ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠢ ᠪᠠᠭᠠᠰᠬᠠᠵᠤ᠂ ᠴᠡᠩᠬᠡᠷ ᠣᠭᠲᠠᠷᠭᠤᠢ ᠶᠢ ᠬᠠᠮᠠᠭᠠᠯᠠᠶ᠎ᠠ
ᠨᠡᠶᠢᠲᠡᠯᠡᠭᠰᠡᠨ ᠴᠠᠭ᠄
2018-07-27

     

     ᠰᠤᠷᠪᠤᠯᠵᠢᠯᠠᠭᠰᠠᠨ ᠴᠠᠭ᠄  2018 ᠣᠨ ᠤ 6 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ

ᠬᠤᠶᠢᠨᠠᠬᠢ 15 ᠴᠠᠭ

     ᠰᠤᠷᠪᠤᠯᠵᠢᠯᠠᠭ᠎ᠠ ᠬᠦᠯᠢᠶᠡᠭᠴᠢ᠄ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ

ᠵᠥᠪᠯᠡᠯ ᠤᠨ ᠳᠡᠳ᠋ ᠡᠷᠬᠢᠯᠡᠭᠴᠢ    ᠸᠠᠩ ᠶᠢᠨ ᠪᠣᠤ

     ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄

     6 ᠳ᠋ᠤᠭᠠᠷ ᠰᠠᠷ᠎ᠠ ᠶᠢᠨ 11᠎ ᠤ ᠡᠳᠦᠷ ᠠᠴᠠ 17᠎ ᠤ ᠡᠳᠦᠷ ᠪᠣᠯ ᠪᠦᠬᠦ ᠤᠯᠤᠰ ᠤᠨ ᠡᠨᠧᠷᠭᠢ ᠶᠢ ᠠᠷᠪᠢᠯᠠᠬᠤ

ᠤᠬᠠᠭᠤᠯᠭ᠎ᠠ ᠶᠢᠨ ᠭᠠᠷᠠᠭ ᠪᠠᠶᠢᠵᠤ᠂ 6 ᠳ᠋ᠤᠭᠠᠷ ᠰᠠᠷ᠎ᠠ ᠶᠢᠨ 13᠎ ᠤ ᠡᠳᠦᠷ ᠪᠣᠯ ᠪᠦᠬᠦ ᠤᠯᠤᠰ ᠤᠨ

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠪᠣᠯᠣᠨ᠎ᠠ᠃ ᠡᠨᠡ ᠡᠳᠦᠷ ᠪᠢᠳᠡ ᠥᠪᠡᠷᠲᠡᠭᠡᠨ ᠵᠠᠰᠠᠬᠤ

ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠸᠠᠩ ᠶᠢᠨ ᠪᠣᠤ ᠳᠡᠳ᠋ ᠡᠷᠬᠢᠯᠡᠭᠴᠢ ᠶᠢ ᠥᠪᠡᠷᠲᠡᠭᠡᠨ

ᠵᠠᠰᠠᠬᠤ ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠮᠠᠨ ᠤ

ᠣᠷᠣᠨ ᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠠᠮᠢᠶ᠎ᠠ ᠪᠦᠬᠦᠢ ᠬᠥᠳᠡᠯᠭᠡᠭᠡᠨ ᠤ ᠲᠤᠬᠠᠢ ᠣᠯᠠᠨ

᠎ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ ᠣᠷᠣᠯᠴᠠᠬᠤ ᠶᠢ

ᠪᠠᠶᠠᠷᠯᠠᠨ ᠤᠭᠲᠤᠵᠤ ᠪᠠᠶᠢᠨ᠎ᠠ᠃

    ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ

    ᠬᠥᠲᠥᠯᠥᠭᠴᠢ᠄

     ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ

ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ ᠦᠵᠡᠬᠦ ᠶᠢ

ᠴᠢᠨᠢ ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠠᠴᠠ ᠡᠬᠢᠯᠡᠨ 17᠎ ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ

ᠣᠷᠣᠨ ᠤᠯᠤᠰ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ

ᠭᠠᠷᠠᠭ ᠪᠠ   ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠶᠢ

ᠥᠷᠨᠢᠭᠦᠯᠦᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ

ᠵᠢᠷᠤᠮ ᠤᠨ ᠦᠵᠡᠯ ᠰᠠᠨᠠᠭ᠎ᠠ ᠪᠠ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ

ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠨᠡᠶᠢᠭᠡᠮ ᠢ ᠳᠠᠶᠢᠴᠢᠯᠠᠨ ᠨᠣᠮᠢᠨ ᠤᠰᠤ ᠬᠥᠬᠡᠮᠳᠦᠭ ᠠᠭᠤᠯᠠ ᠪᠣᠯ

ᠳᠠᠷᠤᠢ ᠠᠯᠲᠠ ᠮᠥᠩᠭᠦᠨ ᠠᠭᠤᠯᠠ ᠮᠥᠨ ᠭᠡᠳᠡᠭ ᠣᠨᠣᠯᠵᠢᠬᠤᠨ ᠢ ᠦᠢᠯᠡᠳᠦᠯᠭᠡᠵᠢᠭᠦᠯᠬᠦ ᠨᠢ ᠴᠢᠬᠤᠯᠠ ᠠᠴᠢ

ᠬᠤᠯᠪᠣᠭᠳᠠᠯ ᠲᠠᠢ ᠪᠠᠶᠢᠳᠠᠭ᠃ ᠥᠨᠥᠳᠥᠷ ᠪᠢᠳᠡ ᠵᠣᠯ ᠢᠶᠠᠷ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ

ᠥᠭᠡᠷᠡᠴᠢᠯᠡᠯᠲᠡ ᠶᠢᠨ ᠵᠥᠪᠯᠡᠯ ᠤᠨ ᠸᠠᠩ ᠶᠢᠨ ᠪᠣᠤ ᠳᠡᠳ᠋ ᠡᠷᠬᠢᠯᠡᠭᠴᠢ ᠶᠢ ᠤᠷᠢᠵᠤ᠂ ᠮᠠᠨ ᠤ ᠣᠷᠣᠨ ᠤ ᠡᠨᠧᠷᠭᠢ ᠶᠢ

ᠠᠷᠪᠢᠯᠠᠬᠤ ᠤᠬᠠᠭᠤᠯᠭ᠎ᠠ ᠶᠢᠨ ᠭᠠᠷᠠᠭ ᠬᠢᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠬᠠᠮᠢᠶ᠎ᠠ

ᠪᠦᠬᠦᠢ ᠠᠵᠢᠯᠯᠠᠭ᠎ᠠ ᠶᠢ ᠥᠷᠨᠢᠭᠦᠯᠦᠭᠰᠡᠨ ᠪᠠᠶᠢᠳᠠᠯ ᠢ ᠣᠯᠠᠨ ᠲᠠᠢ ᠰᠦᠯᠵᠢᠶ᠎ᠡ ᠪᠠᠷ ᠬᠤᠪᠢᠶᠠᠯᠴᠠᠭᠤᠯᠬᠤ ᠪᠣᠯᠣᠯ᠎ᠠ᠃

ᠸᠠᠩ ᠡᠷᠬᠢᠯᠡᠭᠴᠢ ᠶᠢ ᠪᠠᠶᠠᠷᠯᠠᠨ ᠤᠭᠲᠤᠵᠤ ᠪᠠᠶᠢᠨ᠎ᠠ᠃

     ᠸᠠᠩ ᠶᠢᠨ ᠪᠣᠤ᠄

     ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ

ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠳᠣᠬᠢᠶᠠᠯ ᠢ ᠠᠰᠢᠭᠯᠠᠨ᠂ ᠪᠢ

ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠣᠷᠴᠢᠨ ᠲᠣᠭᠤᠷᠢᠨ ᠤ

ᠬᠠᠮᠠᠭᠠᠯᠠᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠭᠤᠷ ᠠᠮᠢᠰᠬᠤᠯ ᠤᠨ ᠬᠤᠪᠢᠷᠠᠯᠲᠠ ᠵᠢᠴᠢ

ᠡᠨᠧᠷᠭᠢ ᠶᠢ ᠠᠷᠪᠢᠯᠠᠨ ᠭᠠᠳᠠᠭᠰᠢᠯᠠᠭᠤᠯᠤᠯᠲᠠ ᠪᠠᠨ ᠪᠠᠭᠠᠰᠬᠠᠬᠤ ᠲᠤᠰᠬᠠᠢ ᠵᠦᠢᠯ ᠤᠨ ᠠᠵᠢᠯ ᠢ ᠵᠣᠬᠢᠴᠠᠭᠤᠯᠬᠤ

ᠠᠯᠪᠠᠨ ᠭᠡᠷ ᠤᠨ ᠡᠮᠦᠨ᠎ᠡ ᠠᠴᠠ᠂ ᠮᠠᠨ ᠤ ᠣᠷᠣᠨ ᠤ ᠡᠨᠧᠷᠭᠢ ᠶᠢ ᠠᠷᠪᠢᠯᠠᠨ  ᠪᠣᠬᠢᠷ ᠪᠣᠳᠠᠰ ᠤᠨ

ᠭᠠᠳᠠᠭᠰᠢᠯᠠᠭᠤᠯᠤᠯᠲᠠ ᠎ ᠶᠢ ᠪᠠᠭᠠᠰᠬᠠᠬᠤ ᠠᠵᠢᠯ ᠢ ᠬᠠᠷᠠᠭᠠᠯᠵᠠᠨ᠂ ᠡᠨᠡ ᠬᠦ ᠠᠵᠢᠯ ᠳᠤ ᠣᠷᠣᠯᠴᠠᠵᠤ᠂ ᠳᠡᠮᠵᠢᠭᠰᠡᠭᠡᠷ

ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠃

     ᠬᠥᠲᠥᠯᠥᠭᠴᠢ᠄

     ᠡᠩ ᠲᠡᠷᠢᠭᠦᠨ ᠳᠤ ᠲᠠ ᠡᠨᠡ ᠵᠢᠯ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ᠂

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠭᠤᠣᠯ ᠰᠡᠳᠦᠪ ᠨᠢ ᠶᠠᠭᠤ ᠪᠣᠯᠬᠤ ᠶᠢ ᠣᠯᠠᠨ ᠳᠤ

ᠲᠠᠨᠢᠯᠴᠠᠭᠤᠯᠤᠭᠠᠳ ᠥᠭᠭᠦᠨ᠎ᠡ ᠦᠦ︖

     ᠸᠠᠩ ᠶᠢᠨ ᠪᠣᠤ᠄

     ᠲᠡᠭᠡᠶ᠎ᠡ᠂ ᠡᠨᠡ ᠵᠢᠯ ᠤᠨ ᠪᠦᠬᠦ ᠤᠯᠤᠰ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ

ᠬᠥᠳᠡᠯᠭᠡᠭᠡᠨ ᠤ ᠭᠤᠣᠯ ᠰᠡᠳᠦᠪ ᠪᠣᠯ ︽ᠡᠨᠧᠷᠭᠢ ᠶᠢ ᠠᠷᠪᠢᠯᠠᠨ ᠬᠤᠷᠣᠭᠳᠠᠯ ᠎ ᠢ ᠪᠠᠭᠠᠰᠬᠠᠵᠤ᠂ ᠴᠡᠩᠬᠡᠷ

ᠣᠭᠲᠠᠷᠭᠤᠢ ᠶᠢ ᠬᠠᠮᠠᠭᠠᠯᠠᠶ᠎ᠠ︾ ᠪᠣᠯᠣᠨ᠎ᠠ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ

ᠡᠳᠦᠷ ᠤᠨ ᠠᠵᠢᠯᠯᠠᠭ᠎ᠠ ᠶᠢᠨ ᠭᠤᠣᠯ ᠰᠡᠳᠦᠪ ᠪᠣᠯ ︽ᠠᠭᠤᠷ ᠠᠮᠢᠰᠬᠤᠯ ᠤᠨ ᠬᠤᠪᠢᠷᠠᠯᠲᠠ ᠶᠢᠨ ᠦᠵᠡᠯ

ᠤᠬᠠᠮᠰᠠᠷ ᠢᠶᠠᠨ ᠴᠢᠩᠭᠠᠳᠬᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭᠠᠨ ᠤ ᠡᠷᠴᠢᠮ ᠢᠶᠠᠨ

ᠴᠢᠩᠭᠠᠷᠠᠭᠤᠯᠤᠶ᠎ᠠ︾ ᠪᠣᠯᠣᠨ᠎ᠠ᠃

     ᠬᠥᠲᠥᠯᠥᠭᠴᠢ᠄

     ᠲᠡᠭᠡᠪᠡᠯ᠂ ᠥᠪᠡᠷᠲᠡᠭᠡᠨ ᠵᠠᠰᠠᠬᠤ ᠣᠷᠣᠨ ᠤ ᠡᠨᠡ ᠵᠢᠯ ᠤᠨ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ

ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠲᠤ ᠶᠠᠮᠠᠷ ᠶᠠᠮᠠᠷ ᠤᠬᠠᠭᠤᠯᠭ᠎ᠠ ᠶᠢᠨ ᠠᠵᠢᠯᠯᠠᠭ᠎ᠠ

ᠪᠠᠶᠢᠬᠤ ᠪᠣᠢ︖

     ᠸᠠᠩ ᠶᠢᠨ ᠪᠣᠤ᠄

     ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ ᠬᠤᠭᠤᠴᠠᠭᠠᠨ ᠳᠤ᠂ ᠥᠪᠡᠷᠲᠡᠭᠡᠨ ᠵᠠᠰᠠᠬᠤ

ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠬᠢᠨ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ

ᠪᠦᠬᠦᠢ ᠰᠠᠯᠠᠭ᠎ᠠ ᠮᠥᠴᠢᠷ ᠤᠳ ᠲᠠᠢ ᠬᠠᠮᠲᠤᠷᠠᠨ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ᠂ ᠬᠠᠮᠢᠶ᠎ᠠ

ᠪᠦᠬᠦᠢ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠪᠦᠬᠦ ᠨᠡᠶᠢᠭᠡᠮ ᠤᠨ ᠬᠢᠨ ᠤ ᠡᠨᠧᠷᠭᠢ ᠶᠢ ᠠᠷᠪᠢᠯᠠᠬᠤ ᠦᠵᠡᠯ

ᠤᠬᠠᠮᠰᠠᠷ ᠪᠠ ᠡᠨᠧᠷᠭᠢ ᠶᠢ ᠠᠷᠪᠢᠯᠠᠬᠤ ᠠᠵᠢᠯᠯᠠᠭ᠎ᠠ ᠶᠢ ᠳᠡᠭᠡᠭᠰᠢᠯᠡᠭᠦᠯᠦᠨ᠂ ᠠᠮᠢ ᠠᠬᠤᠢ ᠶᠢᠨ ᠪᠣᠯᠪᠠᠰᠤᠨ ᠪᠠ ᠡᠬᠡ

ᠤᠯᠤᠰ ᠤᠨ ᠤᠮᠠᠷᠠᠲᠤ  ᠶᠢᠨ ᠦᠵᠡᠰᠬᠦᠯᠡᠩᠲᠦ ᠰᠠᠶᠢᠬᠠᠨ ᠣᠷᠣᠨ ᠤ ᠪᠠᠶᠢᠭᠤᠯᠤᠯᠲᠠ ᠶᠢ ᠠᠬᠢᠭᠤᠯᠤᠨ᠎ᠠ᠃ ᠡᠯ᠎ᠡ

ᠠᠶᠢᠮᠠᠭ ᠬᠤᠲᠠ ᠶᠢᠨ ᠡᠯ᠎ᠡ ᠰᠠᠯᠠᠭ᠎ᠠ ᠮᠥᠴᠢᠷ ᠤᠳ ᠤᠬᠠᠭᠤᠯᠬᠤ ᠭᠤᠣᠯᠳᠠᠯᠭ᠎ᠠ ᠶᠢᠨ ᠲᠣᠭᠤᠷᠢᠨ ᠳᠤ᠂ ᠨᠡᠶᠢᠭᠡᠮ ᠤᠨ

ᠡᠯ᠎ᠡ ᠡᠲᠡᠭᠡᠳ ᠢ ᠵᠣᠬᠢᠶᠠᠨ ᠪᠠᠶᠢᠭᠤᠯᠤᠨ ᠳᠠᠶᠢᠴᠢᠯᠠᠵᠤ ᠢᠳᠡᠪᠬᠢᠲᠡᠢ ᠣᠷᠣᠯᠴᠠᠭᠤᠯᠤᠨ᠂ ᠠᠮᠢ ᠠᠬᠤᠢ ᠶᠢᠨ

ᠪᠣᠯᠪᠠᠰᠤᠨ᠂ ᠪᠣᠬᠢᠷᠲᠤᠯ ᠦᠭᠡᠢ ᠬᠥᠭᠵᠢᠯᠲᠡ ᠶᠢᠨ ᠣᠨᠣᠯᠵᠢᠬᠤᠨ ᠪᠠ ᠮᠡᠳᠡᠯᠭᠡ ᠶᠢ ᠲᠦᠭᠡᠮᠡᠯᠵᠢᠭᠦᠯᠵᠦ᠂ ᠡᠨᠧᠷᠭᠢ ᠶᠢ

ᠠᠷᠪᠢᠯᠠᠬᠤ ᠶᠢ ᠳᠡᠭᠡᠳᠦᠯᠡᠨ ᠡᠷᠬᠢᠮᠯᠡᠬᠦ᠂ ᠵᠦᠢ ᠵᠣᠬᠢᠰᠲᠠᠢ ᠬᠡᠷᠡᠭᠯᠡᠬᠦ ᠬᠢᠭᠡᠳ ᠪᠣᠬᠢᠷᠲᠤᠯ ᠦᠭᠡᠢ ᠣᠷᠴᠢᠨ

ᠲᠣᠭᠤᠷᠢᠨ ᠢ ᠬᠠᠮᠠᠭᠠᠯᠠᠬᠤ ᠨᠡᠶᠢᠭᠡᠮ ᠤᠨ ᠡᠷᠬᠢᠮ ᠰᠤᠷᠲᠠᠯ ᠢ ᠪᠦᠷᠢᠯᠳᠦᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ

ᠠᠮᠢᠳᠤᠷᠠᠯ ᠤᠨ ᠠᠷᠭ᠎ᠠ ᠬᠡᠯᠪᠡᠷᠢ ᠶᠢ ᠪᠦᠷᠢᠯᠳᠦᠭᠦᠯᠬᠦ ᠶᠢ ᠠᠬᠢᠭᠤᠯᠤᠨ᠎ᠠ᠃ ᠤᠬᠠᠭᠤᠯᠬᠤ ᠬᠡᠯᠪᠡᠷᠢ ᠶᠢᠨ ᠲᠠᠯ᠎ᠠ ᠪᠠᠷ᠂

ᠪᠢᠳᠡ ᠲᠧᠯᠸᠢᠰ᠂ ᠷᠠᠳᠢᠣ᠋᠂ ᠰᠣᠨᠢᠨ ᠵᠡᠷᠭᠡ ᠤᠯᠠᠮᠵᠢᠯᠠᠯᠲᠤ ᠵᠠᠭᠤᠴᠢᠯᠠᠭᠤᠷ ᠤᠨ ᠳᠠᠪᠠᠭᠤᠯᠢᠭ ᠢ ᠠᠰᠢᠭᠯᠠᠬᠤ ᠶᠢᠨ

ᠬᠠᠮᠲᠤ᠂ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠰᠢᠨ᠎ᠡ ᠪᠠᠷ ᠬᠥᠭᠵᠢᠭᠰᠡᠨ ᠵᠠᠭᠤᠴᠢᠯᠠᠭᠤᠷ ᠢ ᠢᠳᠡᠪᠬᠢᠲᠡᠢ

ᠬᠡᠷᠡᠭᠯᠡᠵᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠤᠬᠠᠭᠤᠯᠬᠤ ᠠᠭᠤᠯᠭ᠎ᠠ ᠶᠢᠨ ᠲᠠᠯ᠎ᠠ ᠪᠠᠷ᠂

ᠪᠢᠳᠡ ᠵᠠᠰᠠᠭ ᠤᠨ ᠣᠷᠳᠣᠨ᠂ ᠠᠵᠤ ᠠᠬᠤᠶᠢᠯᠠᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠲᠤᠰᠬᠠᠢ

ᠮᠡᠷᠭᠡᠵᠢᠯ ᠤᠨ ᠰᠤᠷᠭᠠᠭᠤᠯᠢ ᠪᠠ ᠶᠡᠭᠡ ᠳᠡᠭᠡᠳᠦ ᠰᠤᠷᠭᠠᠭᠤᠯᠢ ᠵᠡᠷᠭᠡ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠵᠤ᠂

ᠣᠯᠠᠨ ᠶᠠᠩᠵᠤ ᠶᠢᠨ ᠬᠡᠯᠪᠡᠷᠢ ᠲᠠᠢ᠂ ᠪᠠᠶᠠᠯᠢᠭ ᠠᠭᠤᠯᠭ᠎ᠠ ᠪᠦᠬᠦᠢ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ

ᠭᠠᠷᠠᠭ ᠤᠨ ᠬᠥᠳᠡᠯᠭᠡᠭᠡᠨ ᠢ ᠪᠡᠶ᠎ᠡ ᠪᠠᠨ ᠳᠠᠭᠠᠭᠠᠵᠤ ᠥᠷᠨᠢᠭᠦᠯᠦᠨ᠎ᠡ᠃ ᠵᠢᠱᠢᠶᠡᠯᠡᠪᠡᠯ᠂ ︽ᠦᠵᠡᠰᠬᠦᠯᠡᠩᠲᠦ ᠰᠠᠶᠢᠬᠠᠨ

ᠳᠤᠮᠳᠠᠳᠤ ᠤᠯᠤᠰ ᠢ ᠪᠠᠶᠢᠭᠤᠯᠬᠤ ᠳᠤ ᠪᠢ ᠪᠣᠯ ᠠᠵᠢᠯᠯᠠᠭᠠᠴᠢ ᠮᠥᠨ︾ ᠭᠡᠬᠦ ᠭᠤᠣᠯ ᠰᠡᠳᠦᠪᠲᠦ ᠦᠢᠯᠡᠳᠦᠯᠭᠡ ᠶᠢᠨ

ᠠᠵᠢᠯᠯᠠᠭ᠎ᠠ᠂ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠡᠨᠧᠷᠭᠢ ᠶᠢ ᠠᠷᠪᠢᠯᠠᠨ  ᠪᠣᠬᠢᠷ ᠪᠣᠳᠠᠰ ᠤᠨ

ᠭᠠᠳᠠᠭᠰᠢᠯᠠᠭᠤᠯᠤᠯᠲᠠ ᠎ ᠶᠢ ᠪᠠᠭᠠᠰᠬᠠᠬᠤ ᠨᠡᠶᠢᠭᠡᠮ ᠤᠨ ᠦᠢᠯᠡᠳᠦᠯᠭᠡ ᠪᠠ ᠰᠢᠨᠵᠢᠯᠡᠬᠦ ᠤᠬᠠᠭᠠᠨ ᠮᠡᠷᠭᠡᠵᠢᠯ ᠤᠨ

ᠰᠢᠨ᠎ᠡ ᠶᠢ ᠡᠭᠦᠳᠬᠦ ᠠᠵᠢᠯᠯᠠᠭ᠎ᠠ᠂ ᠡᠨᠧᠷᠭᠢ ᠶᠢ ᠠᠷᠪᠢᠯᠠᠬᠤ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠬᠤ

ᠠᠵᠢᠯᠯᠠᠭ᠎ᠠ᠂ ᠡᠨᠧᠷᠭᠢ ᠶᠢ ᠠᠷᠪᠢᠯᠠᠬᠤ ᠬᠡᠯᠪᠡᠷᠢ ᠶᠢᠨ ᠪᠠᠶᠢᠭᠤᠯᠭ᠎ᠠ᠂ ᠪᠣᠬᠢᠷᠲᠤᠯ ᠦᠭᠡᠢ ᠰᠤᠷᠭᠠᠭᠤᠯᠢ᠂ ᠠᠷᠪᠢᠴᠢ

ᠭᠠᠮᠲᠠᠢ ᠪᠠᠷ ᠶᠠᠪᠤᠵᠤ ᠰᠠᠭᠤᠬᠤ ᠵᠡᠷᠭᠡ ᠠᠵᠢᠯᠯᠠᠭ᠎ᠠ ᠶᠢ ᠥᠷᠨᠢᠭᠦᠯᠦᠨ᠎ᠡ᠃

     ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠬᠤᠭᠤᠴᠠᠭᠠᠨ ᠳᠤ᠂ ᠭᠤᠣᠯᠳᠠᠭᠤ ︽

ᠦᠵᠡᠰᠬᠦᠯᠡᠩᠲᠦ ᠰᠠᠶᠢᠬᠠᠨ ᠳᠤᠮᠳᠠᠳᠤ ᠤᠯᠤᠰ ᠢ ᠪᠠᠶᠢᠭᠤᠯᠬᠤ ᠳᠤ ᠪᠢ ᠪᠣᠯ ᠠᠵᠢᠯᠯᠠᠭᠠᠴᠢ ᠮᠥᠨ︾ ᠭᠡᠬᠦ ᠭᠤᠣᠯ

ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠪᠠ ᠪᠦᠬᠦ ᠤᠯᠤᠰ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ

ᠡᠳᠦᠷ ᠤᠨ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠨ᠂ ᠲᠦᠮᠡᠨ ᠣᠯᠠᠨ ᠢᠶᠠᠷ ᠢᠶᠠᠨ

ᠠᠷᠪᠢᠴᠢ ᠭᠠᠮᠲᠠᠢ ᠪᠦᠭᠡᠳ ᠬᠡᠮᠵᠢᠶ᠎ᠡ ᠵᠣᠬᠢᠰᠲᠠᠢ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢᠲᠦ ᠠᠮᠢᠳᠤᠷᠠᠯ ᠤᠨ

ᠠᠷᠭ᠎ᠠ ᠬᠡᠯᠪᠡᠷᠢ ᠰᠣᠩᠭᠤᠬᠤ ᠶᠢ ᠰᠠᠨᠠᠭᠠᠴᠢᠯᠠᠵᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ

ᠮᠡᠳᠡᠯᠭᠡ ᠶᠢ ᠲᠦᠭᠡᠮᠡᠯᠵᠢᠭᠦᠯᠵᠦ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠣᠨᠣᠯᠵᠢᠬᠤᠨ ᠢ

ᠤᠬᠠᠭᠤᠯᠤᠨ᠎ᠠ᠃ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠶᠢ ᠨᠡᠶᠢᠭᠡᠮ ᠲᠣᠭᠤᠷᠢᠭ ᠲᠤ

ᠣᠷᠣᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠦᠬᠦ ᠨᠡᠶᠢᠭᠡᠮ ᠤᠨ ᠬᠢᠨ ᠢ ᠳᠠᠶᠢᠴᠢᠯᠠᠨ

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠳᠤ ᠥᠷᠭᠡᠨ ᠳᠡᠯᠭᠡᠷ ᠣᠷᠣᠯᠴᠠᠭᠤᠯᠤᠨ᠂

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠬᠡᠪ ᠰᠤᠷᠲᠠᠯ ᠢ ᠬᠥᠮᠥᠵᠢᠭᠦᠯᠦᠨ ᠪᠣᠶᠢᠵᠢᠭᠤᠯᠬᠤ ᠪᠠᠷ

ᠬᠥᠲᠥᠯᠥᠨ ᠳᠠᠭᠠᠭᠤᠯᠤᠨ᠎ᠠ᠃

     ᠬᠥᠲᠥᠯᠥᠭᠴᠢ᠄

     ᠣᠶᠢᠷ᠎ᠠ ᠶᠢᠨ ᠵᠢᠯ ᠤᠳ ᠲᠤ ᠥᠷᠨᠢᠭᠦᠯᠦᠭᠰᠡᠨ ᠡᠨᠧᠷᠭᠢ ᠶᠢ ᠠᠷᠪᠢᠯᠠᠬᠤ‌ᠨᠡᠭᠦᠷᠡᠰᠦᠲᠥ᠋ᠷᠥᠭᠴᠢ ᠪᠠᠭ᠎ᠠ

ᠭᠠᠳᠠᠭᠰᠢᠯᠠᠭᠤᠯᠬᠤ ᠤᠬᠠᠭᠤᠯᠭ᠎ᠠ ᠶᠢᠨ ᠬᠥᠳᠡᠯᠭᠡᠭᠡᠨ ᠤ ᠦᠷ᠎ᠡ ᠪᠦᠲᠦᠮᠵᠢ ᠨᠢ ᠶᠠᠮᠠᠷ ᠪᠣᠢ︖

     ᠸᠠᠩ ᠶᠢᠨ ᠪᠣᠤ᠄

     ᠲᠠᠨ ᠤ ᠠᠰᠠᠭᠤᠯᠲᠠ ᠮᠠᠰᠢ ᠵᠠᠩᠭᠢᠯᠠᠭ᠎ᠠ ᠶᠢᠨ ᠠᠰᠠᠭᠤᠯᠲᠠ ᠪᠠᠶᠢᠨ᠎ᠠ᠃ ᠣᠨᠣᠯᠵᠢᠬᠤᠨ ᠪᠣᠯ ᠠᠵᠢᠯᠯᠠᠭᠠᠨ ᠤ

ᠬᠤᠰᠢᠭᠤᠴᠢ ᠮᠥᠨ᠃ ᠡᠬᠢ ᠪᠠᠶᠠᠯᠢᠭ ᠢ ᠠᠷᠪᠢᠯᠠᠨ᠂ ᠣᠷᠴᠢᠨ ᠲᠣᠭᠤᠷᠢᠨ ᠢ ᠬᠠᠮᠠᠭᠠᠯᠠᠬᠤ ᠪᠣᠯ ᠮᠠᠨ ᠤ ᠤᠯᠤᠰ ᠤᠨ

ᠦᠨᠳᠦᠰᠦᠨ ᠤᠯᠤᠰ ᠤᠨ ᠪᠣᠳᠣᠯᠭ᠎ᠠ ᠪᠠᠶᠢᠵᠤ᠂ ᠠᠷᠪᠢᠯᠠᠬᠤ ᠶᠢ ᠤᠷᠢᠳ ᠢᠶᠠᠷ ᠪᠣᠳᠣᠯᠬᠢᠯᠠᠬᠤ ᠪᠣᠯ ᠮᠠᠨ ᠤ

ᠤᠯᠤᠰ ᠤᠨ ᠤᠷᠲᠤ ᠬᠤᠭᠤᠴᠠᠭ᠎ᠠ ᠪᠠᠷ ᠪᠠᠷᠢᠮᠲᠠᠯᠠᠭᠰᠠᠭᠠᠷ ᠢᠷᠡᠭᠰᠡᠨ ᠡᠨᠧᠷᠭᠢ ᠶᠢᠨ ᠬᠥᠭᠵᠢᠯᠲᠡ ᠶᠢᠨ ᠪᠠᠶᠢᠯᠳᠤᠬᠤ

ᠪᠣᠳᠣᠯᠭ᠎ᠠ ᠪᠣᠯᠣᠨ᠎ᠠ᠃ ᠣᠶᠢᠷ᠎ᠠ ᠶᠢᠨ ᠵᠢᠯ ᠤᠳ ᠲᠤ᠂ ᠪᠢᠳᠡ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ᠂

ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ ᠲᠠᠪᠴᠠᠩ ᠢ ᠭᠦᠢᠴᠡᠳ ᠠᠰᠢᠭᠯᠠᠨ᠂ ᠠᠮᠢ ᠠᠬᠤᠢ ᠶᠢᠨ

ᠪᠣᠯᠪᠠᠰᠤᠨ ᠢ ᠪᠠᠶᠢᠭᠤᠯᠬᠤ ᠪᠠᠷ ᠭᠤᠣᠯ ᠱᠤᠭᠤᠮ ᠪᠣᠯᠭᠠᠵᠤ᠂ ᠤᠬᠠᠭᠤᠯᠭ᠎ᠠ ᠶᠢᠨ ᠭᠤᠣᠯ ᠰᠡᠳᠦᠪ ᠤᠨ ᠲᠣᠭᠤᠷᠢᠨ ᠳᠤ

ᠪᠦᠬᠦ ᠠᠷᠠᠳ ᠤᠨ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠵᠡᠯ ᠤᠬᠠᠮᠰᠠᠷ ᠢ

ᠳᠡᠭᠡᠭᠰᠢᠯᠡᠭᠦᠯᠬᠦ᠂ ᠪᠦᠬᠦ ᠠᠷᠠᠳ ᠤᠨ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠵᠠᠩ

ᠳᠠᠳᠬᠠᠯ ᠢ ᠬᠥᠮᠥᠵᠢᠭᠦᠯᠬᠦ ᠪᠠᠷ ᠭᠤᠣᠯᠳᠠᠯᠭ᠎ᠠ ᠪᠣᠯᠭᠠᠵᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠤᠨ᠂

ᠠᠷᠪᠢᠴᠢ ᠭᠠᠮᠲᠠᠢ᠂ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠴᠢᠭᠢᠷᠠᠭ

ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡ ᠶᠢᠨ ᠵᠠᠭᠪᠤᠷ ᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠵᠠᠢ᠃

ᠵᠢᠱᠢᠶᠡᠯᠡᠪᠡᠯ᠂ ᠨᠢᠳᠤᠨᠤᠨ ᠵᠢᠯ ᠪᠢᠳᠡ ᠰᠢᠨ ᠯᠠᠩ ᠥᠪᠥᠷ ᠮᠣᠩᠭᠤᠯ ᠲᠠᠢ ᠬᠠᠮᠲᠤᠷᠠᠨ ᠰᠢᠨ ᠯᠠᠩ ᠪᠢᠴᠢᠯ ᠪᠦᠷᠭᠡ ᠶᠢ

ᠠᠰᠢᠭᠯᠠᠵᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠪᠠ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ

ᠡᠳᠦᠷ ᠤᠨ ᠰᠦᠯᠵᠢᠶᠡᠨ ᠳᠡᠭᠡᠷᠡᠬᠢ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠦᠭᠰᠡᠨ ᠳᠤ᠂

ᠰᠦᠯᠵᠢᠶᠡᠨ ᠤ ᠠᠨᠳᠠ ᠨᠠᠷ ᠤᠨ ᠠᠩᠬᠠᠷᠤᠨ ᠦᠵᠡᠭᠰᠡᠨ ᠨᠣᠷᠮ᠎ᠠ ᠨᠢ 3700 ᠭᠠᠷᠤᠢ ᠲᠦᠮᠡᠨ ᠬᠥᠮᠥᠨ

ᠤᠳᠠᠭ᠎ᠠ ᠳᠤ ᠬᠦᠷᠴᠦ᠂ ᠥᠷᠭᠡᠨ ᠣᠯᠠᠨ ᠠᠷᠠᠳ ᠲᠦᠮᠡᠨ ᠤ ᠡᠨᠧᠷᠭᠢ ᠶᠢ ᠠᠷᠪᠢᠯᠠᠬᠤ ᠨᠡᠭᠦᠷᠡᠰᠦᠲᠥ᠋ᠷᠥᠭᠴᠢ ᠪᠠᠭ᠎ᠠ

ᠭᠠᠳᠠᠭᠰᠢᠯᠠᠭᠤᠯᠬᠤ ᠶᠠᠷᠢᠶᠠᠨ ᠤ ᠰᠡᠳᠦᠪ ᠤᠨ ᠲᠤᠬᠠᠢ ᠬᠠᠯᠠᠮᠰᠢᠯ ᠶᠠᠷᠢᠯᠴᠠᠭ᠎ᠠ ᠨᠢ ᠮᠠᠨ ᠤ ᠤᠷᠢᠳᠴᠢᠯᠠᠨ

ᠵᠢᠱᠢᠭᠰᠡᠨ ᠠᠴᠠ ᠳᠠᠪᠠᠭᠰᠠᠨ ᠶᠤᠮ᠃ ᠡᠭᠦᠨ ᠤ ᠬᠠᠮᠲᠤ᠂ ᠴᠠᠭ ᠦᠶ᠎ᠡ ᠶᠢᠨ ᠬᠥᠭᠵᠢᠯᠲᠡ ᠶᠢ ᠳᠠᠭᠠᠯᠳᠤᠨ᠂ ᠠᠵᠤ

ᠠᠬᠤᠶᠢᠯᠠᠯ᠂ ᠠᠷᠠᠳ ᠣᠯᠠᠨ ᠤ ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠎ ᠢ ᠪᠠᠭᠠᠰᠬᠠᠬᠤ ᠲᠤᠬᠠᠢ

ᠣᠶᠢᠯᠠᠭᠠᠯᠲᠠ ᠳᠤ ᠴᠤ ᠬᠤᠪᠢᠷᠠᠯᠲᠠ ᠭᠠᠷᠴᠠᠢ᠃ ᠵᠢᠱᠢᠶᠡᠯᠡᠪᠡᠯ᠂ ᠡᠨᠧᠷᠭᠢ ᠶᠢ ᠠᠷᠪᠢᠯᠠᠬᠤ ᠲᠤᠬᠠᠢ ᠳᠤᠷᠠᠳᠬᠤ ᠲᠠᠢ

ᠵᠡᠷᠭᠡ ᠴᠥᠭᠡᠨ ᠪᠤᠰᠤ ᠬᠥᠮᠥᠨ ︽ᠶᠠᠪᠤᠬᠤ ᠳᠤ ᠪᠠᠨ ᠳ᠋ᠧᠩ ᠢᠶᠠᠨ ᠤᠨᠲᠠᠷᠠᠭᠠᠬᠤ︾᠂ ︽ᠮᠥᠬᠦᠯᠢᠭ ᠠᠮᠤ ᠶᠢ ᠴᠤ

ᠬᠥᠮᠥᠷᠭᠡ ᠳᠤ ᠣᠷᠣᠭᠤᠯᠬᠤ︾᠂ ︽ᠰᠢᠨ᠎ᠡ ᠪᠠᠷ ᠭᠤᠷᠪᠠᠨ ᠵᠢᠯ ᠡᠮᠦᠰᠦᠨ᠂ ᠬᠠᠭᠤᠴᠢᠨ ᠢᠶᠠᠷ ᠭᠤᠷᠪᠠᠨ ᠵᠢᠯ

ᠡᠮᠦᠰᠴᠦ᠂ ᠨᠥᠬᠦᠵᠦ ᠪᠠᠶᠢᠭᠠᠳ ᠳᠠᠬᠢᠨ ᠭᠤᠷᠪᠠᠨ ᠵᠢᠯ ᠡᠮᠦᠰᠬᠦ︾ ᠭᠡᠬᠦ ᠮᠡᠲᠦ ᠶᠢᠨ ᠬᠥᠮᠥᠰ ᠲᠤ ᠲᠣᠪ ᠲᠣᠳᠣᠷᠬᠠᠢ

ᠴᠡᠭᠡᠵᠢᠯᠡᠭᠳᠡᠭᠰᠡᠭᠡᠷ ᠪᠠᠶᠢᠭ᠎ᠠ ᠤᠷᠢᠶ᠎ᠠ ᠶᠢ ᠬᠤᠯᠪᠣᠨ ᠪᠣᠳᠣᠵᠤ ᠣᠯᠳᠠᠭ᠃ ᠣᠳᠣᠬᠠᠨ ᠳᠤ᠂ ᠡᠨᠧᠷᠭᠢ ᠶᠢ ᠠᠷᠪᠢᠯᠠᠬᠤ

ᠠᠵᠢᠯ ᠨᠢ ᠠᠯᠢ ᠡᠷᠲᠡ ᠨᠢᠭᠡᠨᠲᠡ ᠥᠩᠭᠡᠷᠡᠭᠰᠡᠨ ᠤ ᠲᠡᠷᠡ ᠬᠦ ︽ᠡᠨᠧᠷᠭᠢ ᠶᠢ ᠠᠷᠪᠢᠯᠠᠨ ᠡᠨᠧᠷᠭᠢ  ᠶᠢᠨ

ᠬᠤᠷᠣᠭᠳᠠᠯ ᠎ ᠢ ᠪᠠᠭᠠᠰᠬᠠᠬᠤ︾ ᠳᠠᠩ ᠴᠤᠯᠭᠤᠢ ᠤᠬᠠᠭᠳᠠᠬᠤᠨ ᠪᠢᠰᠢ ᠪᠣᠯᠣᠭᠰᠠᠨ ᠢᠶᠠᠷ ᠪᠠᠷᠠᠬᠤ ᠦᠭᠡᠢ᠂ ᠵᠥᠪᠬᠡᠨ

ᠨᠢᠭᠡ ᠭᠷᠡᠳᠦ᠋ᠰ ᠴᠠᠬᠢᠯᠭᠠᠨ᠂ ᠨᠢᠭᠡ ᠳᠤᠰᠤᠯ ᠤᠰᠤ᠂ ᠨᠢᠭᠡ ᠵᠢᠩ ᠨᠡᠭᠦᠷᠡᠰᠦ ᠶᠢ ᠠᠷᠪᠢᠯᠠᠬᠤ ᠲᠡᠳᠦᠢ ᠶᠠᠪᠤᠳᠠᠯ ᠪᠢᠰᠢ

ᠪᠣᠯᠵᠤ᠂ ᠬᠠᠷᠢᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ᠂  ᠡᠷᠭᠢᠯᠳᠡᠳᠦ ᠠᠵᠤ ᠠᠬᠤᠢ ᠂ ᠪᠣᠬᠢᠷᠲᠤᠯ ᠢ

