ᠤᠯᠠᠭᠠᠨᠬᠠᠳᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠴᠤ ᠪᠤᠢ
ᠨᠡᠶᠢᠲᠡᠯᠡᠭᠰᠡᠨ ᠴᠠᠭ᠄
2018/7/24
     ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠠᠭᠠᠨᠬᠠᠳᠠ ᠶᠢᠨ ᠪᠠᠶᠢᠴᠠᠭᠠᠬᠤ ᠠᠩᠬᠢ ᠶᠢᠨ ᠦᠯᠢᠭᠡᠷ ᠠᠪᠴᠤ ᠪᠠᠶᠢᠴᠠᠭᠠᠭᠰᠠᠨ ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ᠂ ᠨᠢᠳᠤᠨᠤᠨ ᠤ ᠠᠳᠠᠯᠢ ᠬᠤᠭᠤᠴᠠᠭ᠎ᠠ ᠲᠠᠢ ᠠᠳᠠᠯᠢᠳᠬᠠᠪᠠᠯ᠂ 2018 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠬᠠᠳᠠ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠳᠠᠬᠢᠨ ᠲᠤᠭ᠎ᠠ 0.07 ᠪᠠᠭᠠᠰᠴᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠤᠯᠠᠮ ᠪᠠᠭᠠᠰᠴᠠᠢ᠃ 2018 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠬᠠᠳᠠ ᠬᠤᠳᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠯᠠᠪᠳᠠᠭᠤᠨ ᠢᠶᠠᠷ ᠨᠡᠮᠡᠭᠳᠡᠪᠡ᠂ ᠢᠯᠠᠩᠭᠤᠶ᠎ᠠ ᠤᠯᠤᠰ ᠤᠨ ᠲᠠᠷᠢᠶᠠᠴᠢᠳ ᠲᠤ ᠠᠰᠢᠭ ᠬᠦᠷᠲᠡᠭᠡᠬᠦ᠂ ᠮᠠᠯᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠲᠦᠯᠬᠢᠴᠡ ᠳᠣᠣᠷ᠎ᠠ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠡᠩ ᠶᠡᠭᠡ ᠪᠤᠯᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠠᠯᠬᠤᠮ ᠠᠯᠬᠤᠮ ᠢᠶᠠᠷ ᠪᠠᠭᠠᠰᠴᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠬᠤᠪᠢᠶᠠᠷᠢᠯᠠᠯᠲᠠ ᠶᠢᠨ ᠪᠦᠲᠦᠴᠡ ᠦᠷᠭᠦᠯᠵᠢᠯᠡᠨ ᠰᠠᠶᠢᠵᠢᠷᠠᠪᠠ᠃ ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠤᠯᠠᠭᠠᠨᠬᠠᠳᠠ ᠶᠢᠨ ᠪᠠᠶᠢᠴᠠᠭᠠᠬᠤ ᠠᠩᠭᠢ ᠶᠢᠨ ᠦᠯᠢᠭᠡᠷ ᠠᠪᠴᠤ ᠪᠠᠶᠢᠴᠠᠭᠠᠭᠰᠠᠨ ᠢ ᠦᠨᠳᠦᠰᠦᠯᠡᠪᠡᠯ᠂ 2018 ᠣᠨ ᠤ ᠳᠡᠭᠡᠷ᠎ᠡ ᠬᠠᠭᠠᠰ ᠵᠢᠯ ᠳᠤ᠂ ᠤᠯᠠᠭᠠᠨᠬᠠᠳᠠ ᠬᠤᠲᠠ ᠶᠢᠨ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠣᠷᠣᠯᠭ᠎ᠠ 15947 ᠲᠥᠭᠦᠷᠢᠭ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ 4841 ᠲᠥᠭᠦᠷᠢᠭ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠳᠠᠬᠢᠨ ᠲᠤᠭ᠎ᠠ ᠶᠢᠨ ᠬᠠᠷᠢᠴᠠᠯ ᠨᠢ 3.29 ᠪᠤᠯᠵᠤ᠂ ᠳᠡᠭᠡᠷ᠎ᠡ ᠵᠢᠯ ᠤᠨ ᠠᠳᠠᠯᠢ ᠬᠤᠭᠤᠴᠠᠭ᠎ᠠ ᠲᠠᠢ ᠠᠳᠠᠯᠢᠳᠬᠠᠪᠠᠯ 0.07 ᠪᠠᠭᠠᠰᠴᠤ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠢᠳᠡᠭ ᠢᠳᠡᠭ ᠢᠶᠠᠷ ᠪᠠᠭᠠᠰᠴᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号