᠨ ᠤ ᠵᠠᠳᠠᠯᠤᠯᠲᠠ      ᠪᠤᠭᠤᠳᠤ ᠬᠤᠲᠠ ᠶᠢᠨ ᠠᠵᠤ ᠠᠬᠤᠢ ᠮᠡᠳᠡᠭᠡ ᠵᠠᠩᠭᠢᠵᠢᠯᠲᠠ ᠶᠢᠨ ᠵᠦᠪᠯᠡᠯ ᠨᠢ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠳᠠ ᠶᠢᠨ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠠᠭᠠᠭᠤᠯᠤᠭᠴᠢ ᠰᠠᠯᠠᠭ᠎ᠠ ᠮᠦᠴᠢᠷ ᠪᠤᠯᠤᠭᠰᠠᠨ ᠤ ᠬᠤᠪᠢ ᠳᠤ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠭᠰᠡᠨ ᠢᠶᠠᠷ ᠬᠦᠷᠦᠯᠴᠡᠬᠦ ᠦᠭᠡᠢ᠂ ᠬᠡᠷᠡᠭᠵᠢᠭᠦᠯᠦᠭᠰᠡᠨ ᠨᠢ ᠭᠦᠢᠴᠡᠳ ᠦᠬᠡᠢ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠬᠤᠴᠤᠷᠤᠩᠭᠤᠢ ᠠᠴᠠ ᠪᠤᠯᠵᠤ᠂ ᠲᠤᠭᠳᠠᠭᠠᠯ ᠠᠴᠠ ᠵᠦᠷᠢᠴᠡᠨ ᠠᠵᠤ ᠦᠢᠯᠡᠳᠪᠦᠷᠢ ᠶᠢᠨ ᠬᠠᠶᠠᠬᠳᠠᠮᠠᠯ ᠰᠢᠭᠠᠷᠤ ᠪᠠᠨ ᠬᠠᠶᠠᠬᠤ ᠠᠰᠠᠭᠤᠳᠠᠯ ᠢ ᠲᠤᠪᠤᠶᠢᠮ᠎ᠠ ᠪᠤᠯᠭᠠᠭᠰᠠᠨ ᠪᠠᠶᠢᠨ᠎ᠠ᠃      ᠬᠤᠲᠠ ᠶᠢᠨ ᠠᠵᠦ ᠠᠬᠤᠢ ᠮᠡᠳᠡᠭᠡ ᠵᠠᠩᠭᠢᠵᠢᠯᠲᠠ ᠶᠢᠨ ᠵᠦᠪᠯᠡᠯ ᠪᠤᠯᠤᠨ ᠵᠢᠦᠶᠤᠸᠠᠨ ᠲᠤᠭᠤᠷᠢᠭ ᠤᠨ ᠵᠠᠰᠠᠭ ᠎ ᠤᠨ ᠤᠷᠳᠤᠨ ᠤ ᠬᠠᠨᠭ᠍ᠭᠠᠭᠰᠠᠨ ᠠᠵᠦ ᠦᠢᠯᠡᠳᠪᠦᠷᠢ ᠶᠢᠨ ᠬᠠᠶᠠᠭᠳᠠᠮᠠᠯ ᠰᠢᠭᠠᠷᠦ ᠶᠢᠨ ᠢᠯᠭᠠᠷᠠᠭᠤᠯᠤᠯᠳᠠ ᠶᠢᠨ ᠬᠡᠮᠵᠢᠶ᠎ᠡ᠂ ᠬᠠᠳᠠᠭᠠᠯᠠᠯᠲᠠ ᠶᠢᠨ ᠬᠡᠮᠵᠢᠶ᠎ᠡ᠂ ᠶᠡᠷᠦᠩᠬᠡᠶᠢᠯᠡᠭᠰᠡᠨ ᠠᠰᠢᠭᠯᠠᠯᠲᠠ ᠶᠢᠨ ᠬᠡᠮᠵᠢᠶ᠎ᠡ ᠵᠡᠷᠭᠡ ᠲᠤᠭ᠎ᠠ ᠪᠠᠷᠢᠮᠲᠠ ᠨᠢ ᠬᠤᠭᠤᠷᠤᠨᠳᠦ ᠪᠠᠨ ᠨᠡᠶᠢᠳᠡᠮ ᠵᠦᠷᠢᠶ᠎ᠡ ᠤᠷᠤᠰᠢᠵᠤ᠂ ︽ᠳᠤᠭ᠎ᠠ ᠪᠠᠷᠢᠮᠲᠠ ᠨᠢ ᠬᠠᠷᠢᠯᠴᠠᠨ ᠵᠤᠳᠤᠯᠳᠤᠬᠰᠠᠨ︾ ᠠᠰᠠᠭᠤᠳᠠᠯ ᠳᠤᠪᠤᠶᠢᠮ᠎ᠠ ᠪᠠᠶᠢᠵᠤ᠂ ᠡᠬᠦᠨ ᠤ ᠤᠯᠠᠮ ᠢᠶᠠᠷ ᠪᠤᠭᠤᠳᠤ ᠬᠤᠳᠠ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢᠨ ᠬᠡᠮᠵᠢᠶ᠎ᠡ ᠲᠤᠲᠤᠷᠬᠠᠢ ᠦᠭᠡᠢ᠂ ᠪᠠᠶᠢᠳᠠᠯ ᠨᠢ ᠴᠦ ᠲᠤᠲᠤ ᠦᠭᠡᠢ ᠪᠤᠯᠵᠠᠢ᠃      ᠰᠢᠮᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠦᠰᠦᠯ ᠢ ᠦᠨᠳᠦᠰᠦᠯᠡᠪᠡᠯ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠵᠢᠩᠬᠢᠨᠢᠴᠢᠯᠡᠭᠰᠡᠨ ᠰᠢᠭᠠᠷᠤ ᠶᠢᠨ ᠲᠠᠯᠠᠪᠠᠢ ᠶᠢ ᠪᠦᠲᠦᠭᠡᠨ ᠪᠠᠶᠢᠭᠤᠯᠬᠤ ᠬᠠᠷᠢᠭᠤᠴᠠᠯᠭᠠᠳᠠᠨ ᠨᠢᠭᠡᠴᠡ ᠪᠤᠯ ᠪᠤᠭᠤᠳᠤ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ᠎ᠠ᠃ ᠭᠡᠪᠡᠴᠦ ᠪᠤᠭᠤᠳᠤ ᠬᠤᠲᠠ ᠡᠭᠦᠨ ᠢ ᠴᠢᠬᠤᠯᠠᠴᠢᠯᠠᠵᠤ ᠦᠵᠡᠭᠰᠡᠨ ᠢᠶᠠᠷ ᠬᠦᠷᠦᠯᠴᠡᠬᠦ ᠦᠭᠡᠢ᠂ ᠠᠬᠢᠭᠤᠯᠤᠭᠰᠠᠨ ᠢᠶᠠᠷ ᠭᠦᠢᠴᠡᠳ ᠪᠤᠰᠤ ᠪᠠᠶᠢᠵᠤ᠂ ᠱᠠᠭᠠᠷᠳᠠᠯᠭ᠎ᠠ ᠶᠤᠰᠤᠭᠠᠷ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠤᠨ ᠰᠢᠭᠠᠷᠤ ᠶᠢᠨ ᠲᠠᠯᠠᠪᠠᠢ ᠶᠢᠨ ᠪᠦᠲᠦᠭᠡᠨ ᠪᠠᠶᠢᠭᠤᠯᠤᠯᠲᠠ ᠶᠢ ᠦᠷᠨᠢᠭᠦᠯᠦᠭᠰᠡᠨ ᠦᠭᠡᠢ ᠪᠤᠯᠬᠤᠷ ᠤᠷᠴᠢᠨ ᠲᠤᠭᠤᠷᠢᠨ ᠤ ᠪᠤᠬᠢᠷᠳᠤᠯ ᠢ ᠡᠭᠦᠰᠭᠡᠪᠡ᠃      ᠳᠡᠭᠡᠷ᠎ᠡ ᠲᠤᠷᠠᠳᠤᠭᠰᠠᠨ ᠠᠰᠠᠭᠤᠳᠠᠯ ᠳᠤ ᠴᠢᠭᠯᠡᠬᠦᠯᠦᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠯᠠᠮ ᠨᠢᠭᠡ ᠠᠯᠬᠤᠮ ᠪᠠᠶᠢᠴᠠᠭᠠᠨ ᠵᠠᠳᠠᠯᠤᠯᠲᠠ ᠬᠢᠬᠦ ᠶᠢᠨ ᠬᠠᠮᠳᠤ ᠬᠠᠮᠢᠶ᠎ᠠ ᠪᠦᠬᠦᠢ ᠠᠯᠬᠤᠮ ᠳᠠᠷᠠᠭᠠᠯᠠᠯ ᠪᠤᠯᠤᠨ ᠱᠠᠭᠠᠷᠳᠠᠯᠭ᠎ᠠ ᠶᠤᠰᠤᠭᠠᠷ ᠲᠠᠷᠠᠭᠠᠴᠢ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号