ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ 7 ᠳ᠋ᠤᠭᠠᠷ ᠰᠠᠷ᠎ᠠ ᠶᠢᠨ 28 ᠤ ᠡᠳᠦᠷ — 8 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ | ᠬᠥᠬᠡᠬᠤᠲᠠ ᠳᠤ ︽2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ | ᠲᠡᠭᠦᠰᠦᠭᠡᠳ ᠠᠵᠢᠯ ᠣᠯᠤᠭᠠᠳᠤᠶ ᠪᠠᠶᠢᠬᠤ ᠣᠶᠤᠲᠠᠳ ᠤᠨ ᠵᠤᠨ ᠤ ᠠᠮᠠᠷᠠᠯᠲᠠ ᠶᠢᠨ ᠰᠢᠷᠢᠰ ᠲᠤᠰᠬᠠᠶ ᠤᠷᠢᠨ | ᠡᠯᠰᠡᠬᠦ ᠬᠤᠷᠠᠯ︾ ᠡᠷᠬᠢᠯᠡᠬᠦ ᠪᠠᠷ ᠲᠣᠭᠲᠠᠵᠤ᠂ ᠢᠳᠡᠪᠬᠢᠲᠡᠶ ᠵᠣᠬᠢᠴᠠᠭᠤᠯᠬᠤ ᠪᠠ ᠬᠥᠲᠥᠯᠥᠨ ᠵᠢᠯᠣᠭᠤᠳᠬᠤ ᠪᠠᠷ | ᠳᠠᠮᠵᠢᠨ᠂ ᠠᠵᠢᠯ ᠣᠯᠭᠤᠯᠲᠠ ᠶᠢ ᠠᠬᠢᠭᠤᠯᠬᠤ ᠪᠠᠷ ᠪᠣᠯᠪᠠ᠃ | 7 ᠳ᠋ᠤᠭᠠᠷ ᠰᠠᠷ᠎ᠠ ᠶᠢᠨ 28 ᠤ ᠡᠳᠦᠷ ᠵᠢᠭᠤᠯᠴᠢᠯᠠᠯ᠂ ᠪᠠᠭᠤᠳᠠᠯ ᠤᠨ ᠬᠠᠮᠢᠶᠠᠷᠤᠯᠲᠠ᠂ ᠪᠠᠷᠠᠭᠠᠨ ᠤ | ᠭᠦᠢᠯᠭᠡᠭᠡᠨ᠂ ᠳᠠᠭᠠᠳᠬᠠᠯ᠂ ᠮᠥᠩᠭᠦᠨ ᠭᠦᠶᠯᠭᠡᠭᠡ + ᠠᠮᠢᠳᠤ ᠪᠣᠳᠠᠰ ᠤᠨ ᠡᠮ ᠨᠠᠶᠢᠷᠠᠬᠤ ᠲᠦᠷᠦᠯ ᠤᠨ ᠲᠤᠰᠬᠠᠶ | ᠤᠷᠢᠨ ᠡᠯᠰᠡᠬᠦ ᠬᠤᠷᠠᠯ᠂ 8 ᠳ᠋ᠤᠭᠠᠷ ᠰᠠᠷ᠎ᠠ ᠶᠢᠨ 4 ᠤ ᠡᠳᠦᠷ ᠡᠵᠡᠩᠨᠡᠨ ᠪᠣᠷᠣᠯᠠᠭᠤᠯᠤᠯᠲᠠ᠂ ᠲᠥᠰᠥᠪᠯᠡᠯ᠂ | ᠡᠯᠧᠺᠲᠷᠣᠨ ᠬᠤᠳᠠᠯᠳᠤᠭ᠎ᠠ᠂ ᠺᠢᠨᠣ᠋ ᠲᠧᠯᠸᠢᠰ ᠺᠠᠷᠲ᠋ᠣᠨ ᠵᠢᠷᠤᠭ + ᠰᠣᠶᠣᠯ ᠵᠠᠭᠤᠴᠢ ᠶᠢᠨ ᠲᠦᠷᠦᠯ ᠤᠨ ᠲᠤᠰᠬᠠᠶ | ᠤᠷᠢᠨ ᠡᠯᠰᠡᠬᠦ ᠬᠤᠷᠠᠯ᠂ 8 ᠳ᠋ᠤᠭᠠᠷ ᠰᠠᠷ᠎ᠠ ᠶᠢᠨ 11 ᠤ ᠡᠳᠦᠷ ᠬᠡᠷ ᠭᠠᠵᠠᠷ ᠬᠥᠷᠥᠩᠭᠡ᠂ ᠪᠠᠷᠢᠯᠭ᠎ᠠ ᠶᠢᠨ | ᠮᠠᠲ᠋ᠧᠷᠢᠶᠠᠯ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠦᠢᠯᠡᠳᠪᠦᠷᠢᠯᠡᠬᠦ ᠦᠢᠯᠡᠳᠬᠦ ᠦᠢᠯᠡᠰ + ᠵᠢᠷᠤᠭ | ᠲᠥᠯᠥᠪᠯᠡᠭᠡ ᠶᠢᠨ ᠲᠥᠷᠥᠯ ᠤᠨ ᠲᠤᠰᠬᠠᠶ ᠤᠷᠢᠨ ᠡᠯᠰᠡᠬᠦ ᠬᠤᠷᠠᠯ᠂ 8 ᠳ᠋ᠤᠭᠠᠷ ᠰᠠᠷ᠎ᠠ ᠶᠢᠨ 18 ᠤ ᠡᠳᠦᠷ AI | ᠤᠶᠤᠨᠲᠤ ᠴᠢᠳᠠᠪᠤᠷᠢ᠂ ᠡᠭᠦᠯᠡᠨ ᠪᠣᠳᠣᠯᠳᠠ᠂ ᠲᠤᠮᠤ ᠳ᠋ᠠᠶᠢᠲ᠋ᠠ᠂ ᠳ᠋ᠠᠶᠢᠲ᠋ᠠ ᠶᠢᠨ ᠪᠦᠲᠦᠴᠡ ᠶᠢᠨ ᠬᠡᠯᠬᠢᠶ᠎ᠡ + | ᠢᠨᠲ᠋ᠧᠷ ᠰᠦᠯᠵᠢᠶ᠎ᠡ ᠶᠢᠨ ᠲᠦᠷᠦᠯ ᠤᠨ ᠲᠤᠰᠬᠠᠶ ᠤᠷᠢᠨ ᠡᠯᠰᠡᠬᠦ ᠬᠤᠷᠠᠯ ᠲᠤᠰ ᠲᠤᠰ ᠶᠠᠪᠤᠭᠳᠠᠬᠤ ᠪᠣᠯᠣᠨ᠎ᠠ᠃ | ᠤᠷᠢᠨ ᠡᠯᠰᠡᠬᠦ ᠬᠤᠷᠠᠯ ᠤᠨ ᠭᠠᠵᠠᠷ ᠢ ᠬᠥᠬᠡᠬᠤᠲᠠ ᠶᠢᠨ ᠲᠢᠶᠠᠨ ᠢᠥᠢ ᠬᠥᠮᠦᠨ ᠤ ᠬᠦᠴᠦᠨ ᠤ ᠡᠬᠢ | ᠪᠠᠶᠠᠯᠢᠭ ᠤᠨ ᠵᠠᠬ᠎ᠠ ᠳᠡᠯᠭᠡᠭᠦᠷ ︵ᠲᠡᠷᠭᠡᠨ ᠥᠷᠲᠡᠭᠡᠨ ᠤ ᠪᠠᠷᠠᠭᠤᠨ ᠵᠡᠭᠡᠯᠢ ᠶᠢᠨ ᠠᠶᠠᠨᠴᠢᠳ ᠤᠨ ᠲᠡᠭᠡᠭᠡᠪᠦᠷᠢ ᠶᠢᠨ | ᠪᠠᠷᠠᠭᠤᠨ ᠬᠦᠷᠢᠶᠡᠨ ᠳᠣᠲᠤᠷᠠᠬᠢ ᠤᠤᠯ ᠤᠨ ᠮᠣᠩᠭᠤᠯ ᠮᠣᠷᠢ ᠺᠯᠦ᠋ᠪ ᠤᠨ ᠬᠤᠶᠠᠳᠤᠭᠠᠷ ᠠᠰᠠᠷ︶ ᠲᠤ | ᠲᠣᠬᠢᠷᠠᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ 2018 ᠣᠨ ᠳᠤ ᠲᠡᠭᠦᠰᠦᠭᠰᠡᠨ ᠣᠶᠤᠲᠠᠳ ᠪᠣᠯᠣᠨ | ᠥᠩᠭᠡᠷᠡᠭᠰᠡᠨ ᠬᠤᠭᠤᠴᠠᠭᠠᠨ ᠳᠤ ᠰᠤᠷᠭᠠᠭᠤᠯᠢ ᠲᠡᠭᠦᠰᠦᠭᠡᠳ ᠠᠵᠢᠯ ᠣᠯᠤᠭᠠᠳᠤᠶ ᠪᠦᠭᠡᠳ ᠥᠪᠥᠷ ᠮᠣᠩᠭᠤᠯ ᠳᠤ | ᠢᠷᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤᠷᠠᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ | ᠰᠤᠷᠤᠭᠴᠢᠳ ᠠᠴᠠ ᠤᠷᠢᠨ ᠡᠯᠰᠡᠨ᠎ᠡ᠃ |