ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/7/24
     7 ᠳ᠋ᠤᠭᠠᠷ ᠰᠠᠷ᠎ᠠ ᠶᠢᠨ 20 ᠤ ᠡᠳᠦᠷ᠂ ᠪᠦᠬᠦ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠢ ᠪᠦᠬᠦ ᠲᠠᠯ᠎ᠠ ᠪᠠᠷ ᠡᠷᠭᠢᠴᠡᠭᠦᠯᠦᠨ ᠳ᠋ᠦᠩᠨᠡᠵᠦ᠂ ᠳᠠᠷᠠᠭᠠᠴᠢ ᠶᠢᠨ ᠠᠯᠬᠤᠮ ᠤᠨ ᠠᠵᠢᠯ ᠤᠨ ᠲᠠᠯ᠎ᠠ ᠪᠠᠷ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠲᠠᠷᠠᠭᠠᠴᠢ ᠶᠢᠨ ᠠᠯᠬᠤᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠨᠢ ᠭᠤᠷᠪᠠᠨ ᠶᠡᠭᠡ ᠰᠢᠪᠲᠤᠯᠤᠯᠲᠠ ᠶᠢᠨ ᠳᠠᠶᠢᠨ ᠢ ᠰᠠᠶᠢᠲᠤᠷ ᠬᠢᠬᠦ᠂ ︽ᠭᠤᠷᠪᠠ ᠶᠢ ᠯᠠᠪᠳᠠᠭᠤᠨ ᠬᠢᠬᠦ︾ ᠠᠵᠢᠯ ᠢ ᠰᠠᠶᠢᠲᠤᠷ ᠬᠢᠬᠦ ᠲᠤᠭᠤᠷᠢᠨ ᠳᠤ᠂ ᠠᠵᠤ ᠦᠢᠯᠡᠰ ᠤᠨ ᠰᠢᠰᠲ᠋ᠧᠮᠵᠢ ᠶᠢᠨ ᠮᠡᠷᠭᠡᠵᠢᠯ ᠤᠨ ᠠᠭᠤᠯᠤᠭᠳᠠᠴᠠ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ ᠠᠵᠤ ᠠᠬᠤᠶ ᠶᠢᠨ ᠬᠥᠭᠵᠢᠯᠲᠡ ᠶᠢᠨ ᠦᠨ᠎ᠡ ᠦᠷᠲᠡᠭ ᠢ ᠨᠡᠮᠡᠭᠳᠡᠭᠦᠯᠵᠦ᠂ ᠳᠡᠭᠡᠳᠦ ᠰᠢᠨ᠎ᠡ ᠮᠡᠷᠭᠡᠵᠢᠯ ᠢᠶᠠᠷ ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃ ᠠᠵᠤ ᠦᠶᠯᠡᠰ ᠤᠨ ᠬᠡᠯᠬᠢᠶᠡᠵᠢᠯ ᠤᠨ ᠲᠣᠭᠤᠷᠢᠨ  ᠳᠤ ᠰᠢᠨ᠎ᠡ ᠶᠢ ᠡᠭᠦᠳᠬᠦ ᠬᠡᠯᠬᠢᠶ᠎ᠡ ᠪᠠᠨ ᠪᠠᠶᠢᠷᠢᠯᠠᠭᠤᠯᠵᠤ᠂ ᠰᠢᠨ᠎ᠡ ᠶᠢ ᠡᠭᠦᠳᠬᠦ ᠬᠡᠯᠬᠢᠶᠡᠵᠢᠯ ᠤᠨ ᠲᠤᠭᠤᠷᠢᠨ ᠳᠤ ᠪᠡᠯᠡ ᠮᠥᠩᠭᠦᠨ ᠤ ᠬᠡᠯᠬᠢᠶ᠎ᠡ ᠪᠠᠨ ᠲᠤᠬᠢᠷᠠᠭᠤᠯᠬᠤ ᠬᠡᠷᠡᠭᠲᠡᠢ᠃ ᠬᠥᠬᠡᠬᠤᠲᠠ ᠪᠤᠭᠤᠲᠤ ᠤᠷᠳᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠤᠷᠤᠨ ᠢ ᠳᠠᠶᠢᠴᠢᠯᠠᠵᠤ᠂ ᠣᠷᠣᠨ ᠪᠦᠰᠡ ᠶᠢᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠪᠠᠶᠢᠷᠢᠰᠢᠯ ᠢ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠤᠨ ᠬᠦᠭᠵᠢᠯᠲᠡ ᠮᠠᠨᠳᠤᠯᠲᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠬᠠᠩᠭᠠᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠢᠶᠠᠷ ᠶᠠᠳᠠᠭᠤ ᠶᠢ ᠲᠡᠳᠬᠦᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠤᠶᠠᠯᠳᠤᠯ ᠴᠡᠭ ᠢ ᠤᠨᠤᠪᠴᠢᠲᠠᠢ ᠡᠷᠢᠵᠦ ᠭᠠᠷᠭᠠᠨ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰᠵᠢᠭᠦᠯᠬᠦ ᠠᠵᠢᠯ ᠢ ᠰᠠᠶᠢᠲᠤᠷ ᠠᠳᠬᠤᠵᠤ᠂ ᠲᠡᠷᠢᠭᠦᠨ ᠤ ᠬᠡᠷᠡᠭᠯᠡᠭᠡᠨ ᠤ ᠮᠡᠷᠭᠡᠵᠢᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠬᠡᠵᠦ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠦᠪᠡᠷ ᠢ ᠪᠠᠨ ᠬᠦᠭᠵᠢᠭᠦᠯᠬᠦ ᠲᠠᠯᠳᠠ ᠬᠦᠴᠦᠨ ᠢ ᠨᠢ ᠬᠦᠭᠵᠢᠭᠡᠬᠦ ᠬᠡᠷᠡᠭᠲᠡᠢ︔ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠳᠤ ᠢᠯᠠᠯᠲᠠ ᠤᠯᠬᠤ ᠪᠠ ᠠᠮᠢ ᠠᠬᠤᠶ ᠶᠢᠨ ᠣᠷᠴᠢᠨ ᠲᠤᠭᠤᠷᠢᠨ ᠢ ᠰᠠᠶᠢᠵᠢᠷᠠᠭᠤᠯᠬᠤ ᠳᠤ ᠬᠦᠴᠦ ᠨᠡᠮᠡᠬᠦ ᠬᠡᠷᠡᠭᠲᠡᠶ᠃ ᠭᠠᠵᠠᠷ ᠤᠷᠤᠨ ᠲᠢᠩᠬᠢᠮ ᠯᠦᠭᠡ ᠵᠦᠪᠳᠡᠯᠴᠡᠬᠦ ᠲᠣᠭᠲᠠᠴᠠ᠂ ᠰᠠᠶᠢᠨ ᠨᠥᠬᠦᠴᠡᠯᠳᠦᠯ ᠪᠦᠬᠦᠢ ᠰᠢᠶᠳᠪᠦᠷᠢᠲᠦ ᠪᠤᠳᠤᠯᠭ᠎ᠠ ᠶᠢᠨ ᠬᠠᠮᠢᠶᠠᠷᠤᠯᠲᠠ ᠶᠢᠨ ᠲᠣᠭᠲᠠᠴᠠ᠂ ᠭᠠᠵᠠᠷ ᠣᠷᠣᠨ ᠠᠯᠤᠰᠯᠠᠨ ᠬᠠᠮᠲᠤᠷᠠᠨ ᠬᠥᠳᠡᠯᠦᠯᠴᠡᠬᠦ ᠲᠤᠭᠲᠠᠴᠠ ᠶᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠣᠷ ᠰᠦᠯᠵᠢᠶᠡᠨ ᠤ ᠮᠡᠳᠡᠭᠡ ᠵᠠᠩᠭᠢ ᠶᠢᠨ ᠲᠠᠪᠴᠠᠩ ᠢ ᠬᠠᠮᠲᠤᠪᠠᠷ ᠪᠠᠶᠢᠭᠤᠯᠵᠤ᠂ ᠨᠢᠭᠡᠨ ᠬᠥᠯᠭᠡ ᠰᠢᠲᠠᠷ᠎ᠠ ᠮᠡᠲᠦ ᠪᠠᠶᠢᠬᠤ ᠵᠥᠪᠯᠡᠬᠦ ᠠᠵᠢᠯ ᠢ ᠳᠥᠯᠭᠢᠨ ᠠᠬᠢᠭᠤᠯᠬᠤ ᠲᠣᠭᠲᠠᠴᠠ ᠶᠢ ᠴᠢᠷᠮᠠᠶᠢᠨ ᠪᠤᠢ ᠪᠣᠯᠭᠠᠬᠤ ᠬᠡᠷᠡᠭᠲᠡᠶ︔ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠶᠳᠪᠦᠷᠢᠲᠦ ᠪᠤᠳᠤᠯᠭ᠎ᠠ ᠲᠣᠭᠲᠠᠭᠠᠬᠤ ᠲᠣᠭᠲᠠᠴᠠ ᠶᠢ ᠰᠦᠪᠡᠭᠴᠢᠯᠡᠨ᠂ ᠲᠥᠷᠥᠯ ᠵᠦᠢᠯ ᠤᠨ ᠬᠠᠮᠢᠶᠠᠷᠤᠯᠲᠠ ᠶᠢᠨ ᠰᠢᠨ᠎ᠡ ᠴᠤᠪᠤᠷᠠᠯ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠠᠴᠢᠶᠠᠯᠠᠪᠤᠷᠢ ᠶᠢᠨ ᠬᠦᠴᠦᠨ ᠴᠢᠳᠠᠪᠤᠷᠢ ᠶᠢ ᠭᠦᠢᠴᠡᠳ ᠪᠠᠳᠠᠷᠠᠭᠤᠯᠬᠤ ᠬᠡᠷᠡᠭᠲᠡᠢ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠷᠥ ᠶᠢᠨ ᠪᠣᠳᠣᠯᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠡᠢ᠃      ᠶᠠᠷᠢᠯᠴᠠᠬᠤ ᠬᠤᠷᠠᠯ ᠳᠡᠭᠡᠷ᠎ᠡ᠂ ᠡᠯ᠎ᠡ ᠠᠶᠢᠮᠠᠭ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠲᠤᠰ ᠲᠤᠰ ᠦᠭᠡ ᠬᠡᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠭᠡᠷᠡᠴᠢᠯᠡᠯᠲᠡ ᠶᠢᠨ ᠠᠵᠢᠯ ᠤᠨ ᠲᠤᠷᠰᠢᠯᠭ᠎ᠠ ᠪᠠᠨ ᠰᠤᠯᠢᠯᠴᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号