ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠢ ᠬᠦᠬᠡᠬᠤᠳᠠ ᠳᠤ ᠬᠢᠪᠡ
ᠨᠡᠶᠢᠲᠡᠯᠡᠭᠰᠡᠨ ᠴᠠᠭ᠄
2018/7/2
         6 ᠳ᠋ᠤᠭᠠᠷ ᠰᠠᠷ᠎ᠠ ᠶᠢᠨ 30 ᠤ ᠡᠳᠦᠷ᠂ ᠪᠦᠬᠦ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠢ ᠬᠦᠬᠡᠬᠤᠳᠠ ᠳᠤ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠤ ᠶᠠᠷᠢᠶ᠎ᠠ ᠲᠠᠯᠪᠢᠬᠤ ᠳᠠᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠪᠦᠬᠦ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠣᠣᠱᠯᠠᠭᠤᠯᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠬᠦᠴᠦᠯᠡᠨ ᠴᠢᠩᠭᠠᠳᠬᠠᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢ ᠡᠷᠡᠰ ᠰᠠᠶᠢᠳᠤᠷ ᠬᠢᠵᠤ᠂ ᠡᠭᠡ ᠤᠯᠤᠰ ᠤᠨ ᠤᠮᠠᠷᠠᠳᠤ ᠬᠢᠯᠢ ᠶᠢᠨ ᠲᠦᠮᠡᠨ ᠭᠠᠵᠠᠷ ᠤᠨ ᠨᠤᠮᠢᠨ ᠨᠤᠭᠤᠭᠠᠨ ᠤᠷᠳᠤ ᠴᠠᠭᠠᠨ ᠬᠡᠷᠡᠮ ᠢ ᠴᠤᠬᠴᠠᠯᠠᠬᠤ ᠬᠡᠷᠡᠭᠳᠡᠢ ᠭᠡᠵᠡᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠪᠢᠴᠢᠭ ᠢᠶᠠᠷ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠢ ᠡᠷᠬᠢᠯᠡᠵᠤ᠂ ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠡᠸᠤ ᠶᠠᠩ ᠰᠢᠶᠤᠤ ᠬᠤᠢ ᠳ᠋ᠦᠩᠨᠡᠯᠳᠡ ᠶᠢᠨ ᠶᠠᠷᠢᠶ᠎ᠠ ᠲᠠᠯᠪᠢᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠪᠤᠯᠤᠨ ᠦᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠬᠠᠮᠢᠶ᠎ᠠ ᠪᠦᠬᠦᠢ ᠤᠳᠤᠷᠢᠳᠬᠤ ᠨᠦᠬᠦᠳ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠭᠦᠭᠦ ᠬᠤᠷᠢᠶ᠎ᠠ ᠶᠢᠨ ᠲᠠᠷᠤᠭ᠎ᠠ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠲᠠᠷᠤᠭ᠎ᠠ᠂ ᠵᠡᠪᠰᠡᠭᠳᠦ ᠴᠠᠬᠳᠠᠭᠠᠨ ᠤ ᠦᠪᠦᠷ ᠮᠤᠩᠭᠤᠯ ᠤᠨ ᠶᠡᠷᠦᠩᠬᠡᠢ ᠠᠩᠬᠢ ᠶᠢᠨ ᠺᠤᠮᠠᠨᠳᠠᠯᠠᠬᠴᠢ ᠬᠤᠷᠠᠯ ᠳᠤ ᠤᠷᠤᠯᠴᠠᠵᠠᠢ᠃ ᠯᠢ ᠵᠢᠢ ᠾᠧᠩ ᠵᠢᠭᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ ᠠᠭᠤᠯᠤᠬᠳᠠᠬᠤᠨ ᠪᠠᠶᠠᠯᠢᠭ᠂ ᠤᠳᠬ᠎ᠠ ᠰᠠᠨᠠᠭ᠎ᠠ ᠬᠦᠨ ᠪᠠᠶᠢᠵᠤ᠂ ᠮᠠᠷᠺᠰ ᠤᠨ ᠦᠵᠡᠯ ᠤᠨ ᠬᠦᠮᠦᠨ ᠲᠦᠷᠦᠯᠬᠢᠳᠡᠨ ᠬᠢᠭᠡᠳ ᠪᠠᠶᠢᠭᠠᠯᠢ ᠶᠢᠨ ᠬᠠᠷᠢᠴᠠᠭᠠᠨ ᠤ ᠤᠨᠤᠯ ᠤᠨ ᠰᠢᠨ᠎ᠠ ᠠᠬᠤᠢ ᠪᠠᠶᠢᠳᠠᠯ ᠢ ᠡᠭᠦᠳᠴᠤ᠂ ᠮᠠᠨ ᠤ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠡᠤᠭᠡᠳᠦ ᠴᠢᠨᠠᠷᠳᠠᠢ᠂ ᠡᠷᠬᠢᠯᠳᠡ ᠶᠢᠨ ᠴᠢᠨᠠᠷᠳᠠᠢ᠂ ᠪᠦᠬᠦ ᠲᠠᠯ᠎ᠠ ᠶᠢᠨ ᠴᠢᠨᠠᠷᠳᠠᠢ ᠬᠤᠪᠢᠷᠠᠯᠳᠠ ᠶᠢ ᠬᠦᠳᠦᠯᠦᠨ ᠵᠢᠯᠤᠭᠤᠳᠪᠠ᠃ ᠡᠯ᠎ᠠ ᠱᠠᠳᠤᠨ ᠤ ᠤᠳᠤᠷᠢᠳᠬᠤ ᠺᠠᠳ᠋ᠷᠴᠤᠳ ︽ᠲᠦᠷᠪᠡᠨ ᠤᠬᠠᠮᠰᠠᠷ︾ ᠢ ᠪᠠᠳᠤ ᠪᠤᠢ ᠪᠤᠯᠭᠠᠨ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠭᠦᠯᠵᠤ᠂ ᠰᠢ  ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠣᠣᠱᠯᠠᠭᠤᠯᠵᠤ᠂ ᠰᠤᠷᠤᠯᠴᠠᠨ ᠮᠡᠳᠡᠵᠤ ᠨᠡᠪᠳᠡᠷᠡᠳᠡᠯ᠎ᠠ ᠤᠢᠢᠯᠠᠭᠠᠵᠤ ᠪᠤᠳᠠᠳᠠᠶᠢᠵᠢᠭᠤᠯᠬᠤ ᠲᠡᠭᠡᠷ᠎ᠠ ᠬᠦᠴᠦ ᠤᠷᠤᠭᠤᠯᠵᠤ᠂ ᠪᠤᠳᠠᠳᠤ ᠠᠵᠢᠯᠯᠠᠭ᠎ᠠ ᠪᠤᠯᠤᠨ ᠰᠢᠯᠢᠳᠡᠭ ᠠᠮᠵᠢᠯᠳᠡ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠡᠷᠭᠡ ᠰᠦᠷ ᠪᠤᠯᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ  ᠤᠨ ᠲᠦᠪ ᠬᠤᠷᠢᠶ᠎ᠠ ᠶᠢᠨ ᠡᠷᠭᠡ ᠰᠦᠷ ᠪᠤᠯᠤᠨ ᠲᠦᠪᠯᠡᠷᠡᠩᠭᠦᠢ ᠨᠢᠭᠡᠳᠦᠯᠳᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠬᠡᠷᠡᠭᠳᠡᠢ ᠬᠡᠵᠠᠢ᠃      ᠯᠢ ᠵᠢᠢ ᠾᠧᠩ ᠴᠢᠬᠤᠯᠠᠴᠢᠯᠠᠭᠰᠠᠨ ᠨᠢ᠂ ᠤᠷᠤᠨ ᠲᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠠᠵᠢᠯ ᠤᠨ ᠲᠤᠬᠠᠢ ᠨᠠᠨᠳᠢᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠵᠤ᠂ ᠵᠦᠪ ᠬᠦᠭᠵᠢᠯᠳᠡ ᠶᠢᠨ ᠦᠵᠡᠯᠳᠡ ᠪᠤᠯᠤᠨ ᠠᠵᠢᠯ ᠤᠨ ᠠᠮᠵᠢᠯᠳᠡ ᠪᠦᠳᠦᠮᠵᠢ ᠶᠢᠨ ᠦᠵᠡᠯᠳᠡ ᠶᠢ ᠪᠠᠳᠤ ᠪᠤᠢ ᠪᠤᠯᠭᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠳᠠᠬᠢ ᠲᠤᠪᠤᠶᠢᠮ᠎ᠠ ᠠᠰᠠᠭᠤᠳᠠᠯ ᠢ ᠦᠨᠡᠨᠭᠦ ᠰᠢᠢᠳᠪᠦᠷᠢᠯᠡᠵᠤ᠂ ᠡᠭᠡ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠠᠬᠪᠴᠢ ᠶᠢ ᠪᠠᠳᠤ ᠴᠤᠬᠴᠠᠯᠠᠬᠤ ᠳᠤ ᠦᠷᠭᠦᠯᠵᠢᠯᠡᠨ ᠬᠦᠴᠦ ᠤᠷᠤᠭᠤᠯᠬᠤ ᠬᠡᠷᠡᠭᠳᠡᠢ᠃ ᠬᠦᠭᠡ ᠤᠬᠳᠠᠷᠭᠤᠢ᠂ ᠴᠡᠩᠬᠡᠷ ᠤᠰᠤ᠂ ᠴᠡᠪᠡᠷ ᠬᠦᠷᠦᠰᠦ ᠶᠢ ᠬᠠᠮᠠᠭᠠᠯᠠᠬᠤ ᠲᠠᠶᠢᠯᠠᠯᠳᠤᠭᠠᠨ ᠢ ᠡᠷᠡᠰ ᠰᠠᠶᠢᠳᠤᠷ ᠬᠢᠵᠤ ᠢᠯᠠᠯᠳᠠ ᠤᠯᠵᠤ᠂ ᠮᠠᠯᠵᠢᠬᠤ ᠲᠠᠷᠢᠶᠠᠯᠠᠬᠤ ᠤᠷᠤᠨ ᠤ ᠤᠷᠤᠰᠢᠨ ᠰᠠᠭᠤᠷᠢᠰᠢᠬᠤ ᠤᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠶᠡᠭᠡᠪᠡᠷ ᠦᠷᠨᠢᠭᠦᠯᠵᠤ᠂ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠵᠤ ᠰᠡᠯᠪᠢᠨ ᠰᠡᠷᠭᠦᠭᠡᠬᠦ ᠠᠵᠢᠯ ᠢ ᠴᠢᠩᠭᠠᠳᠬᠠᠨ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢᠨ ᠢᠯᠠᠯᠳᠠ ᠶᠢ ᠪᠦᠬᠦ ᠲᠠᠯ᠎ᠠ ᠪᠠᠷ ᠲᠡᠮᠡᠴᠡᠨ ᠤᠯᠬᠤ ᠬᠡᠷᠡᠭᠳᠡᠢ᠃ ᠪᠤᠬᠢᠷᠳᠦᠯ ᠦᠭᠡᠢ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠵᠤ᠂ ᠪᠤᠬᠢᠷᠳᠦᠯ ᠦᠭᠡᠢ ᠬᠦᠭᠵᠢᠯᠳᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠪᠦᠷᠢᠯᠳᠦᠭᠦᠯᠵᠤ᠂ ᠬᠦᠭᠡᠮᠳᠦᠭ ᠨᠤᠭᠤᠭᠠᠨ ᠠᠭᠤᠯᠠ ᠤᠰᠤ ᠶᠢᠨ ᠦᠩᠭᠡ ᠲᠦᠷᠭᠦ ᠶᠢ ᠰᠠᠶᠢᠵᠢᠷᠠᠭᠤᠯᠤᠨ ᠠᠯᠳᠠ ᠮᠦᠩᠭᠦᠨ ᠠᠭᠤᠯᠠ ᠶᠢᠨ ︽ᠦᠨ᠎ᠡ ᠦᠷᠳᠡᠭ︾ ᠢ ᠨᠡᠮᠡᠭᠳᠡᠭᠦᠯᠬᠦ ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠭᠦ ᠡᠭᠦᠷᠭᠡᠯᠡᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠳ ︽ᠨᠢᠭᠡ ᠠᠵᠢᠯ ᠤᠨ ᠪᠠᠶᠢᠷᠢ ᠳᠤ ᠬᠤᠤᠰ ᠬᠠᠷᠢᠭᠤᠴᠠᠯᠭ᠎ᠠ ᠪᠠᠶᠢᠬᠤ︾ ᠱᠠᠭᠠᠷᠳᠠᠯᠭ᠎ᠠ ᠶᠢ ᠴᠢᠩᠭ᠎ᠠ ᠰᠠᠶᠢᠳᠤᠷ ᠨᠡᠶᠢᠳᠡᠪᠦᠷᠢᠵᠢᠭᠤᠯᠵᠤ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ ᠬᠡᠪᠠ᠃      ᠪᠦ᠋ ᠰᠢᠶᠤᠤ ᠯᠢᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠲᠣᠣᠱᠯᠠᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠤ᠂ ᠠᠮᠢ ᠠᠬᠤᠢ ᠤᠷᠴᠢᠨ ᠲᠤᠭᠤᠷᠢᠨ ᠤ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠭᠦ ᠶᠢ ᠠᠷᠠᠳ ᠤᠨ ᠠᠮᠢᠳᠤᠷᠠᠯ ᠤᠨ ᠠᠵᠢᠯ ᠤᠨ ᠢᠶᠠᠨ ᠤᠷᠢᠳᠠᠪᠡᠷ ᠬᠢᠭᠦ ᠬᠦᠷᠢᠶ᠎ᠠ ᠴᠠᠷᠠᠭ᠎ᠠ ᠪᠤᠯᠭᠠᠵᠤ᠂ ᠪᠤᠬᠢᠷᠳᠦᠯ ᠢ ᠰᠡᠷᠬᠡᠶᠢᠯᠡᠨ ᠵᠠᠰᠠᠬᠤ ᠰᠢᠪᠲᠤᠯᠤᠯᠲᠠ ᠶᠢ ᠡᠷᠡᠰ ᠰᠠᠶᠢᠳᠤᠷ ᠬᠢᠭᠦ ᠬᠡᠷᠡᠭᠳᠡᠢ᠃ ᠪᠤᠬᠢᠷᠳᠦᠯ ᠦᠭᠡᠢ ᠬᠦᠭᠵᠢᠯᠳᠡ ᠶᠢ ᠠᠬᠢᠭᠤᠯᠵᠤ᠂ ᠠᠵᠤ ᠦᠢᠯᠡᠰ ᠤᠨ ᠠᠮᠢ ᠠᠬᠤᠢᠢᠵᠢᠯᠳᠠ᠂ ᠠᠮᠢ ᠠᠬᠤᠢ ᠶᠢᠨ ᠠᠵᠤ ᠦᠢᠯᠡᠰᠵᠢᠯᠳᠡ ᠪᠠᠷ ᠭᠤᠤᠯ ᠴᠤᠬᠴᠠ ᠪᠠᠨ ᠪᠤᠯᠭᠠᠬᠰᠠᠨ ᠠᠮᠢ ᠠᠬᠤᠢ  ᠶᠢᠨ ᠠᠵᠤ ᠠᠬᠤᠢ ᠶᠢᠨ ᠰᠢᠰᠲ᠋ᠧᠮᠵᠢ ᠶᠢ ᠲᠦᠷᠭᠡᠳᠭᠡᠨ ᠪᠠᠶᠢᠭᠤᠯᠬᠤ ᠬᠡᠷᠡᠭᠳᠡᠢ᠃ ᠠᠮᠢ ᠠᠬᠤᠢ ᠶᠢᠨ ᠰᠢᠰᠲ᠋ᠧᠮᠵᠢ ᠶᠢ ᠬᠠᠮᠠᠭᠠᠯᠠᠬᠤ ᠪᠠ ᠰᠡᠯᠪᠢᠨ ᠰᠡᠷᠭᠦᠭᠡᠬᠦ ᠠᠵᠢᠯ ᠢ ᠠᠬᠢᠭᠤᠯᠵᠤ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠬᠤ ᠬᠡᠷᠡᠭᠳᠡᠢ᠃ ᠬᠠᠤᠯᠢᠵᠢᠯ ᠤᠨ ᠰᠡᠳᠬᠢᠭᠦᠢ ᠪᠠᠨ ᠴᠢᠩᠭᠠᠳᠬᠠᠨ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ᠂ ᠬᠠᠤᠯᠢᠵᠢᠯ ᠤᠨ ᠲᠦᠪᠰᠢᠨ ᠢ ᠲᠡᠭᠡᠭᠰᠢᠯᠡᠭᠦᠯᠭᠦ ᠬᠡᠷᠡᠭᠳᠡᠢ᠃ ᠪᠦᠬᠦ ᠨᠡᠶᠢᠭᠡᠮ ᠳᠤ ᠪᠤᠬᠢᠷᠳᠦᠯ ᠦᠭᠡᠢ ᠬᠦᠭᠵᠢᠯᠳᠡ ᠶᠢᠨ  ᠣᠨᠣᠯᠵᠢᠬᠤᠨ ᠢ ᠰᠠᠨᠠᠭᠠᠴᠢᠯᠠᠵᠤ᠂ ᠤᠯᠠᠨ ᠨᠡᠶᠢᠳᠡ ᠶᠢᠨ ᠪᠠᠶᠢᠭᠤᠯᠤᠮᠵᠢ ᠢᠯᠠᠩᠭᠤᠶ᠎ᠠ ᠨᠠᠮ ᠵᠠᠰᠠᠭ ᠤᠨ ᠪᠠᠶᠢᠭᠤᠯᠭ᠎ᠠ ᠪᠦᠭᠦ ᠨᠡᠶᠢᠭᠡᠮ  ᠤᠨ ᠡᠮᠦᠨ᠎ᠠ ᠡᠩᠨᠡᠭᠡᠨ ᠳᠤ ᠬᠤᠰᠢᠭᠤᠷᠠᠨ ᠬᠡᠪ ᠲᠠᠭᠤᠷᠢᠶᠠᠯ ᠦᠵᠡᠭᠦᠯᠭᠦ ᠬᠡᠷᠡᠭᠳᠡᠢ ᠬᠡᠪᠠ᠃      ᠬᠤᠷᠠᠯ ᠢ ᠬᠠᠷᠠᠭᠠᠨ ᠳᠠᠪᠲᠠᠮᠵᠢ ᠶᠢᠨ ᠬᠡᠯᠪᠡᠷᠢ ᠪᠠᠷ ᠬᠤᠷᠠᠯᠳᠤᠭᠤᠯᠪᠠ᠃ ᠬᠡᠰᠡᠭ ᠠᠶᠢᠮᠠᠭ ᠬᠤᠳᠠ᠂ ᠲᠢᠩᠬᠢᠮ ᠲᠤᠪᠴᠢᠶ᠎ᠠ ᠶᠢᠨ ᠬᠠᠷᠢᠭᠤᠴᠠᠯᠭᠠᠳᠠᠨ ᠨᠦᠬᠦᠳ ᠰᠠᠨᠠᠯ ᠢᠶᠠᠨ ᠰᠣᠯᠢᠯᠴᠠᠬᠤ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号