ᠪᠥᠬᠦ ᠣᠷᠣᠨ ᠤ ᠬᠤᠲᠠ ᠶᠢᠨ ᠬᠤᠣᠰ ᠵᠠᠰᠠᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠢ ᠠᠯᠠᠱᠨ ᠠᠶᠢᠮᠠᠭ ᠲᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2018/7/23
    7 ᠳ᠋ᠤᠭᠠᠷ ᠰᠠᠷ᠎ᠠ ᠶᠢᠨ 19᠎ ᠤ ᠡᠳᠦᠷ᠂ ᠪᠥᠬᠦ ᠣᠷᠣᠨ ᠤ ᠲᠡᠦᠬᠡ ᠰᠣᠶᠣᠯ ᠤᠨ ᠵᠡᠭᠡᠯᠢ ᠲᠣᠭᠤᠷᠢᠭ ᠢ ᠡᠭᠦᠳᠦᠨ ᠪᠠᠶᠢᠭᠤᠯᠬᠤ᠂ ᠲᠡᠦᠬᠡ ᠶᠢᠨ ᠳᠤᠷᠠᠰᠬᠠᠯᠲᠤ ᠪᠠᠷᠢᠯᠭ᠎ᠠ ᠶᠢᠨ ᠬᠠᠮᠠᠭᠠᠯᠠᠯᠲᠠ ᠪᠠ ᠠᠰᠢᠭᠯᠠᠯᠲᠠ ᠵᠢᠴᠢ ᠪᠥᠬᠦ ᠣᠷᠣᠨ ᠤ ᠬᠤᠲᠠ ᠶᠢᠨ ᠬᠤᠣᠰ ᠵᠠᠰᠠᠯᠲᠠ ᠶᠢᠨ ᠠᠵᠢᠯ ᠤᠨ ᠲᠤᠬᠠᠶ ᠶᠢᠨ ᠲᠠᠯᠠᠪᠤᠷ ᠤᠨ ᠬᠤᠷᠠᠯ ᠢ ᠠᠯᠠᠱᠨ ᠠᠶᠢᠮᠠᠭ ᠲᠤ ᠬᠤᠷᠠᠯᠳᠤᠭᠤᠯᠪᠠ᠃      ᠬᠤᠷᠠᠯ ᠠᠴᠠ ᠵᠢᠭᠠᠭᠰᠠᠨ ᠨᠢ᠂ ᠬᠤᠲᠠ ᠶᠢᠨ ᠬᠤᠣᠰ ᠵᠠᠰᠠᠯᠲᠠ ᠶᠢᠨ ᠠᠵᠢᠯ ᠪᠣᠯ ᠲᠥᠪ ᠤᠨ ᠬᠤᠲᠠ ᠶᠢᠨ ᠠᠵᠢᠯ ᠤᠨ ᠬᠤᠷᠠᠯᠳᠤᠭᠠᠨ ᠠᠴᠠ ᠲᠣᠭᠲᠠᠭᠠᠭᠰᠠᠨ ᠴᠢᠬᠤᠯᠠ ᠡᠭᠦᠷᠭᠡ ᠮᠥᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠲᠡᠦᠬᠡ ᠰᠣᠶᠣᠯ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠲᠡᠦᠬᠡ ᠰᠣᠶᠣᠯ ᠤᠨ ᠡᠬᠢ ᠪᠠᠶᠠᠯᠢᠭ ᠢ ᠢᠯᠡᠷᠡᠭᠦᠯᠦᠨ ᠠᠭᠤᠳᠠᠯᠬᠤ ᠡᠷᠴᠢᠮ ᠢᠶᠠᠨ ᠴᠢᠩᠭᠠᠷᠠᠭᠤᠯᠵᠤ᠂ ᠲᠡᠦᠬᠡ ᠰᠣᠶᠣᠯ ᠤᠨ ᠨᠡᠷᠡᠳᠦ ᠬᠤᠳᠠ᠂ ᠠᠯᠳᠠᠷᠲᠤ ᠪᠠᠯᠭᠠᠰᠤ᠂ ᠨᠡᠷᠡᠳᠦ ᠲᠣᠰᠬᠤᠨ ᠤ ᠬᠠᠮᠠᠭᠠᠯᠠᠯᠲᠠ ᠪᠣᠯᠤᠨ ᠲᠡᠦᠬᠡ ᠰᠣᠶᠣᠯ ᠤᠨ ᠵᠡᠭᠡᠯᠢ ᠲᠣᠭᠤᠷᠢᠭ ᠢ ᠵᠠᠭᠠᠭᠯᠠᠨ ᠲᠣᠭᠲᠠᠭᠠᠬᠤ ᠠᠵᠢᠯ ᠢ ᠢᠳᠡᠪᠬᠢᠲᠡᠶ ᠲᠦᠯᠬᠢᠨ ᠠᠬᠢᠭᠤᠯᠵᠤ᠂ ᠨᠢᠭᠡ ᠪᠦᠯᠦᠭ ᠲᠣᠪᠤᠶᠢᠮ᠎ᠠ ᠣᠷᠣᠨ ᠪᠦᠰᠡ ᠶᠢᠨ ᠰᠣᠶᠣᠯ ᠤᠨ ᠥᠪᠡᠷᠮᠢᠴᠡ ᠣᠨᠴᠠᠯᠢᠭ ᠪᠦᠬᠦᠢ ᠡᠯᠧᠮᠧᠨ᠋ᠲ ᠪᠠ ᠲᠡᠮᠳᠡᠭ ᠢ ᠨᠠᠷᠢᠯᠢᠭ ᠰᠣᠩᠭᠤᠨ ᠪᠣᠯᠪᠠᠰᠤᠷᠠᠭᠤᠯᠬᠤ ᠶᠢ ᠴᠢᠬᠤᠯᠠᠴᠢᠯᠠᠵᠤ᠂ ᠬᠤᠲᠠ ᠪᠠᠯᠭᠠᠰᠤᠨ ᠳᠤ ᠲᠡᠦᠬᠡ ᠶᠢᠨ ᠡᠯᠧᠮᠧᠨ᠋ᠲ ᠨᠡᠮᠡᠷᠢᠯᠡᠵᠦ᠂ ᠲᠡᠦᠬᠡ ᠶᠢᠨ ᠦᠨ᠎ᠡ ᠥᠷᠲᠡᠭ᠂ ᠰᠣᠶᠣᠯ ᠤᠨ ᠦᠨ᠎ᠡ ᠥᠷᠲᠡᠭ ᠪᠠ ᠬᠡᠷᠡᠭᠯᠡᠭᠡᠨ ᠤ ᠦᠨ᠎ᠡ ᠦᠷᠳᠡᠭ ᠢ ᠣᠷᠭᠠᠨᠢᠭ ᠢᠶᠠᠷ ᠨᠢᠭᠡᠳᠦᠭᠦᠯᠬᠦ ᠶᠢ ᠪᠡᠶᠡᠯᠡᠭᠦᠯᠵᠦ᠂ ᠲᠡᠦᠬᠡ ᠰᠣᠶᠣᠯ ᠬᠢᠭᠡᠳ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠠᠬᠢᠭᠤᠯᠵᠤ᠂ ᠥᠪᠥᠷ ᠮᠣᠩᠭᠤᠯ ᠤᠨ ᠠᠯᠳᠠᠷᠰᠢᠯ ᠪᠠ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠲᠠᠯ᠎ᠠ ᠪᠠᠷ ᠲᠡᠦᠬᠡ ᠰᠣᠶᠣᠯ ᠤᠨ ᠦᠵᠡᠭᠦᠯᠬᠦ ᠢᠳᠡᠪᠬᠢᠲᠡᠶ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠬᠡᠷᠡᠭᠲᠡᠢ᠃ ᠬᠤᠲᠠ ᠶᠢᠨ ᠬᠤᠣᠰ ᠵᠠᠰᠠᠯᠲᠠ ᠶᠢᠨ ᠠᠵᠢᠯ ᠢ ᠭᠦᠨᠵᠡᠭᠡᠶ ᠠᠬᠢᠭᠤᠯᠵᠤ᠂ ︽ᠬᠤᠲᠠ ᠶᠢᠨ ᠬᠤᠣᠰ ᠵᠠᠰᠠᠯᠲᠠ︾᠎ ᠶᠢᠨ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ︽ᠬᠤᠲᠠ ᠶᠢᠨ ᠬᠤᠣᠰ ᠵᠠᠰᠠᠯᠲᠠ︾᠎ ᠶᠢᠨ ᠠᠵᠢᠯ ᠤᠨ ᠲᠥᠷᠥᠯ ᠵᠦᠢᠯ ᠤᠨ ᠬᠥᠮᠥᠷᠭᠡ ᠶᠢ ᠰᠢᠯᠢᠳᠡᠭᠵᠢᠭᠦᠯᠦᠨ ᠪᠦᠷᠢᠨᠰᠢᠭᠦᠯᠵᠦ᠂ ᠴᠢᠳᠠᠯ ᠤᠨ ᠬᠢᠷᠢ ᠪᠠᠷ ᠢᠶᠠᠨ ᠴᠢᠷᠮᠠᠶᠢᠬᠤ ᠮᠥᠷᠲᠡᠭᠡᠨ ᠪᠠᠰᠠ ᠴᠢᠳᠠᠯ ᠤᠨ ᠬᠢᠷᠢ ᠪᠠᠷ ᠢᠶᠠᠨ ᠬᠢᠬᠦ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠠᠶᠠᠷ ᠨᠢ ᠰᠡᠷᠭᠦᠭᠡᠬᠦ ᠵᠠᠷᠴᠢᠮ ᠢᠶᠠᠷ ︽ᠬᠤᠲᠠ ᠶᠢᠨ ᠬᠤᠣᠰ ᠵᠠᠰᠠᠯᠲᠠ︾᠎ ᠶᠢᠨ ᠠᠵᠢᠯ ᠢ ᠲᠦᠯᠬᠢᠨ ᠠᠬᠢᠭᠤᠯᠵᠤ᠂ ᠬᠤᠳᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠤᠳᠠ ᠶᠢᠨ ᠬᠥᠭᠵᠢᠯᠲᠡ ᠶᠢᠨ ᠳᠤᠲᠠᠭᠤᠳᠠᠯ ᠢ ᠨᠥᠬᠦᠵᠦ ᠪᠦᠷᠢᠯᠳᠦᠭᠦᠯᠦᠨ᠂ ᠬᠤᠳᠠ ᠶᠢᠨ ᠰᠠᠭᠤᠷᠢᠰᠢᠵᠤ ᠠᠵᠢᠯᠯᠠᠵᠤ ᠠᠮᠢᠳᠤᠷᠠᠬᠤ ᠳᠤ ᠲᠤᠬᠢᠷᠠᠬᠤ ᠲᠥᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠨ ᠲᠦᠮᠡᠨ ᠤ ᠬᠦᠷᠲᠡᠭᠡᠯ ᠤᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠢ ᠨᠢ ᠤᠯᠠᠮ ᠨᠢᠭᠡ ᠠᠯᠬᠤᠮ ᠨᠡᠮᠡᠭᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号