ᠪᠦ᠋ ᠰᠢᠶᠤᠤ ᠯᠢᠨ ︽ᠪᠤᠭᠤᠳᠤ ᠬᠤᠳᠠ ᠶᠢᠨ ᠬᠠᠳᠠᠭᠤ ᠪᠡᠶᠡᠳᠤ ᠬᠠᠶᠠᠬᠳᠠᠮᠠᠯ ᠪᠤᠳᠠᠰ ᠤᠨ ᠬᠠᠮᠢᠶᠠᠷᠤᠯᠳᠠ ᠡᠮᠬᠢ ᠵᠠᠮᠪᠠᠷᠠᠭ᠎ᠠ ᠦᠭᠡᠢ ᠪᠠᠶᠢᠬᠤ ᠲᠤᠬᠳᠠᠭᠠᠯ ᠠᠴᠠ ᠵᠦᠷᠢᠴᠡᠨ ᠠᠵᠤ ᠦᠢᠯᠡᠳᠪᠦᠷᠢ ᠶᠢᠨ ᠬᠠᠶᠠᠬᠳᠠᠮᠠᠯ ᠰᠢᠭᠠᠷᠤ ᠶᠢ ᠬᠠᠶᠠᠵᠤ ᠪᠠᠶᠢᠬᠤ ᠳᠤᠪᠤᠶᠢᠮ᠎ᠠ ᠠᠰᠠᠭᠤᠳᠠᠯ︾ ᠶᠠᠪᠤᠳᠠᠯ ᠳᠤ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2018/7/2
     7 ᠳ᠋ᠤᠭᠠᠷ ᠰᠠᠷ᠎ᠠ ᠶᠢᠨ 1᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠨᠡᠶᠢᠲᠡᠯᠡᠭᠰᠡᠨ ᠤᠷᠴᠢᠨ ᠲᠤᠭᠤᠷᠢᠨ ᠤ ᠵᠠᠰᠠᠭ ᠤᠨ ᠶᠠᠪᠤᠳᠠᠯ ᠤᠨ ᠬᠠᠮᠢᠶᠠᠷᠤᠯᠳᠠ ᠶᠢᠨ ᠮᠡᠳᠡᠭᠡ ᠵᠠᠩᠬᠢ ᠳᠠᠬᠢ ︽ᠪᠤᠭᠤᠳᠤ ᠬᠤᠳᠠ ᠶᠢᠨ ᠬᠠᠳᠠᠭᠤ ᠪᠡᠶᠡᠳᠤ ᠬᠠᠶᠠᠬᠳᠠᠮᠠᠯ ᠪᠤᠳᠠᠰ ᠤᠨ ᠬᠠᠮᠢᠶᠠᠷᠤᠯᠳᠠ ᠡᠮᠬᠢ ᠵᠠᠮᠪᠠᠷᠠᠭ᠎ᠠ ᠦᠭᠡᠢ ᠪᠠᠶᠢᠬᠤ ᠲᠤᠬᠳᠠᠭᠠᠯ ᠠᠴᠠ ᠵᠦᠷᠢᠴᠡᠨ ᠠᠵᠤ ᠦᠢᠯᠡᠳᠪᠦᠷᠢ ᠶᠢᠨ ᠬᠠᠶᠠᠬᠳᠠᠮᠠᠯ ᠰᠢᠭᠠᠷᠤ ᠬᠠᠶᠠᠵᠤ ᠪᠠᠶᠢᠬᠤ ᠳᠤᠪᠤᠶᠢᠮ᠎ᠠ ᠠᠰᠠᠭᠤᠳᠠᠯ︾ ᠶᠠᠪᠤᠳᠠᠯ ᠳᠤ ᠴᠤᠬᠤᠯᠠᠪᠤᠷᠢ ᠦᠭᠴᠡᠢ᠃      ᠪᠦ᠋ ᠰᠢᠶᠤᠤ ᠯᠢᠨ ᠴᠤᠬᠤᠯᠠᠪᠤᠷᠢ ᠳᠠᠭᠠᠨ ᠱᠠᠭᠠᠷᠳᠠᠭᠰᠠᠨ ᠨᠢ᠂ ᠪᠤᠭᠤᠳᠤ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠦᠨ᠂ ᠡᠷᠡᠰ ᠰᠢᠭᠤᠷᠬᠠᠢ ᠲᠠᠷᠤᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ ᠬᠦᠴᠦᠨ ᠢᠶᠠᠨ ᠲᠦᠪᠯᠡᠷᠡᠭᠦᠯᠵᠤ ᠪᠠᠶᠢᠭᠠᠳ ᠬᠠᠤᠯᠢ ᠲᠤᠬᠳᠠᠭᠠᠯ ᠠᠴᠠ ᠵᠦᠷᠢᠴᠡᠨ ᠠᠵᠤ ᠦᠢᠯᠡᠳᠪᠦᠷᠢ ᠶᠢᠨ ᠬᠠᠶᠠᠬᠳᠠᠮᠠᠯ ᠰᠢᠭᠠᠷᠤ ᠪᠠᠨ ᠬᠠᠶᠠᠬᠰᠠᠨ ᠠᠰᠠᠭᠤᠳᠠᠯ ᠢ ᠲᠤᠰᠬᠠᠢ ᠵᠠᠰᠠᠵᠤ᠂ ᠰᠢᠭᠠᠷᠤ ᠶᠢᠨ ᠲᠠᠯᠠᠪᠠᠢ ᠶᠢᠨ ᠪᠦᠳᠦᠭᠡᠨ ᠪᠠᠶᠢᠭᠤᠯᠤᠯᠲᠠ ᠬᠤᠴᠤᠷᠤᠩᠭᠤᠢ ᠪᠠᠶᠢᠬᠤ᠂ ᠬᠠᠶᠠᠬᠳᠠᠮᠠᠯ ᠰᠢᠭᠠᠷᠤ ᠶᠢ ᠬᠠᠮᠢᠶᠠᠷᠴᠤ ᠰᠢᠢᠳᠪᠦᠷᠢᠯᠡᠭᠦ ᠠᠵᠢᠯ ᠡᠮᠬᠢ ᠵᠠᠮᠪᠠᠷᠠᠭ᠎ᠠ ᠦᠭᠡᠢ ᠪᠠᠶᠢᠬᠤ ᠵᠡᠷᠭᠡ ᠳᠤᠪᠤᠶᠢᠮ᠎ᠠ ᠠᠰᠠᠭᠤᠳᠠᠯ ᠢ ᠦᠨᠡᠨᠭᠦ ᠰᠢᠢᠳᠪᠦᠷᠢᠯᠡᠭᠦ ᠬᠡᠷᠡᠭᠳᠡᠢ᠃ ᠡᠷᠬᠡᠪᠰᠢ ᠬᠠᠷᠢᠭᠤᠴᠠᠯᠭᠠᠳᠦ ᠤᠬᠠᠮᠰᠠᠷ ᠢᠶᠠᠨ ᠴᠢᠩᠭᠠᠷᠠᠭᠤᠯᠤᠨ᠂ ᠢᠴᠢᠭᠦᠷᠢ ᠪᠠᠨ ᠮᠡᠳᠡᠨ ᠵᠤᠷᠢᠬᠳᠠᠢ ᠪᠠᠷ ᠤᠷᠤᠬᠰᠢᠯᠠᠵᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠬᠤ᠂ ᠪᠤᠬᠢᠷᠳᠦᠯ ᠦᠭᠡᠢ ᠬᠦᠭᠵᠢᠯᠳᠡ ᠶᠢᠨ ᠤᠨᠤᠯᠵᠢᠬᠤᠨ ᠢ ᠦᠢᠯᠡᠳᠦᠯᠭᠡᠵᠢᠭᠦᠯᠭᠦ ᠲᠠᠯ᠎ᠠ ᠪᠠᠷ ᠪᠦᠬᠦ ᠤᠷᠤᠨ ᠳᠤ ᠦᠯᠢᠭᠡᠷ ᠵᠢᠱᠢᠶ᠎ᠠ ᠦᠵᠡᠭᠦᠯᠬᠦ ᠬᠡᠷᠡᠭᠳᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号