ᠥᠪᠥᠷ ᠮᠣᠩᠭᠤᠯ ᠡᠯ᠎ᠡ ᠭᠠᠵᠠᠷ ᠣᠷᠣᠨ ᠨᠤᠭᠤᠳ ᠤᠨ ᠦᠶᠡᠷ ᠢ ᠰᠡᠷᠭᠡᠶᠢᠯᠡᠬᠦ ᠠᠵᠢᠯ ᠢ ᠪᠠᠴᠢᠮ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2018/7/20
     ᠡᠨᠡ ᠵᠢᠯ ᠠᠴᠠ ᠨᠠᠰᠢ᠂ ᠥᠪᠥᠷ ᠮᠣᠩᠭᠤᠯ ᠤᠨ ᠠᠭᠤᠷ ᠠᠮᠢᠰᠬᠤᠯ ᠤᠨ ᠪᠠᠶᠢᠳᠠᠯ ᠶᠡᠷᠦᠩᠬᠡᠢ ᠳᠡᠭᠡᠨ ᠠᠨᠠᠢ ᠪᠠᠶᠢᠵᠤ᠂ ᠴᠠᠭ ᠠᠭᠤᠷ ᠤᠨ ᠪᠠᠶᠢᠳᠠᠯ ᠨᠠᠷᠢᠨ ᠪᠤᠳᠤᠯᠢᠶᠠᠨᠲᠠᠶ ᠪᠠᠶᠢᠨ᠎ᠠ᠃ ᠦᠶᠡᠷ ᠤᠨ ᠭᠤᠣᠯ ᠬᠤᠭᠤᠴᠠᠭᠠᠨ ᠳᠤ ᠣᠷᠣᠵᠤ᠂ ᠪᠥᠬᠦ ᠣᠷᠣᠨ ᠤ ᠶᠡᠬᠡᠩᠬᠢ ᠭᠠᠵᠠᠷ ᠣᠷᠣᠨ ᠳᠤ ᠵᠠᠯᠭᠠᠭ᠎ᠠ ᠪᠠᠷ ᠪᠣᠷᠣᠭᠠᠨ ᠣᠷᠣᠵᠤ᠂ ᠬᠡᠰᠡᠭ ᠭᠠᠵᠠᠷ ᠣᠷᠣᠨ ᠳᠤ ᠦᠶᠡᠷ ᠤᠰᠤᠲᠤᠯ ᠤᠨ ᠭᠠᠮᠰᠢᠭ ᠭᠠᠷᠴᠤ᠂ ᠥᠪᠡᠷᠲᠡᠭᠡᠨ ᠵᠠᠰᠠᠭ ᠣᠷᠣᠨ ᠨᠢᠭᠡᠨᠲᠡ ᠦᠶᠡᠷ ᠢ ᠰᠡᠷᠭᠡᠶᠢᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ Ⅳ ᠳᠡᠰ ᠤᠨ ᠲᠤᠰᠬᠠᠯ ᠢ ᠡᠬᠢᠯᠡᠭᠦᠯᠪᠡ᠃ ᠦᠶᠡᠷ ᠤᠨ ᠬᠤᠭᠤᠴᠠᠭᠠᠨ ᠤ ᠰᠠᠪᠠ ᠭᠠᠵᠠᠷ ᠤᠨ ᠴᠠᠭ ᠠᠭᠤᠷ ᠤᠨ ᠮᠡᠳᠡᠭᠡ ᠵᠠᠩᠭᠢ ᠶᠢᠨ ᠤᠷᠢᠳᠴᠢᠯᠠᠨ ᠵᠢᠱᠢᠯᠲᠡ ᠶᠢ ᠦᠨᠳᠦᠰᠦᠯᠡᠪᠡᠯ᠂ ᠢᠷᠡᠬᠦ 7 ᠡᠳᠦᠷ ᠲᠤ᠂ ᠬᠠᠳᠤᠨ ᠭᠤᠣᠯ ᠤᠨ ᠥᠪᠥᠷ ᠮᠣᠩᠭᠤᠯ ᠤᠨ ᠬᠡᠰᠡᠭ ᠲᠤ ᠠᠭᠠᠳᠠᠷ ᠪᠣᠷᠣᠭᠠᠨ ᠲᠠᠢ᠂ ᠳᠣᠯᠣᠳᠣᠭᠠᠷ ᠰᠠᠷ᠎ᠠ ᠶᠢᠨ ᠡᠴᠦᠰ ᠨᠠᠢᠮᠠᠳᠤᠭᠠᠷ ᠰᠠᠷ᠎ᠠ ᠶᠢᠨ ᠡᠬᠢ ᠪᠠᠷ ᠬᠠᠲᠤᠨ ᠭᠤᠣᠯ ᠤᠨ ᠥᠪᠥᠷ ᠮᠣᠩᠭᠤᠯ ᠤᠨ ᠰᠠᠪᠠ ᠭᠠᠵᠠᠷ ᠲᠤ ᠬᠤᠷ᠎ᠠ ᠲᠣᠨᠣᠳᠠᠰᠤ ᠨᠡᠮᠡᠭᠳᠡᠬᠦ ᠪᠣᠯᠣᠨ᠎ᠠ᠃ ᠡᠭᠦᠨ ᠤ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠷᠴᠢᠮᠬᠠᠨ ︽ᠣᠳᠣᠬᠠᠨ ᠤ ᠦᠶᠡᠷ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠲᠤᠬᠠᠶ ᠪᠠᠴᠢᠮ ᠮᠡᠳᠡᠭᠳᠡᠯ︾ ︵ᠳᠣᠷᠣᠭᠰᠢ ︽ᠪᠠᠴᠢᠮ ᠮᠡᠳᠡᠭᠳᠡᠯ︾ ᠭᠡᠵᠦ ᠲᠣᠪᠴᠢᠯᠠᠨ᠎ᠠ︶ ᠪᠠᠭᠤᠯᠭᠠᠪᠠ᠃ ᠰᠤᠷᠪᠤᠯᠵᠢᠯᠠᠭᠴᠢ 18᠎ ᠤ ᠡᠳᠦᠷ ᠣᠶᠢᠯᠠᠭᠠᠭᠰᠠᠨ ᠢᠶᠠᠷ᠂ ᠲᠤᠰ ︽ᠪᠠᠴᠢᠮ ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠶᠡᠭᠡ ᠲᠠᠯ᠎ᠠ ᠶᠢᠨ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠵᠣᠷᠢᠭᠲᠠᠢ ᠪᠠᠷ ᠡᠭᠦᠷᠭᠡᠯᠡᠬᠦ ᠤᠬᠠᠮᠰᠠᠷ ᠢᠶᠠᠨ ᠴᠢᠩᠭᠠᠳᠬᠠᠵᠤ᠂ ᠦᠶᠡᠷ ᠢ ᠰᠡᠷᠭᠡᠶᠢᠯᠡᠬᠦ ᠠᠵᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠰᠠᠯᠠᠭ᠎ᠠ ᠮᠥᠴᠢᠷ᠂ ᠡᠯ᠎ᠡ ᠠᠵᠢᠯ ᠳᠦᠷᠦᠯ ᠤᠨ ᠦᠶᠡᠷ ᠢ ᠰᠡᠷᠭᠡᠶᠢᠯᠡᠬᠦ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠬᠤ ᠬᠡᠷᠡᠭᠲᠡᠢ ᠭᠡᠵᠡᠢ᠃      ︽ᠪᠠᠴᠢᠮ ᠮᠡᠳᠡᠭᠳᠡᠯ︾᠎ ᠳᠤ ᠱᠠᠭᠠᠷᠳᠠᠭᠰᠠᠨ ᠨᠢ᠂ ᠡᠯ᠎ᠡ ᠱᠠᠲᠤᠨ ᠤ ᠴᠠᠭ ᠠᠭᠤᠷ᠂ ᠤᠰᠤᠨ ᠵᠦᠢ ᠵᠡᠷᠭᠡ ᠰᠠᠯᠠᠭ᠎ᠠ ᠮᠥᠴᠢᠷ ᠤᠳ ᠭᠠᠮᠰᠢᠭ ᠤᠨ ᠴᠢᠨᠠᠷᠲᠠᠶ ᠠᠭᠤᠷ ᠠᠮᠢᠰᠬᠤᠯ ᠪᠣᠯᠣᠨ ᠤᠰᠤᠨ ᠤ ᠪᠠᠶᠢᠳᠠᠯ᠂ ᠦᠶᠡᠷ ᠤᠨ ᠪᠠᠶᠢᠳᠠᠯ ᠤᠨ ᠬᠥᠭᠵᠢᠯᠲᠡ ᠬᠤᠪᠢᠷᠠᠯᠲᠠ ᠶᠢ ᠨᠢᠭᠲᠠ ᠬᠢᠨᠠᠨ ᠠᠵᠢᠭᠯᠠᠵᠤ᠂ ᠰᠡᠷᠡᠮᠵᠢᠯᠡᠭᠦᠯᠬᠦ ᠮᠡᠳᠡᠭᠡ ᠵᠠᠩᠭᠢ ᠶᠢ ᠤᠷᠢᠳᠴᠢᠯᠠᠨ ᠨᠡᠶᠢᠲᠡᠯᠡᠵᠦ᠂ ᠴᠠᠭ ᠲᠤᠬᠠᠢ ᠳᠤᠨᠢ ᠵᠥᠪᠳᠡᠯᠴᠡᠨ ᠰᠣᠳᠣᠯᠣᠨ ᠮᠠᠭᠠᠳᠯᠠᠵᠤ᠂ ᠴᠠᠭ ᠲᠤᠬᠠᠶ ᠳᠤᠨᠢ ᠪᠠᠴᠢᠮ ᠪᠠᠶᠢᠳᠠᠯ ᠢ ᠠᠷᠭᠠᠴᠠᠬᠤ ᠲᠤᠰᠬᠠᠯ ᠢ ᠡᠬᠢᠯᠡᠭᠦᠯᠦᠨ᠂ ᠤᠯᠠᠨ ᠲᠦᠮᠡᠨ ᠤ ᠰᠢᠯᠵᠢᠨ ᠨᠡᠭᠦᠬᠦ᠂ ᠭᠠᠮᠰᠢᠭ ᠢ ᠰᠡᠷᠭᠡᠶᠢᠯᠡᠨ ᠭᠠᠮᠰᠢᠭ ᠠᠴᠠ ᠵᠠᠶᠢᠯᠠᠬᠤ ᠪᠠ ᠠᠶᠤᠯ ᠭᠠᠮᠰᠢᠭ ᠠᠴᠠ ᠠᠪᠤᠷᠠᠬᠤ ᠳᠤ ᠴᠠᠭ ᠪᠣᠯᠣᠨ ᠰᠠᠨᠠᠭᠠᠴᠢᠯᠠᠭᠠᠲᠤ ᠪᠠᠶᠢᠷᠢ ᠶᠢ ᠣᠯᠭᠤᠬᠤ ᠬᠡᠷᠡᠭᠲᠡᠶ ᠭᠡᠵᠡᠢ᠃      ︽ᠪᠠᠴᠢᠮ ᠮᠡᠳᠡᠭᠳᠡᠯ︾᠎ ᠳᠤ ᠱᠠᠭᠠᠷᠳᠠᠭᠰᠠᠨ ᠨᠢ᠂ ᠣᠶᠢᠷ᠎ᠠ ᠶᠢᠨ ᠬᠤᠭᠤᠴᠠᠭᠠᠨ ᠳᠤ ᠬᠠᠲᠤᠨ ᠭᠤᠣᠯ ᠤᠨ ᠳᠡᠭᠡᠳᠦ ᠤᠷᠤᠰᠬᠠᠯ ᠠᠴᠠ ᠢᠷᠡᠬᠦ ᠤᠰᠤ ᠨᠡᠯᠢᠶᠡᠳ ᠨᠡᠮᠡᠭᠳᠡᠪᠡ᠂ ᠬᠠᠳᠤᠨ ᠭᠤᠣᠯ ᠳᠠᠭᠠᠤ ᠶᠢᠨ ᠡᠯ᠎ᠡ ᠭᠠᠵᠠᠷ ᠣᠷᠣᠨ ᠨᠤᠭᠤᠳ ᠬᠠᠲᠤᠨ ᠭᠤᠣᠯ ᠤᠨ ᠰᠠᠪᠠ ᠭᠠᠵᠠᠷ ᠤᠨ ᠦᠶᠡᠷ ᠤᠨ ᠪᠠᠶᠢᠳᠠᠯ ᠢ ᠨᠢᠭᠲᠠ ᠠᠩᠬᠠᠷᠴᠤ᠂ ᠦᠶᠡᠷ ᠢ ᠰᠡᠷᠭᠡᠶᠢᠯᠡᠬᠦ ᠲᠠᠯ᠎ᠠ ᠪᠠᠷ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号