ᠰᠢᠯᠢ ᠶᠢᠨ ᠭᠤᠣᠯ ᠠᠶᠢᠮᠠᠭ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠢᠳᠡᠪᠬᠢᠲᠡᠶ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2018/7/20
     ᠡᠨᠡ ᠵᠢᠯ ᠠᠴᠠ ᠨᠠᠰᠢ᠂ ᠰᠢᠯᠢ ᠶᠢᠨ ᠭᠤᠣᠯ ᠠᠶᠢᠮᠠᠭ ᠦᠷᠭᠦᠯᠵᠢᠯᠡᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠨᠡᠭᠦᠯᠭᠡᠨ ᠰᠢᠯᠵᠢᠭᠦᠯᠦᠭᠰᠡᠨ ᠮᠠᠯᠴᠢᠨ ᠲᠠᠷᠢᠶᠠᠴᠢᠨ ᠂ ᠶᠠᠭ ᠠᠵᠢᠯ ᠣᠯᠭᠤᠯᠲᠠ ᠦᠭᠡᠢ ᠭᠡᠷ ᠪᠦᠯᠢ ᠶᠢᠨ ᠬᠥᠮᠦᠰ ᠢᠶᠠᠷ ᠭᠤᠣᠯᠳᠠᠭᠤᠯᠤᠭᠰᠠᠨ ᠠᠵᠢᠯ ᠤᠯᠬᠤ ᠳᠤ ᠬᠦᠴᠢᠷᠲᠡᠶ ᠬᠥᠮᠥᠰ ᠢ ᠬᠠᠪᠰᠤᠷᠤᠨ ᠲᠡᠳᠬᠦᠵᠦ᠂ ᠬᠥᠮᠦᠨ ᠳᠤᠨᠢ ᠲᠣᠬᠢᠷᠠᠭᠤᠯᠤᠨ ᠠᠷᠭ᠎ᠠ ᠪᠣᠳᠣᠯᠭ᠎ᠠ ᠠᠪᠴᠤ᠂ ᠭᠤᠣᠯᠳᠠᠯᠭ᠎ᠠ ᠲᠠᠢ ᠠᠵᠢᠯ ᠤᠯᠬᠤ ᠬᠥᠮᠥᠰ ᠤᠨ ︽ᠨᠢᠭᠡ ᠬᠥᠮᠦᠨ ᠢ ᠣᠯᠵᠤ ᠮᠡᠳᠡᠪᠡᠯ᠂ ᠨᠢᠭᠡ ᠶᠢ ᠨᠤᠲᠠᠯᠠᠵᠤ᠂ ᠨᠢᠭᠡ ᠶᠢ ᠬᠠᠪᠰᠤᠷᠤᠨ ᠲᠡᠳᠬᠦᠵᠦ᠂ ᠨᠢᠭᠡ ᠳᠤᠨᠢ ᠠᠵᠢᠯ ᠣᠯᠭᠤᠵᠦ᠂ ᠨᠢᠭᠡ ᠶᠢ ᠲᠣᠭᠲᠠᠭᠤᠨ ᠪᠠᠶᠢᠯᠭᠠᠬᠤ︾᠎ ᠶᠢ ᠪᠠᠲᠤᠯᠠᠵᠤ ᠪᠠᠶᠢᠨ᠎ᠠ᠃      ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠲᠠᠯ᠎ᠠ ᠪᠠᠷ᠄ ᠦᠨᠡᠨ ᠨᠡᠷ᠎ᠡ ᠪᠠᠷ ᠳᠠᠩᠰᠠᠯᠠᠬᠤ ᠪᠠ ᠲᠤᠶᠢᠯ ᠤᠨ ᠣᠨᠣᠪᠴᠢᠲᠠᠢ ᠪᠠᠷ ᠦᠢᠯᠡᠴᠢᠯᠡᠬᠦ ᠬᠤᠶᠠᠷ ᠵᠠᠩᠭᠢᠯᠠᠭ᠎ᠠ ᠶᠢᠨ ᠲᠤᠭᠤᠷᠢᠨ ᠳᠤ᠂ ︽ᠬᠤᠶᠠᠷ ᠠᠵᠢᠯᠯᠠᠭ᠎ᠠ ᠭᠤᠷᠪᠠᠨ ᠲᠥᠯᠥᠪᠯᠡᠭᠡ︾ ︵ᠲᠤᠬᠠᠶᠢᠯᠠᠪᠠᠯ᠄ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠲᠦᠮᠡᠨ ᠬᠥᠮᠥᠨ ᠤ ᠠᠳᠠᠯ ᠦᠢᠯᠡᠰ ᠴᠣᠭᠴᠠᠯᠠᠬᠤ ᠠᠵᠢᠯᠯᠠᠭ᠎ᠠ᠂ ᠦᠨᠳᠦᠰᠦᠨ ᠱᠠᠲᠤᠨ ᠤ ᠠᠵᠢᠯ ᠣᠯᠭᠤᠬᠤ ᠲᠦᠮᠡᠨ ᠠᠵᠢᠯ ᠤᠨ ᠪᠠᠶᠢᠷᠢ ᠶᠢᠨ ᠠᠵᠢᠯᠯᠠᠭ᠎ᠠ᠂ ᠳᠤᠮᠳᠠ ᠵᠢᠵᠢᠭ ᠠᠵᠤ ᠠᠬᠤᠶᠢᠯᠠᠯ ᠤᠨ ᠲᠦᠮᠡᠨ ᠬᠥᠮᠦᠨ ᠤ ᠨᠥᠭᠡᠴᠡ ᠶᠢᠨ ᠠᠵᠢᠯᠯᠠᠭ᠎ᠠ︔ ᠶᠡᠭᠡ ᠳᠡᠭᠡᠳᠦ ᠰᠤᠷᠭᠠᠭᠤᠯᠢ ᠶᠢᠨ ᠲᠡᠭᠦᠰᠦᠭᠡᠳ ᠠᠵᠢᠯ ᠣᠯᠤᠭᠠᠳᠤᠶ ᠪᠠᠶᠢᠬᠤ ᠰᠤᠷᠤᠭᠴᠢᠳ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ᠪᠣᠯᠤᠨ ᠮᠣᠩᠭᠤᠯ ᠢᠶᠠᠷ ᠬᠢᠴᠢᠶᠡᠯᠯᠡᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠤᠨ ᠠᠵᠢᠯ ᠣᠯᠭᠤᠯᠲᠠ ᠶᠢ ᠠᠬᠢᠭᠤᠯᠬᠤ ᠲᠥᠯᠥᠪᠯᠡᠭᠡ ︶᠎ ᠶᠢ ᠰᠠᠶᠢᠲᠤᠷ ᠠᠳᠬᠤᠵᠤ᠂ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ 1011 ᠬᠥᠮᠦᠨ ︵ᠮᠣᠩᠭᠤᠯ ᠬᠡᠯᠡ ᠪᠠᠷ ᠬᠢᠴᠢᠶᠡᠯᠯᠡᠬᠦ 207 ᠬᠥᠮᠥᠨ︶᠎ ᠤ ᠠᠵᠢᠯ ᠣᠯᠭᠤᠯᠲᠠ ᠶᠢᠨ ᠴᠢᠭᠯᠡᠯ ᠢ ᠨᠢ ᠨᠠᠶᠢᠳᠠᠪᠤᠷᠢᠵᠢᠭᠤᠯᠤᠭᠰᠠᠨ ᠪᠣᠶᠣ ᠪᠡᠶᠡᠯᠡᠭᠦᠯᠵᠡᠢ᠃      ᠮᠠᠯᠴᠢᠨ ᠲᠠᠷᠢᠶᠠᠴᠢᠳ ᠢ ᠰᠢᠯᠢᠵᠢᠭᠦᠯᠥᠨ ᠠᠵᠢᠯ ᠣᠯᠭᠤᠬᠤ ᠲᠠᠯ᠎ᠠ ᠪᠠᠷ᠄ ᠮᠠᠯᠵᠢᠬᠤ ᠲᠠᠷᠢᠶᠠᠯᠠᠬᠤ ᠣᠷᠣᠨ ᠤ ᠦᠯᠡᠭᠦᠦ ᠬᠥᠳᠡᠯᠮᠦᠷᠢ ᠬᠦᠴᠦᠨ ᠤ ᠬᠤᠳᠠ ᠪᠠᠯᠭᠠᠰᠤᠵᠢᠯᠳᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠪᠠᠷ ᠲᠦᠰᠢᠭ ᠪᠣᠯᠭᠠᠬᠤ ᠶᠢ ᠤᠳᠤᠷᠢᠳᠤᠨ ᠵᠣᠷᠢᠭᠵᠢᠭᠤᠯᠤᠨ ᠲᠡᠮᠵᠢᠵᠤ᠂ ᠲᠤᠬᠠᠶ ᠶᠢᠨ ᠭᠠᠵᠠᠷ ᠪᠣᠶᠤ ᠣᠶᠢᠷ᠎ᠠ ᠬᠠᠪᠢ ᠎ ᠳᠤᠨᠢ ᠰᠢᠯᠵᠢᠭᠦᠯᠦᠨ ᠠᠵᠢᠯ ᠣᠯᠭᠤᠬᠤ ᠪᠠ ᠠᠳᠠᠯ ᠦᠢᠯᠡᠰ ᠴᠣᠭᠴᠠᠯᠠᠬᠤ ᠶᠢ ᠠᠬᠢᠭᠤᠯᠵᠤ᠂ ᠮᠠᠯᠴᠢᠨ ᠲᠠᠷᠢᠶᠠᠴᠢᠳ ᠎ ᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠨᠢ ᠴᠢᠩᠭᠠᠳᠬᠠᠵᠤ᠂ ᠮᠠᠯᠴᠢᠨ ᠲᠠᠷᠢᠶᠠᠴᠢᠳ ᠤᠨ ᠠᠳᠠᠯ ᠦᠢᠯᠡᠰ ᠴᠣᠭᠴᠠᠯᠠᠬᠤ ᠨᠢᠭᠡ ᠪᠦᠯᠦᠭ ᠨᠡᠶᠢᠲᠡᠯᠢᠭ ᠵᠢᠱᠢᠶ᠎ᠡ ᠶᠢ ᠬᠦᠮᠦᠵᠢᠭᠦᠯᠵᠦ᠂ ᠨᠡᠩ ᠤᠯᠠᠨ ᠬᠦᠴᠦ ᠶᠠᠪᠤᠭᠰᠠᠳ ᠮᠠᠯᠴᠢᠨ ᠲᠠᠷᠢᠶᠠᠴᠢᠨ ᠤ ᠨᠤᠲᠤᠭ ᠲᠠᠭᠠᠨ ᠪᠤᠴᠠᠵᠤ ᠠᠳᠠᠯ ᠦᠢᠯᠡᠰ ᠴᠣᠭᠴᠠᠯᠠᠵᠤ ᠠᠵᠢᠯ ᠣᠯᠬᠤ ᠶᠢ ᠠᠬᠢᠭᠤᠯᠪᠠ᠃ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠲᠤᠰ ᠠᠶᠢᠮᠠᠭ ᠲᠤᠰ ᠵᠢᠯ ᠳᠤ 47614 ᠬᠥᠮᠥᠨ ᠢ ᠰᠢᠯᠵᠢᠭᠦᠯᠦᠨ ᠠᠵᠢᠯ ᠣᠯᠭᠤᠵᠠᠢ᠃      ᠠᠵᠢᠯ ᠤᠯᠬᠤ ᠳᠤ ᠬᠦᠴᠢᠷᠲᠡᠶ ᠬᠥᠮᠦᠰ ᠲᠤ ᠠᠵᠢᠯ ᠣᠯᠭᠤᠬᠤ ᠲᠠᠯ᠎ᠠ ᠪᠠᠷ᠄ ᠦᠨᠳᠦᠰᠦᠨ ᠱᠠᠲᠤᠨ ᠤ ᠤᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠦᠷᠭᠦᠯᠵᠢᠯᠡᠨ ᠲᠦᠰᠢᠭᠯᠡᠵᠦ᠂ ᠠᠵᠢᠯ ᠤᠯᠬᠤ ᠳᠤ ᠬᠦᠴᠢᠷᠲᠡᠶ ᠬᠥᠮᠦᠰ ᠢ ᠳᠠᠩᠰᠠᠯᠠᠵᠤ ᠮᠠᠭᠠᠳᠯᠠᠨ ᠲᠣᠭᠲᠠᠭᠠᠵᠦ᠂ ᠲᠥᠷᠥᠯ ᠬᠤᠪᠢᠶᠠᠭᠰᠠᠨ ᠦᠨᠡᠨ ᠨᠡᠷ᠎ᠡ ᠶᠢᠨ ᠬᠥᠳᠡᠯᠦᠩᠭᠦᠶ ᠬᠠᠮᠢᠶᠠᠷᠤᠯᠲᠠ ᠶᠢ ᠪᠦᠷᠢᠨᠰᠢᠭᠦᠯᠵᠦ᠂ ︽ᠵᠢᠷᠭᠤᠭ᠎ᠠ ᠶᠢ ᠬᠦᠷᠭᠡᠵᠦ ᠨᠢᠭᠡ ᠶᠢ ᠨᠠᠶᠢᠳᠠᠪᠤᠷᠢᠵᠢᠭᠤᠯᠬᠤ︾ ︵ᠲᠤᠬᠠᠶᠢᠯᠠᠪᠠᠯ᠄ ᠲᠦᠷᠦ ᠶᠢᠨ ᠪᠤᠳᠤᠯᠭ᠎ᠠ ᠬᠦᠷᠭᠡᠬᠦ᠂ ᠮᠡᠳᠡᠭᠡ ᠵᠠᠩᠭᠢ ᠬᠦᠷᠭᠡᠬᠦ᠂ ᠠᠵᠢᠯ ᠤᠨ ᠪᠠᠶᠢᠷᠢ ᠬᠦᠷᠭᠡᠬᠦ᠂ ᠪᠣᠯᠪᠠᠰᠤᠷᠠᠭᠤᠯᠤᠯ ᠬᠦᠷᠭᠡᠬᠦ᠂ ᠲᠥᠷᠥᠯ ᠵᠦᠢᠯ ᠬᠦᠷᠭᠡᠬᠦ᠂ ᠬᠠᠯᠠᠮᠵᠢᠯᠠᠯ ᠬᠦᠷᠭᠡᠬᠦ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ︶ ᠠᠵᠢᠯᠯᠠᠭ᠎ᠠ ᠥᠷᠨᠢᠭᠦᠯᠵᠦ᠂ ︽ᠨᠢᠭᠡ ᠨᠢᠭᠡ ᠳᠤ ᠬᠠᠷᠠᠭᠠᠯᠵᠠᠭᠤᠯᠬᠤ᠂ ᠨᠢᠭᠤᠷᠳᠠᠨ ᠬᠠᠷᠢᠯᠴᠠᠭᠤᠯᠬᠤ︾ ᠲᠤᠶᠢᠯ ᠤᠨ ᠣᠨᠣᠪᠴᠢᠲᠠᠢ ᠪᠠᠷ ᠠᠵᠢᠯ ᠣᠯᠭᠤᠨ ᠬᠠᠪᠰᠤᠷᠤᠨ ᠲᠡᠳᠬᠦᠬᠦ ᠶᠢ ᠬᠡᠷᠡᠭᠵᠢᠭᠦᠯᠵᠦ᠂ ᠲᠣᠣᠱᠲᠠᠢ ᠤᠬᠠᠭᠤᠯᠬᠤ᠂ ᠪᠦᠷᠢᠨ ᠰᠤᠷᠪᠤᠯᠵᠢᠯᠠᠬᠤ᠂ ᠭᠦᠢᠴᠡᠳ ᠬᠠᠪᠰᠤᠷᠤᠨ ᠲᠡᠳᠬᠦᠬᠦ ᠶᠢ ᠴᠢᠷᠮᠠᠶᠢᠨ ᠪᠡᠶᠡᠯᠡᠭᠦᠯᠵᠦ᠂ ᠶᠠᠭ ᠠᠵᠢᠯ ᠣᠯᠭᠤᠯᠲᠠ ᠦᠭᠡᠢ ᠭᠡᠷ ᠪᠦᠯᠢ ᠶᠢᠨ ᠬᠥᠳᠡᠯᠦᠩᠭᠦᠶ ᠪᠠᠶᠢᠳᠠᠯ ᠢ ᠦᠭᠡᠶᠢᠰᠬᠡᠬᠦ ᠎ ᠶᠢ ᠣᠨᠣᠪᠴᠢᠲᠠᠢ ᠪᠠᠲᠤᠯᠠᠵᠤ᠂ 6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠰᠢᠯᠢ ᠶᠢᠨ ᠭᠤᠣᠯ ᠠᠶᠢᠮᠠᠭ ᠠᠵᠢᠯ ᠤᠯᠬᠤ ᠳᠤ ᠬᠦᠴᠢᠷᠲᠡᠶ 1451 ᠬᠥᠮᠦᠰ ᠢ ᠮᠠᠭᠠᠳᠯᠠᠨ ᠲᠣᠭᠲᠠᠭᠠᠵᠤ᠂ ᠲᠤᠰᠠᠯᠠᠮᠵᠢ ᠦᠵᠡᠭᠦᠯᠬᠦ ᠪᠠᠷ ᠳᠠᠮᠵᠢᠭᠤᠯᠤᠨ 1399 ᠬᠥᠮᠦᠨ ᠳᠤ ᠠᠵᠢᠯ ᠣᠯᠭᠤᠬᠤ ᠠᠳᠠᠯ ᠦᠢᠯᠡᠰ ᠴᠤᠭᠴᠠᠯᠠᠬᠤ ᠶᠢ ᠠᠮᠵᠢᠯᠲᠠ ᠲᠠᠢ ᠪᠡᠶᠡᠯᠡᠭᠦᠯᠵᠦ᠂  ᠬᠤᠲᠠ ᠳᠤ ᠶᠠᠭ ᠠᠵᠢᠯ ᠣᠯᠭᠤᠯᠲᠠ ᠦᠭᠡᠢ ᠭᠡᠷ ᠪᠦᠯᠢ ᠦᠭᠡᠢ ᠪᠠᠶᠢᠯᠭᠠᠬᠤ ᠶᠢ ᠪᠡᠶᠡᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号