ᠳᠡᠭᠡᠷ᠎ᠡ ᠬᠠᠭᠠᠰ ᠵᠢᠯ ᠳᠤ ᠪᠦᠬᠦ ᠣᠷᠣᠨ ᠤ ᠠᠮᠤ ᠪᠤᠳᠠᠭᠠᠨ ᠤ ᠦᠨ᠎ᠡ ᠬᠠᠩᠰᠢ ᠦᠰᠦᠯᠲᠡ ᠪᠠᠭᠤᠷᠠᠯᠲᠠ ᠎ ᠲᠠᠢ ᠪᠣᠯᠪᠠ
ᠨᠡᠶᠢᠲᠡᠯᠡᠭᠰᠡᠨ ᠴᠠᠭ᠄
2018-07-26
 ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠦᠨ᠎ᠡ ᠬᠠᠩᠰᠢ ᠶᠢ ᠬᠢᠨᠠᠨ ᠬᠡᠮᠵᠢᠬᠦ ᠲᠥᠪ ᠤᠨ ᠲᠤᠭ᠎ᠠ ᠪᠠᠷᠢᠮᠲᠠ ᠠᠴᠠ ᠦᠵᠡᠪᠡᠯ᠂ ᠡᠨᠡ ᠵᠢᠯ ᠤᠨ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠪᠤᠭᠤᠳᠠᠢ ᠬᠤᠳᠠᠯᠳᠤᠨ ᠠᠪᠬᠤ ᠦᠨ᠎ᠡ ᠪᠠᠭ᠎ᠠ ᠪᠠᠭᠤᠷᠠᠵᠤ᠂ ᠡᠷᠳᠡᠨᠢ ᠰᠢᠰᠢ ᠬᠤᠳᠠᠯᠳᠤᠨ ᠠᠪᠬᠤ ᠦᠨ᠎ᠡ ᠪᠠᠭ᠎ᠠ ᠦᠰᠴᠦ᠂ ᠰᠢᠷ᠎ᠠ ᠪᠤᠷᠴᠠᠭ ᠬᠤᠳᠠᠯᠳᠤᠨ ᠠᠪᠬᠤ ᠦᠨ᠎ᠡ ᠬᠠᠩᠰᠢ ᠲᠣᠭᠲᠠᠭᠤᠨ ᠪᠠᠶᠢᠵᠤ᠂ ᠴᠠᠶᠢᠯᠭᠠᠭᠰᠠᠨ ᠠᠮᠤ ᠶᠢᠨ ᠵᠢᠵᠢᠭᠯᠡᠨ ᠬᠤᠳᠠᠯᠳᠤᠬᠤ ᠦᠨ᠎ᠡ ᠪᠠᠭ᠎ᠠ ᠦᠰᠴᠦ ᠪᠠᠭᠤᠷᠠᠵᠠᠢ᠃      ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠪᠤᠭᠤᠳᠠᠢ ᠬᠤᠳᠠᠯᠳᠤᠨ ᠠᠪᠬᠤ ᠳᠤᠮᠳᠠᠴᠢ ᠦᠨ᠎ᠡ ᠬᠠᠩᠰᠢ50 ᠺᠢᠯᠣᠭ᠍ᠷᠠᠮ ᠪᠦᠷᠢ 125.32 ᠲᠥᠭᠦᠷᠢᠭ ᠪᠣᠯᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1%᠎ ᠪᠠᠷ ᠪᠠᠭᠤᠷᠠᠵᠠᠶ᠃ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠡᠷᠳᠡᠨᠢ ᠰᠢᠰᠢ ᠬᠤᠳᠠᠯᠳᠤᠨ ᠠᠪᠬᠤ ᠳᠤᠮᠳᠠᠴᠢ ᠦᠨ᠎ᠡ 50 ᠺᠢᠯᠣᠭ᠍ᠷᠠᠮ ᠪᠦᠷᠢ 82.95 ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ 7.48%᠎ ᠪᠠᠷ ᠥᠰᠴᠡᠢ᠃ ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠰᠢᠷ᠎ᠠ ᠪᠤᠷᠴᠠᠭ ᠬᠤᠳᠠᠯᠳᠤᠨ ᠠᠪᠬᠤ ᠦᠨ᠎ᠡ ᠬᠠᠩᠰᠢ ᠲᠣᠭᠲᠠᠭᠤᠨ ᠪᠠᠶᠢᠵᠤ᠂ ᠬᠥᠯᠥᠨ ᠪᠤᠶᠢᠷ ᠬᠤᠲᠠ ᠶᠢᠨ ᠰᠢᠷ᠎ᠠ ᠪᠤᠷᠴᠠᠭ ᠬᠤᠳᠠᠯᠳᠤᠨ ᠠᠪᠬᠤ ᠳᠤᠮᠳᠠᠴᠢ ᠦᠨ᠎ᠡ 50 ᠺᠢᠯᠣᠭ᠍ᠷᠠᠮ ᠪᠦᠷᠢ 180 ᠲᠥᠭᠦᠷᠢᠭ ᠪᠣᠯᠵᠤ᠂ ᠠᠳᠠᠯᠢ ᠬᠤᠭᠤᠴᠠᠭᠠᠨ ᠤ ᠬᠢ ᠠᠴᠠ8.03% ᠪᠠᠭᠤᠷᠠᠪᠠ᠃      ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠭᠤᠣᠯ ᠴᠠᠶᠢᠯᠭᠠᠭᠰᠠᠨ ᠠᠮᠤ ᠶᠢᠨ ᠵᠢᠵᠢᠭᠯᠡᠨ ᠬᠤᠳᠠᠯᠳᠤᠬᠤ ᠦᠨ᠎ᠡ ᠬᠠᠩᠰᠢ ᠲᠣᠭᠲᠠᠭᠤᠨ ᠪᠠᠶᠢᠬᠤ ᠶᠢᠨ ᠵᠡᠷᠭᠡ ᠪᠠᠷ ᠪᠠᠭ᠎ᠠ ᠰᠠᠭ᠎ᠠ ᠥᠰᠴᠦ ᠪᠠᠭᠤᠷᠠᠪᠠ᠂ ᠪᠦᠬᠦ ᠣᠷᠣᠨ ᠤ ᠲᠤᠲᠤᠷᠭ᠎ᠠ ᠠᠮᠤ᠂ ᠣᠨᠴᠠ ᠨᠢᠭᠡᠳᠦᠭᠡᠷ ᠳᠡᠰ ᠤᠨ ᠭᠤᠯᠢᠷ᠂ ᠡᠩ ᠤᠨ ᠴᠠᠭᠠᠨ ᠭᠤᠯᠢᠷ᠂ ᠡᠷᠳᠡᠨᠢ ᠰᠢᠰᠢ ᠶᠢᠨ ᠭᠤᠯᠢᠷ ᠤᠨ ᠵᠢᠵᠢᠭᠯᠡᠨ ᠬᠤᠳᠠᠯᠳᠤᠬᠤ ᠦᠨ᠎ᠡ ᠲᠤᠰ ᠪᠦᠷᠢ 500 ᠭᠷᠠᠮ ᠪᠦᠷᠢ 3.09 ᠲᠥᠭᠦᠷᠢᠭ᠂  500 ᠭᠷᠠᠮ ᠪᠦᠷᠢ 2.57 ᠲᠥᠭᠦᠷᠢᠭ᠂ 500 ᠭᠷᠠᠮ ᠪᠦᠷᠢ 2.08ᠲᠥᠭᠦᠷᠢᠭ᠂ 500 ᠭᠷᠠᠮ ᠪᠦᠷᠢ 2.29 ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ ᠲᠤᠲᠤᠷᠭ᠎ᠠ ᠠᠮᠤ᠂ ᠣᠨᠴᠠ ᠨᠢᠭᠡᠳᠦᠭᠡᠷ ᠳᠡᠰ ᠤᠨ ᠭᠤᠯᠢᠷ ᠤᠨ ᠵᠢᠵᠢᠭᠯᠡᠨ ᠬᠤᠳᠠᠯᠳᠤᠬᠤ ᠦᠨ᠎ᠡ ᠬᠠᠩᠰᠢ ᠨᠢ ᠲᠤᠰ ᠲᠤᠰ 0.98%᠂ 1.18%᠎ ᠪᠠᠷ ᠪᠠᠭ᠎ᠠ ᠥᠰᠴᠡᠢ᠂ ᠡᠷᠳᠡᠨᠢ ᠰᠢᠰᠢ ᠶᠢᠨ ᠭᠤᠯᠢᠷ ᠤᠨ ᠵᠢᠵᠢᠭᠯᠡᠨ ᠬᠤᠳᠠᠯᠳᠤᠬᠤ ᠦᠨ᠎ᠡ  0.43%᠎ ᠪᠠᠷ ᠪᠠᠭᠤᠷᠠᠵᠤ᠂ ᠡᠩ ᠤᠨ ᠴᠠᠭᠠᠨ ᠭᠤᠯᠢᠷ ᠤᠨ ᠵᠢᠵᠢᠭᠯᠡᠨ ᠬᠤᠳᠠᠯᠳᠤᠬᠤ ᠦᠨ᠎ᠡ  ᠬᠤᠪᠢᠷᠠᠯᠲᠠ ᠭᠠᠷᠤᠭᠰᠠᠨ ᠦᠭᠡᠶ᠃      ᠲᠤᠰᠬᠠᠶ ᠮᠡᠷᠭᠡᠵᠢᠯᠲᠡᠳ ᠤᠨ ᠦᠵᠡᠬᠦ ᠪᠠᠷ᠂ ᠲᠠᠷᠢᠮᠠᠯ ᠨᠢ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠬᠦ ᠪᠠᠶᠢᠳᠠᠯ ᠲᠠᠢ ᠪᠣᠯᠣᠭᠰᠠᠨ ᠵᠢᠴᠢ ᠴᠠᠭ ᠠᠭᠤᠷ ᠤᠨ ᠬᠦᠴᠦᠨ ᠵᠦᠢᠯ ᠤᠨ ᠨᠥᠯᠥᠭᠡ ᠠᠴᠠ ᠪᠣᠯᠵᠤ᠂ ᠳᠣᠣᠷ᠎ᠠ ᠬᠠᠭᠠᠰ ᠵᠢᠯ ᠳᠤ ᠡᠷᠳᠡᠨᠢ ᠰᠢᠰᠢ ᠶᠢᠨ ᠦᠨ᠎ᠡ ᠬᠠᠩᠰᠢ ᠦᠰᠴᠦ ᠮᠡᠳᠡᠨ᠎ᠡ᠃ ᠪᠤᠷᠴᠠᠭ ᠤᠨ ᠦᠨ᠎ᠡ ᠬᠠᠩᠰᠢ ᠬᠠᠩᠭᠠᠯᠭ᠎ᠠ ᠬᠡᠷᠡᠭᠴᠡᠭᠡ ᠶᠢᠨ ᠦᠨᠳᠦᠰᠦᠨ ᠪᠠᠶᠢᠳᠠᠯ ᠮᠠᠭᠤᠳᠠᠭᠰᠠᠨ ᠨᠥᠯᠥᠭᠡ ᠶᠢ ᠬᠦᠷᠲᠡᠵᠦ᠂ ᠵᠢᠱᠢᠯᠲᠡ ᠪᠠᠷ ᠰᠢᠷ᠎ᠠ ᠪᠤᠷᠴᠠᠭ ᠤᠨ ᠦᠨ᠎ᠡ ᠬᠠᠩᠰᠢ ᠶᠢᠨ ᠪᠠᠭᠤᠷᠠᠬᠤ ᠣᠷᠣᠨ ᠵᠠᠶ ᠬᠢᠵᠠᠭᠠᠷᠲᠠᠶ ᠪᠣᠯᠵᠠᠢ᠂ ᠭᠡᠪᠡᠴᠦ ᠳᠣᠣᠷ᠎ᠠ ᠬᠠᠭᠠᠰ ᠵᠢᠯ ᠤᠨ ᠪᠦᠬᠦᠯᠢ ᠴᠣᠭᠴᠠ ᠶᠢᠨ ᠬᠥᠭᠵᠢᠯᠲᠡ ᠶᠢᠨ ᠬᠠᠨᠳᠤᠰᠢ ᠶᠢ ᠦᠨᠳᠦᠰᠦᠯᠡᠪᠡᠯ᠂ ᠳᠣᠣᠷ᠎ᠠ ᠬᠠᠭᠠᠰ ᠵᠢᠯ ᠳᠤ ᠰᠢᠷ᠎ᠠ ᠪᠤᠷᠴᠠᠭ ᠤᠨ ᠬᠤᠳᠠᠯᠳᠤᠨ ᠠᠪᠬᠤ ᠦᠨ᠎ᠡ ᠬᠠᠩᠰᠢ ᠭᠤᠣᠯᠳᠠᠭᠤ ᠲᠣᠭᠲᠠᠭᠤᠨ ᠪᠠᠶᠢᠬᠤ ᠶᠢᠨ ᠵᠡᠷᠭᠡ ᠪᠠᠷ ᠳᠡᠭᠡᠭᠰᠢᠯᠡᠬᠦ ᠪᠣᠯᠣᠨ᠎ᠠ᠃ ᠳᠡᠭᠡᠷᠡᠬᠢ ᠵᠠᠳᠠᠯᠤᠯᠲᠠ ᠶᠢ  ᠶᠡᠷᠦᠩᠬᠡᠶᠢᠯᠡᠬᠦ ᠪᠠ ᠡᠭᠦᠨ ᠤ ᠵᠡᠷᠭᠡᠴᠡᠪᠡᠷ ᠬᠠᠮᠠᠭᠠᠯᠠᠯᠲᠠ ᠶᠢᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠠᠮᠤ ᠪᠣᠳᠠᠭᠠᠨ ᠤ ᠦᠨ᠎ᠡ ᠬᠠᠩᠰᠢ ᠳᠤ ᠦᠵᠡᠭᠦᠯᠬᠦ ᠦᠢᠯᠡᠳᠦᠯ ᠲᠠᠢ ᠤᠶᠠᠯᠳᠤᠭᠤᠯᠪᠠᠯ᠂ ᠵᠢᠱᠢᠯᠲᠡ ᠪᠠᠷ ᠳᠣᠣᠷ᠎ᠠ ᠬᠠᠭᠠᠰ ᠵᠢᠯ ᠳᠤ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠠᠵᠢᠯᠯᠠᠭ᠎ᠠ ᠨᠢ ᠶᠡᠷᠦᠩᠬᠡᠶ ᠳᠡᠭᠡᠨ ᠲᠣᠭᠲᠠᠭᠤᠨ ᠪᠠᠶᠢᠳᠠᠯ ᠢᠶᠠᠷ ᠭᠤᠣᠯ ᠪᠣᠯᠣᠨ᠎ᠠ᠂ ᠰᠢᠨ᠎ᠡ ᠠᠮᠤ ᠪᠤᠳᠠᠭ᠎ᠠ ᠵᠠᠬ᠎ᠠ ᠳᠡᠯᠭᠡᠭᠦᠷ ᠲᠤ ᠲᠥᠪᠯᠡᠷᠡᠵᠦ ᠭᠠᠷᠬᠤ ᠳᠠᠷᠤᠯᠲᠠ ᠶᠢ ᠪᠣᠳᠣᠯᠬᠢᠯᠠᠪᠠᠯ᠂ ᠨᠠᠮᠤᠷ ᠤᠨ ᠠᠮᠤ ᠪᠤᠳᠠᠭ᠎ᠠ ᠵᠠᠬ᠎ᠠ ᠳᠡᠯᠭᠡᠭᠦᠷ ᠲᠤ ᠭᠠᠷᠤᠭᠰᠠᠨ ᠤ ᠳᠠᠷᠠᠭ᠎ᠠ ᠡᠯ᠎ᠡ ᠭᠤᠣᠯ ᠪᠣᠯᠬᠤ ᠠᠮᠤ ᠪᠤᠳᠠᠭᠠᠨ ᠤ ᠲᠦᠷᠦᠯ ᠵᠦᠢᠯ ᠤᠨ ᠦᠨ᠎ᠡ ᠬᠠᠩᠰᠢ  ᠪᠠᠭ᠎ᠠ ᠬᠡᠯᠪᠡᠯᠵᠡᠵᠦ ᠮᠡᠳᠡᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号