ᠵᠠᠰᠠᠬᠤ᠂ ᠣᠷᠴᠢᠨ ᠲᠣᠭᠤᠷᠢᠨ ᠢ ᠬᠠᠮᠠᠭᠠᠯᠠᠬᠤ᠂ ᠦᠷᠭᠦᠯᠵᠢᠯᠡᠬᠦᠶᠢᠴᠡ ᠬᠥᠭᠵᠢᠯᠲᠡ ᠪᠠ ᠠᠮᠢ ᠠᠬᠤᠢ ᠶᠢᠨ

ᠪᠣᠯᠪᠠᠰᠤᠨ ᠲᠠᠢ ᠨᠢᠭᠲᠠ ᠤᠶᠠᠯᠳᠤᠭᠤᠯᠬᠤ ᠪᠣᠯᠪᠠ᠃ ᠤᠯᠠᠮᠵᠢᠯᠠᠯᠲᠤ ᠮᠠᠶ᠋ᠢᠭ ᠤᠨ ᠭᠤᠭᠤᠵᠢᠬᠤ  ᠭᠡᠭᠡᠭᠳᠡᠬᠦ ᠶᠢ

ᠪᠥᠭᠯᠡᠬᠦ ᠪᠤᠶᠤ ᠮᠡᠷᠭᠡᠵᠢᠯ ᠤᠨ ᠲᠠᠯ᠎ᠠ ᠪᠠᠷ ᠬᠢ ᠵᠢᠵᠢᠭ ᠬᠤᠪᠢᠷᠠᠯᠲᠠ ᠵᠢᠵᠢᠭ ᠥᠭᠡᠷᠡᠴᠢᠯᠡᠯᠲᠡ ᠠᠴᠠ ᠭᠤᠣᠯᠳᠠᠭᠤ

ᠳᠠᠪᠰᠢᠩᠭᠤᠢ ᠮᠡᠷᠭᠡᠵᠢᠯ ᠪᠠ ᠲᠡᠷᠢᠭᠦᠨ ᠤ ᠲᠣᠨᠤᠭ ᠲᠥᠬᠦᠭᠡᠷᠦᠮᠵᠢ ᠳᠤ ᠲᠦᠰᠢᠭᠯᠡᠬᠦ ᠪᠣᠯᠭᠠᠨ ᠬᠤᠪᠢᠷᠠᠭᠤᠯᠵᠤ᠂

ᠭᠠᠷᠭᠠᠭᠰᠠᠨ ᠨᠡᠶᠢᠭᠡᠮ ᠤᠨ ᠦᠷ᠎ᠡ ᠠᠰᠢᠭ᠂ ᠣᠷᠴᠢᠨ ᠲᠣᠭᠤᠷᠢᠨ ᠤ ᠦᠷ᠎ᠡ ᠠᠰᠢᠭ ᠪᠠ ᠠᠵᠤ ᠠᠬᠤᠢ ᠶᠢᠨ ᠦᠷ᠎ᠡ

ᠠᠰᠢᠭ ᠢ ᠨᠢ ᠥᠩᠭᠡᠷᠡᠭᠰᠡᠨ ᠳᠤ ᠲᠥᠰᠥᠭᠡᠯᠡᠬᠦ ᠶᠢᠨ ᠠᠷᠭ᠎ᠠ ᠦᠭᠡᠢ ᠪᠠᠶᠢᠵᠠᠢ᠃ ᠮᠢᠨᠤ ᠪᠣᠳᠣᠬᠤ ᠪᠠᠷ ᠡᠨᠡ ᠨᠢ ᠮᠥᠨ

ᠴᠤ ᠡᠨᠧᠷᠭᠢ ᠶᠢ ᠠᠷᠪᠢᠯᠠᠬᠤ ᠤᠬᠠᠭᠤᠯᠭ᠎ᠠ ᠶᠢᠨ ᠭᠠᠷᠠᠭ ᠤᠨ 28 ᠵᠢᠯ ᠤᠨ ᠲᠤᠷᠰᠢ ᠴᠤᠴᠠᠯᠲᠠ ᠦᠭᠡᠢ ᠪᠠᠷᠢᠮᠲᠠᠯᠠᠵᠤ

ᠡᠷᠬᠢᠯᠡᠭᠰᠡᠨ ᠰᠡᠳᠦᠪ ᠤᠨ ᠤᠳᠬ᠎ᠠ ᠠᠭᠤᠯᠭ᠎ᠠ ᠪᠣᠯᠣᠨ᠎ᠠ᠃

     ᠬᠥᠲᠥᠯᠥᠭᠴᠢ᠄

     ᠲᠡᠭᠡᠪᠡᠯ᠂ ᠣᠳᠣᠬᠠᠨ ᠳᠤ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ

ᠪᠠᠭᠠᠰᠬᠠᠬᠤ ᠠᠵᠢᠯ ᠤᠨ ᠪᠠᠶᠢᠳᠠᠯ ᠨᠢ ᠶᠠᠮᠠᠷ ᠪᠣᠢ︖

     ᠸᠠᠩ ᠶᠢᠨ ᠪᠣᠤ᠄

     ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ

ᠪᠣᠯᠭᠠᠭᠰᠠᠨ ᠨᠠᠮ ᠤᠨ ᠲᠥᠪ ᠬᠤᠷᠢᠶ᠎ᠠ ᠠᠴᠠ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ

ᠲᠦᠷᠭᠡᠳᠬᠡᠬᠦ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠵᠦ᠂ ᠠᠮᠢ ᠠᠬᠤᠢ ᠶᠢᠨ ᠪᠣᠯᠪᠠᠰᠤᠨ ᠤ ᠪᠦᠲᠦᠭᠡᠨ

ᠪᠠᠶᠢᠭᠤᠯᠤᠯᠲᠠ ᠶᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ︽ᠲᠠᠪᠤ ᠶᠢ ᠨᠢᠭᠡ

ᠴᠣᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠳᠤ ᠣᠷᠣᠭᠤᠯᠤᠨ᠂ ᠰᠢᠨ᠎ᠡ ᠶᠢ ᠡᠭᠦᠳᠬᠦ᠂ ᠵᠣᠬᠢᠴᠠᠩᠭᠤᠢ᠂

ᠪᠣᠬᠢᠷᠲᠤᠯ ᠦᠭᠡᠢ᠂ ᠨᠡᠭᠡᠭᠡᠯᠲᠡ ᠲᠠᠢ᠂ ᠬᠠᠮᠲᠤ ᠪᠠᠷ ᠬᠦᠷᠲᠡᠬᠦ ᠲᠠᠪᠤᠨ ᠶᠡᠭᠡ ᠰᠢᠨ᠎ᠡ ᠬᠥᠭᠵᠢᠯᠲᠡ ᠶᠢᠨ

ᠣᠨᠣᠯᠵᠢᠬᠤᠨ ᠢ ᠳᠤᠷᠠᠳᠤᠨ ᠭᠠᠷᠭᠠᠪᠠ᠃ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠶᠡᠭᠡ

ᠬᠤᠷᠠᠯ ᠠᠴᠠ ᠡᠨᠧᠷᠭᠢ ᠶᠢᠨ ᠬᠤᠷᠣᠭᠳᠠᠯ ᠤᠨ ᠶᠡᠷᠦᠩᠬᠡᠢ ᠬᠡᠮᠵᠢᠶ᠎ᠡ ᠪᠠ  ᠬᠦᠴᠦᠯᠡᠴᠡ ︽ᠬᠤᠶᠠᠷ ᠢ ᠬᠢᠵᠠᠭᠠᠷᠯᠠᠬᠤ︾

ᠠᠵᠢᠯᠯᠠᠭ᠎ᠠ᠂ ᠥᠪᠡᠷᠲᠡᠭᠡᠨ ᠵᠠᠰᠠᠬᠤ ᠣᠷᠣᠨ ᠤ ︽13 · 5︾᠎ ᠶᠢᠨ ᠡᠨᠧᠷᠭᠢ ᠶᠢ ᠠᠷᠪᠢᠯᠠᠨ ᠪᠣᠬᠢᠷ ᠪᠣᠳᠠᠰ ᠤᠨ

ᠭᠠᠳᠠᠭᠰᠢᠯᠠᠭᠤᠯᠤᠯᠲᠠ ᠎ ᠶᠢ ᠪᠠᠭᠠᠰᠬᠠᠬᠤ ᠲᠥᠯᠥᠪᠵᠢᠭᠦᠯᠭᠡ᠂ ︽13 · 5︾᠎ ᠶᠢᠨ ᠡᠨᠧᠷᠭᠢ ᠶᠢ ᠠᠷᠪᠢᠯᠠᠨ

ᠨᠡᠭᠦᠷᠡᠰᠦᠲᠥ᠋ᠷᠥᠭᠴᠢ ᠶᠢ ᠪᠠᠭᠠᠰᠬᠠᠬᠤ ᠠᠵᠢᠯ ᠤᠨ ᠲᠥᠰᠥᠯ ᠢ ᠬᠡᠷᠡᠭᠵᠢᠭᠦᠯᠬᠦ ᠪᠠᠷ ᠳᠤᠷᠠᠳᠴᠤ᠂ 2020 ᠣᠨ ᠳᠤ

ᠪᠦᠬᠦ ᠣᠷᠣᠨ ᠤ ᠨᠢᠭᠡᠴᠢ GDP᠎ ᠶᠢᠨ ᠡᠨᠧᠷᠭᠢ ᠶᠢᠨ ᠬᠤᠷᠣᠭᠳᠠᠯ ᠢ 2015 ᠣᠨ ᠤ ᠬᠢ ᠠᠴᠠ 14%᠎ ᠪᠠᠷ

ᠪᠠᠭᠤᠷᠠᠭᠤᠯᠤᠨ᠂ ᠨᠢᠭᠡᠴᠢ GDP᠎ ᠶᠢᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ

17%᠎ ᠪᠠᠷ ᠪᠠᠭᠤᠷᠠᠭᠤᠯᠵᠤ᠂ 2020 ᠣᠨ ᠪᠣᠯᠲᠠᠯ᠎ᠠ ᠪᠦᠬᠦ ᠣᠷᠣᠨ ᠤ ᠡᠨᠧᠷᠭᠢ ᠶᠢᠨ ᠬᠤᠷᠣᠭᠳᠠᠯ ᠤᠨ ᠶᠡᠷᠦᠩᠬᠡᠢ

ᠬᠡᠮᠵᠢᠶ᠎ᠡ ᠶᠢ 2.25 ᠳ᠋ᠦᠩᠰᠢᠭᠤᠷ ᠲᠣᠨ ᠪᠠᠷᠢᠮᠵᠢᠶᠠᠲᠤ ᠨᠡᠭᠦᠷᠡᠰᠦ ᠶᠢᠨ ᠳᠣᠲᠣᠷ᠎ᠠ ᠬᠢᠵᠠᠭᠠᠷᠯᠠᠨ᠎ᠠ ᠭᠡᠵᠦ

ᠲᠣᠳᠣᠷᠬᠠᠶᠢᠯᠠᠵᠠᠢ᠃ ︽13 · 5︾᠎ ᠶᠢᠨ ᠲᠥᠯᠥᠪᠵᠢᠭᠦᠯᠭᠡ ᠶᠢᠨ ᠡᠬᠢᠨ ᠤ ᠬᠤᠶᠠᠷ ᠵᠢᠯ ᠳᠤ᠂ ᠮᠠᠨ ᠤ ᠣᠷᠣᠨ

ᠨᠢᠭᠡᠴᠢ GDP᠎ ᠶᠢᠨ ᠡᠨᠧᠷᠭᠢ ᠶᠢᠨ ᠬᠤᠷᠣᠭᠳᠠᠯ ᠪᠠᠨ ᠨᠡᠶᠢᠲᠡ 5.6%᠎ ᠪᠠᠷ ᠪᠠᠭᠤᠷᠠᠭᠤᠯᠤᠨ᠂ ᠡᠨᠧᠷᠭᠢ ᠶᠢᠨ

ᠬᠤᠷᠣᠭᠳᠠᠯ ᠤᠨ ᠶᠡᠷᠦᠩᠬᠡᠢ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠪᠠᠨ 2017 ᠣᠨ ᠳᠤ 2.35% ᠪᠣᠯᠲᠠᠯ᠎ᠠ

ᠪᠠᠭᠤᠷᠠᠭᠤᠯᠵᠤ᠂ ᠡᠨᠡ ᠨᠢ 1100 ᠭᠠᠷᠤᠢ ᠲᠦᠮᠡᠨ ᠲᠣᠨ ᠪᠠᠷᠢᠮᠵᠢᠶᠠᠲᠤ ᠨᠡᠭᠦᠷᠡᠰᠦ ᠶᠢ ᠠᠷᠪᠢᠯᠠᠭᠰᠠᠨ ᠲᠠᠢ

ᠲᠡᠩᠴᠡᠨ᠎ᠡ᠃ ᠣᠳᠣᠬᠠᠨ ᠳᠤ᠂ ᠪᠢᠳᠡ ᠶᠠᠭ ᠰᠠᠶᠢᠬᠠᠨ ︽13 · 5︾᠎ ᠶᠢᠨ ᠡᠨᠧᠷᠭᠢ ᠶᠢᠨ ᠬᠤᠷᠣᠭᠳᠠᠯ ᠤᠨ

ᠶᠡᠷᠦᠩᠬᠡᠢ ᠬᠡᠮᠵᠢᠶ᠎ᠡ ᠪᠠ  ᠬᠦᠴᠦᠯᠡᠴᠡ ᠶᠢᠨ ᠳᠤᠮᠳᠠᠴᠢ ᠬᠤᠭᠤᠴᠠᠭᠠᠨ ᠤ ᠦᠨᠡᠯᠡᠨ ᠵᠢᠱᠢᠬᠦ ᠠᠵᠢᠯ ᠢ ᠶᠠᠪᠤᠭᠤᠯᠵᠤ

ᠪᠠᠶᠢᠨ᠎ᠠ᠂ ᠦᠨᠡᠯᠡᠨ ᠵᠢᠱᠢᠬᠦ ᠠᠵᠢᠯ ᠤᠨ ᠪᠠᠶᠢᠳᠠᠯ ᠠᠴᠠ ᠠᠪᠴᠤ ᠦᠵᠡᠪᠡᠯ᠂ ︽ᠬᠤᠶᠠᠷ ᠢ ᠬᠢᠵᠠᠭᠠᠷᠯᠠᠬᠤ︾

ᠬᠠᠷᠠᠯᠲᠠ ᠶᠢ ᠪᠡᠶᠡᠯᠡᠭᠦᠯᠬᠦ ᠡᠭᠦᠷᠭᠡ ᠶᠢᠨ ᠬᠦᠴᠢᠷ ᠪᠠ ᠳᠠᠷᠤᠯᠲᠠ ᠨᠢ ᠲᠤᠶᠢᠯ ᠤᠨ ᠶᠡᠭᠡ ᠪᠠᠶᠢᠨ᠎ᠠ᠃ ᠲᠡᠭᠦᠨ ᠤ

ᠭᠤᠣᠯ ᠰᠢᠯᠲᠠᠭᠠᠨ ᠨᠢ᠂ ᠨᠢᠭᠡ ᠳᠤ᠂ ᠮᠠᠨ ᠤ ᠣᠷᠣᠨ ᠤ ᠠᠵᠤ ᠦᠢᠯᠡᠰ ᠤᠨ ᠪᠦᠲᠦᠴᠡ ᠶᠢᠨ ᠬᠦᠨᠳᠦ

ᠬᠡᠯᠪᠡᠷᠢᠵᠢᠭᠰᠡᠨ ᠪᠠ ᠡᠨᠧᠷᠭᠢ ᠶᠢᠨ ᠪᠦᠲᠦᠴᠡ ᠶᠢᠨ ᠨᠡᠭᠦᠷᠡᠰᠦᠲᠥᠷᠥᠭᠵᠢᠭᠰᠡᠨ ᠢᠶᠠᠷ ᠶᠡᠬᠡᠲᠠᠢ ᠣᠨᠴᠠᠯᠢᠭ᠂ ᠵᠢᠴᠢ

ᠤᠷᠲᠤ ᠬᠤᠭᠤᠴᠠᠭᠠᠨ ᠤ ᠲᠤᠷᠰᠢ ᠪᠦᠷᠢᠯᠳᠦᠭᠰᠡᠨ ᠠᠷᠭ᠎ᠠ ᠵᠠᠮ ᠳᠤ ᠲᠦᠰᠢᠭᠯᠡᠬᠦ ᠵᠡᠷᠭᠡ ᠠᠴᠠ ᠪᠣᠯᠵᠤ᠂

ᠡᠨᠧᠷᠭᠢ ᠶᠢᠨ ᠬᠤᠷᠣᠭᠳᠠᠯ ᠤᠨ ᠬᠠᠳᠠᠭᠠᠯᠠᠭᠳᠠᠴᠠ ᠳᠤ ᠬᠠᠰᠤᠯᠲᠠ ᠬᠢᠬᠦ ᠠᠷᠭ᠎ᠠ ᠳᠤ ᠲᠣᠬᠢᠷᠠᠭᠤᠯᠤᠯᠲᠠ ᠬᠢᠬᠦ

ᠲᠠᠯ᠎ᠠ ᠪᠠᠷ ᠨᠢᠭᠡᠨ ᠶᠠᠪᠤᠴᠠ ᠶᠢ ᠱᠠᠭᠠᠷᠳᠠᠵᠤ ᠪᠠᠶᠢᠨ᠎ᠠ᠃ ᠬᠤᠶᠠᠷ ᠲᠤ᠂ ᠮᠠᠨ ᠤ ᠣᠷᠣᠨ ᠤ ᠠᠵᠤ ᠠᠬᠤᠢ ᠶᠢᠨ

ᠬᠥᠭᠵᠢᠯᠲᠡ ᠬᠤᠴᠣᠷᠤᠩᠭᠤᠢ ᠪᠠᠶᠢᠵᠤ ᠬᠤᠣᠰ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠬᠦ ᠳᠤ ᠮᠥᠨ

ᠬᠦᠴᠦᠯᠡᠴᠡ ᠲᠠᠢ ᠡᠨᠧᠷᠭᠢ ᠶᠢᠨ ᠲᠤᠯᠭᠠᠭᠤᠷᠢᠯᠠᠯ ᠢ ᠱᠠᠭᠠᠷᠳᠠᠵᠤ ᠪᠠᠶᠢᠨ᠎ᠠ᠃ ᠭᠤᠷᠪᠠ ᠳᠤ᠂ ︽11 · 5︾᠎ ᠶᠢᠨ

ᠲᠥᠯᠥᠪᠵᠢᠭᠦᠯᠭᠡ ᠠᠴᠠ ᠨᠠᠭᠠᠰᠢ ᠦᠷᠭᠦᠯᠵᠢᠯᠡᠨ ᠡᠨᠧᠷᠭᠢ ᠶᠢ ᠠᠷᠪᠢᠯᠠᠬᠤ ᠪᠠᠷ ᠳᠠᠮᠵᠢᠵᠤ᠂ ᠡᠨᠧᠷᠭᠢ ᠶᠢ ᠠᠷᠪᠢᠯᠠᠨ

ᠳᠠᠯᠳᠠ ᠬᠦᠴᠦᠨ ᠢ ᠠᠭᠤᠳᠠᠯᠬᠤ ᠣᠷᠣᠨ ᠵᠠᠢ ᠨᠢ ᠢᠪᠴᠤᠷᠠᠪᠠ᠃ ᠶᠡᠷᠦᠩᠬᠡᠶᠢᠯᠡᠪᠡᠯ᠂ ᠮᠠᠨ ᠤ ᠣᠷᠣᠨ ᠤ ︽13 ·

5︾᠎ ᠶᠢᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ ᠪᠠᠶᠢᠳᠠᠯ ᠲᠤᠶᠢᠯ ᠤᠨ ᠬᠦᠨᠳᠦ ᠨᠣᠴᠢᠲᠠᠢ

ᠪᠠᠶᠢᠵᠤ᠂ ᠪᠢᠳᠡᠨ ᠤ ᠴᠤᠴᠠᠯᠲᠠ ᠦᠭᠡᠢ ᠴᠢᠷᠮᠠᠶᠢᠨ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂

ᠴᠢᠩᠭ᠎ᠠ ᠬᠦᠴᠦᠲᠡᠢ ᠠᠷᠭ᠎ᠠ ᠬᠡᠮᠵᠢᠶ᠎ᠡ ᠠᠪᠴᠤ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠡᠶᠡᠯᠡᠭᠦᠯᠬᠦ ᠶᠢ

ᠪᠠᠲᠤᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠬᠦᠴᠦᠨ ᠴᠢᠳᠠᠯ ᠢᠶᠠᠨ ᠡᠷᠭᠦᠬᠦ ᠶᠢ ᠱᠠᠭᠠᠷᠳᠠᠵᠤ

ᠪᠠᠶᠢᠨ᠎ᠠ᠃

     ᠬᠥᠲᠥᠯᠥᠭᠴᠢ᠄

     ᠳᠠᠷᠠᠭᠠᠴᠢ ᠶᠢᠨ ᠠᠯᠬᠤᠮ ᠳᠤ ᠥᠪᠡᠷᠲᠡᠭᠡᠨ ᠵᠠᠰᠠᠬᠤ ᠣᠷᠣᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ

ᠪᠠᠭᠠᠰᠬᠠᠬᠤ ᠶᠢ ᠠᠬᠢᠭᠤᠯᠬᠤ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠬᠤ ᠪᠠᠷ ᠪᠠᠶᠢᠭ᠎ᠠ ᠪᠣᠢ︖

     ᠸᠠᠩ ᠶᠢᠨ ᠪᠣᠤ᠄

     ︽13 · 5︾᠎ ᠶᠢᠨ ᠡᠨᠧᠷᠭᠢ ᠶᠢ ᠠᠷᠪᠢᠯᠠᠨ ᠪᠣᠬᠢᠷ ᠪᠣᠳᠠᠰ ᠤᠨ ᠭᠠᠳᠠᠭᠰᠢᠯᠠᠭᠤᠯᠤᠯᠲᠠ ᠶᠢ ᠪᠠᠭᠠᠰᠬᠠᠬᠤ

ᠲᠥᠯᠥᠪᠵᠢᠭᠦᠯᠭᠡ᠂ ︽13 · 5︾᠎ ᠶᠢᠨ ᠡᠨᠧᠷᠭᠢ ᠶᠢ ᠠᠷᠪᠢᠯᠠᠨ ᠨᠡᠭᠦᠷᠡᠰᠦᠲᠥ᠋ᠷᠥᠭᠴᠢ ᠶᠢ ᠪᠠᠭᠠᠰᠬᠠᠬᠤ

ᠶᠡᠷᠦᠩᠬᠡᠶᠢᠯᠡᠭᠰᠡᠨ ᠠᠵᠢᠯ ᠤᠨ ᠲᠥᠰᠥᠯ ᠤᠨ ᠶᠡᠷᠦᠩᠬᠡᠢ ᠪᠠᠶᠢᠷᠢᠯᠠᠭᠤᠯᠤᠯᠲᠠ ᠶᠣᠰᠣᠭᠠᠷ᠂ ᠭᠤᠣᠯᠳᠠᠭᠤ ᠳᠣᠣᠷᠠᠬᠢ

ᠬᠡᠳᠦᠨ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃

     ᠨᠢᠭᠡ ᠳᠤ᠂ ᠠᠵᠤ ᠦᠢᠯᠡᠳᠪᠦᠷᠢ᠂ ᠪᠠᠷᠢᠯᠭ᠎ᠠ᠂ ᠵᠠᠮ ᠬᠠᠷᠢᠯᠴᠠᠭ᠎ᠠ᠂ ᠣᠯᠠᠨ ᠨᠡᠶᠢᠲᠡ ᠶᠢᠨ ᠪᠠᠶᠢᠭᠤᠯᠤᠮᠵᠢ

ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠠᠬᠢ ᠡᠨᠧᠷᠭᠢ ᠶᠢ ᠠᠷᠪᠢᠯᠠᠨ ᠡᠨᠧᠷᠭᠢ ᠶᠢᠨ ᠬᠤᠷᠣᠭᠳᠠᠯ ᠢ

ᠪᠠᠭᠠᠰᠬᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠪᠠᠨ

ᠴᠢᠩᠭᠠᠷᠠᠭᠤᠯᠤᠨ᠂ ︽13 · 5︾᠎ ᠶᠢᠨ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾

ᠬᠠᠷᠠᠯᠲᠠ ᠶᠢᠨ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ᠃ ᠬᠤᠶᠠᠷ ᠲᠤ᠂ ᠡᠨᠧᠷᠭᠢ ᠶᠢᠨ ᠬᠤᠷᠣᠭᠳᠠᠯ ᠢ ᠡᠬᠢ

ᠢᠷᠡᠯᠲᠡ ᠠᠴᠠ ᠨᠢ ᠬᠠᠮᠢᠶᠠᠷᠤᠨ ᠬᠢᠵᠠᠭᠠᠷᠯᠠᠬᠤ ᠶᠢ ᠴᠢᠩᠭᠠᠳᠬᠠᠨ᠂ ᠲᠥᠷᠥᠯ ᠵᠦᠢᠯ ᠤᠨ ᠡᠨᠧᠷᠭᠢ ᠶᠢ ᠠᠷᠪᠢᠯᠠᠬᠤ ᠶᠢ

ᠬᠢᠨᠠᠨ ᠪᠠᠶᠢᠴᠠᠭᠠᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠤᠭᠰᠠᠨ ᠲᠥᠷᠥᠯ ᠵᠦᠢᠯ ᠤᠨ

ᠡᠨᠧᠷᠭᠢ ᠶᠢᠨ ᠬᠤᠷᠣᠭᠳᠠᠯ ᠢ ᠴᠢᠩᠭ᠎ᠠ ᠬᠢᠵᠠᠭᠠᠷᠯᠠᠵᠤ᠂ ᠵᠦᠢ ᠵᠣᠬᠢᠰ ᠦᠭᠡᠢ ᠡᠨᠧᠷᠭᠢ ᠶᠢᠨ ᠬᠤᠷᠣᠭᠳᠠᠯ ᠢ ᠬᠠᠰᠤᠨ

ᠪᠠᠭᠠᠰᠬᠠᠨ᠎ᠠ᠃ ᠭᠤᠷᠪᠠ ᠳᠤ᠂ ᠭᠤᠣᠯᠳᠠᠯᠭ᠎ᠠ ᠲᠠᠢ ᠡᠨᠧᠷᠭᠢ ᠬᠡᠷᠡᠭᠯᠡᠬᠦ ᠨᠢᠭᠡᠴᠢ ᠶᠢᠨ ︽ᠵᠠᠭᠤ ᠮᠢᠩᠭ᠎ᠠ ᠲᠦᠮᠡ︾

᠎ ᠶᠢᠨ ᠡᠨᠧᠷᠭᠢ ᠶᠢ ᠠᠷᠪᠢᠯᠠᠬᠤ ᠠᠵᠢᠯᠯᠠᠭ᠎ᠠ ᠶᠢ ᠠᠬᠢᠭᠤᠯᠵᠤ᠂ ᠭᠤᠣᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠶᠢᠨ

ᠠᠰᠢᠭᠯᠠᠮᠵᠢ ᠶᠢ ᠳᠡᠭᠡᠭᠰᠢᠯᠡᠭᠦᠯᠬᠦ᠂ ᠬᠤᠲᠠ  ᠪᠠᠯᠭᠠᠰᠣᠵᠢᠯᠲᠠ ᠶᠢᠨ ᠡᠨᠧᠷᠭᠢ ᠶᠢ ᠠᠷᠪᠢᠯᠠᠬᠤ ᠥᠭᠡᠷᠡᠴᠢᠯᠡᠯᠲᠡ

ᠰᠠᠶᠢᠵᠢᠷᠠᠭᠤᠯᠤᠯᠲᠠ ᠬᠢᠬᠦ ᠵᠡᠷᠭᠡ ᠡᠨᠧᠷᠭᠢ ᠶᠢ ᠠᠷᠪᠢᠯᠠᠬᠤ ᠭᠤᠣᠯᠳᠠᠯᠭ᠎ᠠ ᠲᠠᠢ ᠢᠨᠵᠧᠨᠧᠷᠢᠩ ᠢ ᠵᠣᠬᠢᠶᠠᠨ ᠪᠠᠶᠢᠭᠤᠯᠤᠨ

ᠬᠡᠷᠡᠭᠵᠢᠭᠦᠯᠦᠨ᠎ᠡ᠃ ᠳᠥᠷᠪᠡ ᠳᠤ᠂ ᠡᠨᠧᠷᠭᠢ ᠶᠢ ᠠᠷᠪᠢᠯᠠᠬᠤ ᠶᠢ ᠬᠢᠨᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂

ᠡᠨᠧᠷᠭᠢ ᠶᠢ ᠠᠷᠪᠢᠯᠠᠬᠤ ᠶᠢ ᠬᠢᠨᠠᠨ ᠪᠠᠶᠢᠴᠠᠭᠠᠬᠤ ᠴᠢᠬᠤᠯᠠ ᠲᠤᠰᠬᠠᠢ ᠵᠦᠢᠯ ᠤᠨ ᠠᠵᠢᠯᠯᠠᠭ᠎ᠠ ᠶᠢ ᠵᠣᠬᠢᠶᠠᠨ

ᠪᠠᠶᠢᠭᠤᠯᠤᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠪᠠ

ᠠᠵᠤ ᠠᠬᠤᠶᠢᠯᠠᠯ ᠳᠤ ᠨᠢᠭᠡᠴᠢ ᠪᠦᠲᠦᠭᠡᠭᠳᠡᠬᠦᠨ ᠤ ᠡᠨᠧᠷᠭᠢ ᠶᠢᠨ ᠬᠤᠷᠣᠭᠳᠠᠯ ᠤᠨ ᠲᠤᠭ᠎ᠠ ᠶᠢ ᠬᠢᠵᠠᠭᠠᠷᠯᠠᠬᠤ

ᠠᠯᠪᠠᠳᠠᠯᠭ᠎ᠠ ᠶᠢᠨ ᠴᠢᠨᠠᠷᠲᠠᠢ ᠪᠠᠷᠢᠮᠵᠢᠶ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠡᠨᠧᠷᠭᠢ ᠶᠢ ᠬᠡᠷᠡᠭᠯᠡᠬᠦ ᠲᠠᠯ᠎ᠠ ᠪᠠᠷ

ᠬᠠᠤᠯᠢ ᠴᠠᠭᠠᠵᠠ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠳᠬᠡᠨ᠎ᠡ᠃ ᠲᠠᠪᠤ ᠳᠤ᠂

ᠬᠠᠷᠠᠯᠲᠠᠲᠤ ᠬᠠᠷᠢᠭᠤᠴᠠᠯᠭ᠎ᠠ ᠎ ᠶᠢ ᠰᠢᠯᠭᠠᠨ ᠬᠢᠨᠠᠵᠤ ᠦᠨᠡᠯᠡᠬᠦ ᠶᠢ ᠴᠢᠩᠭᠠᠷᠠᠭᠤᠯᠤᠨ᠂ ᠡᠨᠧᠷᠭᠢ ᠶᠢᠨ ᠬᠤᠷᠣᠭᠳᠠᠯ ᠤᠨ

︽ᠬᠤᠶᠠᠷ ᠢ ᠬᠢᠵᠠᠭᠠᠷᠯᠠᠬᠤ︾ ᠬᠠᠷᠠᠯᠲᠠᠲᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂

ᠱᠠᠲᠤ ᠳᠠᠷᠠᠭᠠᠯᠠᠨ ᠡᠭᠦᠷᠭᠡ ᠳᠠᠷᠤᠭᠠᠰᠤ ᠶᠢ ᠳᠠᠮᠵᠢᠭᠤᠯᠤᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ

ᠴᠢᠩᠭᠠᠳᠬᠠᠵᠤ᠂ ᠡᠯ᠎ᠡ ᠱᠠᠲᠤᠨ ᠤ ᠵᠠᠰᠠᠭ ᠤᠨ ᠣᠷᠳᠣᠨ ᠪᠠ ᠠᠵᠤ ᠠᠬᠤᠶᠢᠯᠠᠯ ᠤᠨ ᠡᠨᠧᠷᠭᠢ ᠶᠢ ᠠᠷᠪᠢᠯᠠᠨ

ᠬᠤᠷᠣᠭᠳᠠᠯ ᠢᠶᠠᠨ ᠪᠠᠭᠠᠰᠬᠠᠬᠤ ᠶᠢ ᠭᠡᠳᠡᠷᠭᠡᠨ ᠰᠢᠬᠠᠮᠳᠠᠭᠤᠯᠤᠨ᠎ᠠ᠃

     ᠬᠥᠲᠥᠯᠥᠭᠴᠢ᠄

     ᠸᠠᠩ ᠡᠷᠬᠢᠯᠡᠭᠴᠢ ᠠᠴᠠ ᠬᠠᠮᠤᠭ ᠤᠨ ᠰᠡᠭᠦᠯᠴᠢ ᠶᠢᠨ ᠨᠢᠭᠡ ᠠᠰᠠᠭᠤᠯᠲᠠ ᠶᠢ ᠠᠰᠠᠭᠤᠶ᠎ᠠ᠃ ᠡᠨᠧᠷᠭᠢ ᠶᠢ

ᠠᠷᠪᠢᠯᠠᠬᠤ ᠤᠬᠠᠭᠤᠯᠭ᠎ᠠ ᠶᠢᠨ ᠭᠠᠷᠠᠭ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠡᠳᠦᠷ ᠤᠨ

ᠠᠵᠢᠯᠯᠠᠭ᠎ᠠ ᠶᠢᠨ ᠲᠠᠰᠢᠷᠠᠮ ᠢᠶᠠᠷ ᠲᠠ ᠥᠷᠭᠡᠨ ᠣᠯᠠᠨ ᠠᠷᠠᠳ ᠲᠦᠮᠡᠨ ᠳᠤ ᠶᠠᠮᠠᠷ ᠬᠦᠰᠡᠯ ᠲᠠᠯᠪᠢᠵᠤ ᠪᠠ ᠶᠠᠮᠠᠷ

ᠰᠠᠨᠠᠭᠤᠯᠭ᠎ᠠ ᠳᠤᠷᠠᠳᠬᠤ ᠪᠠᠷ ᠪᠠᠶᠢᠭ᠎ᠠ ᠪᠣᠢ︖

     ᠸᠠᠩ ᠶᠢᠨ ᠪᠣᠤ᠄

     ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠨᠢ ᠬᠠᠮᠤᠭ ᠤᠨ ᠡᠴᠦᠰ ᠲᠤ ᠪᠠᠨ ᠡᠬᠢ ᠪᠠᠶᠠᠯᠢᠭ ᠢ

ᠬᠡᠲᠦᠷᠡᠲᠡᠯ᠎ᠡ ᠨᠡᠭᠡᠭᠡᠨ ᠬᠥᠭᠵᠢᠭᠦᠯᠬᠦ᠂ ᠪᠦᠳᠦᠭᠦᠯᠢᠭ ᠢᠶᠠᠷ ᠠᠰᠢᠭᠯᠠᠬᠤ᠂ ᠵᠦᠢ ᠵᠣᠬᠢᠰ ᠦᠭᠡᠢ ᠬᠡᠷᠡᠭᠯᠡᠬᠦ ᠠᠴᠠ

ᠪᠣᠯᠵᠤ ᠡᠭᠦᠰᠦᠭᠰᠡᠨ ᠶᠤᠮ᠃ ᠠᠷᠪᠢᠯᠠᠭᠰᠠᠨ ᠡᠨᠧᠷᠭᠢ ᠪᠣᠯ ᠳᠠᠷᠤᠢ ᠡᠳ᠋ ᠬᠥᠷᠥᠩᠭᠡ᠂ ᠬᠠᠰᠤᠨ ᠪᠠᠭᠠᠰᠬᠠᠭᠰᠠᠨ

ᠭᠠᠳᠠᠭᠰᠢᠯᠠᠭᠤᠯᠤᠯᠲᠠ ᠪᠣᠯ ᠳᠠᠷᠤᠢ ᠡᠬᠢ ᠪᠠᠶᠠᠯᠢᠭ ᠮᠥᠨ᠃ ᠡᠷᠬᠡᠪᠰᠢ ᠡᠬᠢ ᠪᠠᠶᠠᠯᠢᠭ ᠢ ᠨᠡᠭᠡᠭᠡᠨ ᠬᠥᠭᠵᠢᠭᠦᠯᠵᠦ

ᠠᠰᠢᠭᠯᠠᠬᠤ ᠶᠢ ᠠᠷᠪᠢᠵᠢᠭᠤᠯᠵᠤ ᠡᠷᠴᠢᠮᠵᠢᠭᠦᠯᠬᠦ ᠪᠠ ᠵᠦᠢ ᠵᠣᠬᠢᠰᠲᠠᠢ ᠬᠡᠷᠡᠭᠯᠡᠭᠡ ᠶᠢᠨ ᠠᠷᠭ᠎ᠠ ᠬᠡᠯᠪᠡᠷᠢ ᠶᠢ

ᠬᠥᠮᠥᠵᠢᠭᠦᠯᠦᠨ ᠪᠣᠶᠢᠵᠢᠭᠤᠯᠬᠤ ᠠᠴᠠ ᠭᠠᠷᠳᠠᠵᠤ᠂ ᠡᠬᠢ ᠪᠠᠶᠠᠯᠢᠭ ᠢ ᠨᠡᠭᠡᠭᠡᠨ ᠬᠥᠭᠵᠢᠭᠦᠯᠵᠦ ᠠᠰᠢᠭᠯᠠᠬᠤ᠂

ᠬᠤᠷᠣᠭᠳᠠᠭᠤᠯᠤᠨ ᠬᠡᠷᠡᠭᠯᠡᠬᠦ ᠶᠢ ᠡᠬᠢ ᠢᠷᠡᠯᠲᠡ ᠠᠴᠠ ᠨᠢ ᠵᠠᠰᠠᠵᠤ᠂ ᠨᠡᠶᠢᠭᠡᠮ ᠤᠨ ᠦᠢᠯᠡᠳᠪᠦᠷᠢᠯᠡᠯ ᠤᠨ ᠠᠷᠭ᠎ᠠ

ᠬᠡᠯᠪᠡᠷᠢ ᠪᠠ ᠠᠮᠢᠳᠤᠷᠠᠯ ᠤᠨ ᠠᠷᠭ᠎ᠠ ᠬᠡᠯᠪᠡᠷᠢ ᠶᠢ ᠦᠨᠡᠨ ᠬᠦ ᠬᠤᠪᠢᠷᠠᠭᠤᠯᠬᠤ ᠬᠡᠷᠡᠭᠲᠡᠢ᠃ ᠡᠨᠡ ᠬᠦ ᠴᠠᠭ

ᠮᠥᠴᠡ ᠳᠤ᠂ ᠪᠢ ᠥᠭᠡᠷᠡᠴᠢᠯᠡᠯᠲᠡ ᠨᠡᠭᠡᠭᠡᠯᠲᠡ ᠬᠢᠭᠰᠡᠨ ᠡᠬᠢᠨ ᠤ ᠬᠤᠭᠤᠴᠠᠭᠠᠨ ᠤ ᠴᠢᠩᠬᠤᠸᠠ ᠶᠡᠭᠡ

ᠰᠤᠷᠭᠠᠭᠤᠯᠢ ᠶᠢᠨ ᠰᠤᠷᠤᠭᠴᠢᠳ ᠤᠨ ᠭᠠᠷᠭᠠᠭᠰᠠᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠣᠳᠣ ᠠᠴᠠ

ᠡᠬᠢᠯᠡᠨ ᠬᠢᠵᠡᠭᠡᠶ᠎ᠡ ᠭᠡᠰᠡᠨ ᠬᠠᠩᠭᠢᠨᠠᠮ᠎ᠠ ᠤᠷᠢᠶᠠᠯᠠᠭ᠎ᠠ ᠶᠢ ᠰᠠᠨᠠᠵᠤ ᠣᠯᠪᠠ᠃ ᠪᠢᠳᠡ ᠳᠠᠶᠢᠴᠢᠯᠠᠨ ᠬᠥᠳᠡᠯᠦᠯᠴᠡᠵᠦ᠂

ᠵᠢᠵᠢᠭ ᠰᠠᠵᠢᠭ ᠶᠠᠪᠤᠳᠠᠯ ᠠᠴᠠ ᠭᠠᠷᠳᠠᠨ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠥᠷᠭᠡᠨ ᠣᠯᠠᠨ ᠠᠷᠠᠳ

ᠲᠦᠮᠡᠨ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡ ᠶᠢᠨ ᠵᠠᠭᠪᠤᠷ ᠢ ᠦᠢᠯᠡᠳᠦᠯᠭᠡᠵᠢᠭᠦᠯᠵᠦ᠂

ᠪᠦᠬᠦ ᠨᠡᠶᠢᠭᠡᠮ ᠢᠶᠠᠷ ᠢᠶᠠᠨ ᠡᠨᠧᠷᠭᠢ ᠶᠢ ᠠᠷᠪᠢᠯᠠᠨ᠂ ᠣᠷᠴᠢᠨ ᠲᠣᠭᠤᠷᠢᠨ ᠢ ᠬᠠᠮᠠᠭᠠᠯᠠᠬᠤ ᠰᠠᠶᠢᠨ ᠰᠠᠶᠢᠬᠠᠨ ᠠᠭᠤᠷ

ᠠᠮᠢᠰᠬᠤᠯ ᠢ ᠬᠠᠮᠲᠤ ᠪᠠᠷ ᠪᠣᠢ ᠪᠣᠯᠭᠠᠵᠤ᠂  ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢ ᠲᠦᠷᠭᠡᠳᠬᠡᠨ

ᠪᠠᠶᠢᠭᠤᠯᠬᠤ ᠳᠤ ᠪᠠᠶᠢᠪᠠᠰᠤ ᠵᠣᠬᠢᠬᠤ ᠬᠤᠪᠢ ᠨᠡᠮᠡᠷᠢ ᠪᠠᠨ  ᠦᠵᠡᠭᠦᠯᠦᠶ᠎ᠡ᠃

     ᠬᠥᠲᠥᠯᠥᠭᠴᠢ᠄

     ᠸᠠᠩ ᠡᠷᠬᠢᠯᠡᠭᠴᠢ ᠶᠢᠨ ᠲᠠᠶᠢᠯᠤᠮᠵᠢ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ

ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ᠃

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号