ᠰᠤᠷᠭᠠᠭᠤᠯᠢ ᠲᠡᠭᠦᠰᠦᠭᠡᠳ ᠠᠵᠢᠯ ᠣᠯᠤᠭᠠᠳᠤᠶ ᠪᠠᠶᠢᠬᠤ ᠣᠶᠤᠲᠠᠳ ᠤᠨ ᠵᠤᠨ ᠤ ᠠᠮᠠᠷᠠᠯᠲᠠ ᠶᠢᠨ ᠤᠷᠢᠨ ᠡᠯᠰᠡᠬᠦ ᠬᠤᠷᠠᠯ ᠬᠥᠬᠡᠬᠤᠲᠠ ᠳᠤ ᠶᠠᠪᠤᠭᠳᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2018/7/24
     ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ 7 ᠳ᠋ᠤᠭᠠᠷ ᠰᠠᠷ᠎ᠠ ᠶᠢᠨ 28 ᠤ ᠡᠳᠦᠷ — 8 ᠳ᠋ᠤᠭᠠᠷ ᠰᠠᠷ᠎ᠠ ᠶᠢᠨ 18 ᠤ ᠡᠳᠦᠷ ᠪᠣᠯᠲᠠᠯ᠎ᠠ ᠬᠥᠬᠡᠬᠤᠲᠠ ᠳᠤ ︽2018 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠲᠡᠭᠦᠰᠦᠭᠡᠳ ᠠᠵᠢᠯ ᠣᠯᠤᠭᠠᠳᠤᠶ ᠪᠠᠶᠢᠬᠤ ᠣᠶᠤᠲᠠᠳ ᠤᠨ ᠵᠤᠨ ᠤ ᠠᠮᠠᠷᠠᠯᠲᠠ ᠶᠢᠨ ᠰᠢᠷᠢᠰ ᠲᠤᠰᠬᠠᠶ ᠤᠷᠢᠨ ᠡᠯᠰᠡᠬᠦ ᠬᠤᠷᠠᠯ︾ ᠡᠷᠬᠢᠯᠡᠬᠦ ᠪᠠᠷ ᠲᠣᠭᠲᠠᠵᠤ᠂ ᠢᠳᠡᠪᠬᠢᠲᠡᠶ ᠵᠣᠬᠢᠴᠠᠭᠤᠯᠬᠤ ᠪᠠ ᠬᠥᠲᠥᠯᠥᠨ ᠵᠢᠯᠣᠭᠤᠳᠬᠤ ᠪᠠᠷ ᠳᠠᠮᠵᠢᠨ᠂ ᠠᠵᠢᠯ ᠣᠯᠭᠤᠯᠲᠠ ᠶᠢ ᠠᠬᠢᠭᠤᠯᠬᠤ ᠪᠠᠷ ᠪᠣᠯᠪᠠ᠃      7 ᠳ᠋ᠤᠭᠠᠷ ᠰᠠᠷ᠎ᠠ ᠶᠢᠨ 28 ᠤ ᠡᠳᠦᠷ ᠵᠢᠭᠤᠯᠴᠢᠯᠠᠯ᠂ ᠪᠠᠭᠤᠳᠠᠯ ᠤᠨ ᠬᠠᠮᠢᠶᠠᠷᠤᠯᠲᠠ᠂ ᠪᠠᠷᠠᠭᠠᠨ ᠤ ᠭᠦᠢᠯᠭᠡᠭᠡᠨ᠂ ᠳᠠᠭᠠᠳᠬᠠᠯ᠂ ᠮᠥᠩᠭᠦᠨ ᠭᠦᠶᠯᠭᠡᠭᠡ + ᠠᠮᠢᠳᠤ ᠪᠣᠳᠠᠰ ᠤᠨ ᠡᠮ ᠨᠠᠶᠢᠷᠠᠬᠤ ᠲᠦᠷᠦᠯ ᠤᠨ ᠲᠤᠰᠬᠠᠶ ᠤᠷᠢᠨ ᠡᠯᠰᠡᠬᠦ ᠬᠤᠷᠠᠯ᠂ 8 ᠳ᠋ᠤᠭᠠᠷ ᠰᠠᠷ᠎ᠠ ᠶᠢᠨ 4 ᠤ ᠡᠳᠦᠷ ᠡᠵᠡᠩᠨᠡᠨ ᠪᠣᠷᠣᠯᠠᠭᠤᠯᠤᠯᠲᠠ᠂ ᠲᠥᠰᠥᠪᠯᠡᠯ᠂ ᠡᠯᠧᠺᠲᠷᠣᠨ ᠬᠤᠳᠠᠯᠳᠤᠭ᠎ᠠ᠂ ᠺᠢᠨᠣ᠋ ᠲᠧᠯᠸᠢᠰ ᠺᠠᠷᠲ᠋ᠣᠨ ᠵᠢᠷᠤᠭ  + ᠰᠣᠶᠣᠯ ᠵᠠᠭᠤᠴᠢ ᠶᠢᠨ ᠲᠦᠷᠦᠯ ᠤᠨ ᠲᠤᠰᠬᠠᠶ ᠤᠷᠢᠨ ᠡᠯᠰᠡᠬᠦ ᠬᠤᠷᠠᠯ᠂ 8 ᠳ᠋ᠤᠭᠠᠷ ᠰᠠᠷ᠎ᠠ ᠶᠢᠨ 11 ᠤ ᠡᠳᠦᠷ ᠬᠡᠷ ᠭᠠᠵᠠᠷ ᠬᠥᠷᠥᠩᠭᠡ᠂ ᠪᠠᠷᠢᠯᠭ᠎ᠠ ᠶᠢᠨ ᠮᠠᠲ᠋ᠧᠷᠢᠶᠠᠯ᠂ ᠡᠨᠧᠷᠭᠢ ᠬᠢᠮᠢ ᠶᠢᠨ ᠠᠵᠤ ᠦᠢᠯᠡᠳᠪᠦᠷᠢ᠂ ᠦᠢᠯᠡᠳᠪᠦᠷᠢᠯᠡᠬᠦ ᠦᠢᠯᠡᠳᠬᠦ ᠦᠢᠯᠡᠰ + ᠵᠢᠷᠤᠭ ᠲᠥᠯᠥᠪᠯᠡᠭᠡ ᠶᠢᠨ ᠲᠥᠷᠥᠯ ᠤᠨ ᠲᠤᠰᠬᠠᠶ ᠤᠷᠢᠨ ᠡᠯᠰᠡᠬᠦ ᠬᠤᠷᠠᠯ᠂ 8 ᠳ᠋ᠤᠭᠠᠷ ᠰᠠᠷ᠎ᠠ ᠶᠢᠨ 18 ᠤ ᠡᠳᠦᠷ AI ᠤᠶᠤᠨᠲᠤ ᠴᠢᠳᠠᠪᠤᠷᠢ᠂ ᠡᠭᠦᠯᠡᠨ ᠪᠣᠳᠣᠯᠳᠠ᠂ ᠲᠤᠮᠤ ᠳ᠋ᠠᠶᠢᠲ᠋ᠠ᠂ ᠳ᠋ᠠᠶᠢᠲ᠋ᠠ ᠶᠢᠨ ᠪᠦᠲᠦᠴᠡ ᠶᠢᠨ ᠬᠡᠯᠬᠢᠶ᠎ᠡ + ᠢᠨᠲ᠋ᠧᠷ ᠰᠦᠯᠵᠢᠶ᠎ᠡ ᠶᠢᠨ ᠲᠦᠷᠦᠯ ᠤᠨ ᠲᠤᠰᠬᠠᠶ ᠤᠷᠢᠨ ᠡᠯᠰᠡᠬᠦ ᠬᠤᠷᠠᠯ ᠲᠤᠰ ᠲᠤᠰ ᠶᠠᠪᠤᠭᠳᠠᠬᠤ ᠪᠣᠯᠣᠨ᠎ᠠ᠃      ᠤᠷᠢᠨ ᠡᠯᠰᠡᠬᠦ ᠬᠤᠷᠠᠯ ᠤᠨ ᠭᠠᠵᠠᠷ ᠢ ᠬᠥᠬᠡᠬᠤᠲᠠ ᠶᠢᠨ ᠲᠢᠶᠠᠨ ᠢᠥᠢ ᠬᠥᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ︵ᠲᠡᠷᠭᠡᠨ ᠥᠷᠲᠡᠭᠡᠨ ᠤ ᠪᠠᠷᠠᠭᠤᠨ ᠵᠡᠭᠡᠯᠢ ᠶᠢᠨ ᠠᠶᠠᠨᠴᠢᠳ ᠤᠨ ᠲᠡᠭᠡᠭᠡᠪᠦᠷᠢ ᠶᠢᠨ ᠪᠠᠷᠠᠭᠤᠨ ᠬᠦᠷᠢᠶᠡᠨ ᠳᠣᠲᠤᠷᠠᠬᠢ ᠤᠤᠯ ᠤᠨ ᠮᠣᠩᠭᠤᠯ ᠮᠣᠷᠢ ᠺᠯᠦ᠋ᠪ ᠤᠨ ᠬᠤᠶᠠᠳᠤᠭᠠᠷ ᠠᠰᠠᠷ︶ ᠲᠤ ᠲᠣᠬᠢᠷᠠᠭᠤᠯᠵᠤ᠂ ᠪᠦᠬᠦ ᠤᠯᠤᠰ ᠤᠨ ᠡᠯ᠎ᠡ ᠭᠠᠵᠠᠷ ᠤᠨ 2018 ᠣᠨ ᠳᠤ ᠲᠡᠭᠦᠰᠦᠭᠰᠡᠨ ᠣᠶᠤᠲᠠᠳ ᠪᠣᠯᠣᠨ ᠥᠩᠭᠡᠷᠡᠭᠰᠡᠨ ᠬᠤᠭᠤᠴᠠᠭᠠᠨ ᠳᠤ ᠰᠤᠷᠭᠠᠭᠤᠯᠢ ᠲᠡᠭᠦᠰᠦᠭᠡᠳ ᠠᠵᠢᠯ ᠣᠯᠤᠭᠠᠳᠤᠶ ᠪᠦᠭᠡᠳ ᠥᠪᠥᠷ ᠮᠣᠩᠭᠤᠯ ᠳᠤ ᠢᠷᠡᠵᠦ ᠠᠵᠢᠯ ᠣᠯᠵᠤ ᠠᠳᠠᠯ ᠦᠢᠯᠡᠰ ᠴᠣᠭᠴᠠᠯᠠᠬᠤ ᠳᠤᠷᠠᠲᠠᠢ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢᠳ ᠠᠴᠠ ᠤᠷᠢᠨ ᠡᠯᠰᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号