2018 ᠣᠨ ᠤ ᠳᠡᠭᠡᠷ᠎ᠡ ᠬᠠᠭᠠᠰ ᠵᠢᠯ ᠤᠨ ᠬᠥᠯᠥᠨ ᠪᠤᠶᠢᠷ ᠬᠤᠲᠠ ᠶᠢᠨ ᠮᠥᠩᠭᠦᠨ ᠭᠦᠢᠯᠭᠡᠭᠡᠨ ᠤ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2018/7/27
     6 ᠳ᠋ᠤᠭᠠᠷ ᠰᠠᠷ᠎ᠠ ᠶᠢᠨ ᠡᠴᠦᠰ ᠪᠣᠯᠬᠤ ᠳᠤ᠂ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠲᠤᠭ᠎ᠠ 1572.11 ᠳ᠋ᠥᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.73% ᠨᠡᠮᠡᠭᠳᠡᠪᠡ᠃ ᠡᠭᠦᠨ ᠳᠤ᠄ ᠰᠠᠭᠤᠭᠠᠯᠢ ᠠᠷᠠᠳ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ ᠨᠢ 925.75 ᠳ᠋ᠥᠩᠰᠢᠭᠤᠷ ᠲᠥᠭᠦᠷᠢᠭ ᠲᠤ ᠬᠦᠷᠴᠦ᠂ 5.4%᠎ ᠪᠠᠷ ᠨᠡᠮᠡᠭᠳᠡᠵᠡᠶ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠤᠨ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ ᠨᠢ 244.20 ᠳ᠋ᠦᠩᠰᠢᠭᠤᠷ ᠲᠥᠭᠦᠷᠢᠭ ᠲᠤ ᠬᠦᠷᠴᠦ᠂ 17.8%᠎ ᠪᠠᠷ ᠪᠠᠭᠤᠷᠠᠪᠠ︔ ᠵᠠᠰᠠᠭ ᠤᠨ ᠣᠷᠳᠣᠨ ᠤ ᠳᠡᠯᠭᠡᠷᠡᠩᠭᠦᠶ ᠤᠳᠬ᠎ᠠ ᠪᠦᠬᠦᠢ ᠬᠠᠳᠠᠭᠠᠯᠠᠮᠵᠢ ᠶᠢᠨ ᠵᠣᠭᠤᠰᠣᠨ ᠤ ᠦᠯᠡᠳᠡᠪᠦᠷᠢ ᠨᠢ 401.14 ᠳ᠋ᠦᠩᠰᠢᠭᠤᠷ ᠲᠥᠭᠦᠷᠢᠭ ᠲᠤ ᠬᠦᠷᠴᠦ᠂ 5.7%᠎ ᠪᠠᠷ ᠨᠡᠮᠡᠭᠳᠡᠪᠡ᠃ ᠪᠦᠬᠦ ᠬᠤᠳᠠ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠣᠭᠤᠰ ᠤᠨ ᠡᠯ᠎ᠡ ᠵᠦᠢᠯ ᠤᠨ ᠵᠢᠭᠡᠯᠡᠯᠭᠡ ᠶᠢᠨ ᠦᠯᠡᠳᠡᠪᠦᠷᠢ ᠲᠤᠭ᠎ᠠ 1209.65 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠨᠡᠮᠡᠭᠳᠡᠪᠡ᠃ ᠡᠭᠦᠨ ᠳᠤ᠄ ᠰᠠᠭᠤᠭᠠᠯᠢ ᠠᠷᠠᠳ ᠤᠨ ᠵᠢᠭᠡᠯᠡᠯᠭᠡ ᠶᠢᠨ ᠦᠯᠡᠳᠡᠪᠦᠷᠢ ᠨᠢ 334.62 ᠳ᠋ᠥᠩᠰᠢᠭᠤᠷ ᠲᠥᠭᠦᠷᠢᠭ ᠲᠤ ᠬᠦᠷᠴᠦ᠂ 12.1%᠎ ᠪᠠᠷ ᠨᠡᠮᠡᠭᠳᠡᠪᠡ︔ ᠮᠥᠩᠭᠦᠨ ᠭᠦᠢᠯᠭᠡᠭᠡᠨ ᠤ ᠪᠤᠰᠤ ᠠᠵᠤ ᠠᠬᠤᠶᠢᠯᠠᠯ ᠵᠢᠴᠢ ᠪᠠᠶᠢᠭᠤᠯᠭ᠎ᠠ ᠪᠦᠯᠬᠦᠮ ᠤᠨ ᠵᠢᠭᠡᠯᠡᠯᠭᠡ ᠶᠢᠨ ᠦᠯᠡᠳᠡᠪᠦᠷᠢ ᠨᠢ 874.09 ᠳ᠋ᠥᠩᠰᠢᠭᠤᠷ ᠲᠥᠭᠦᠷᠢᠭ ᠲᠤ ᠬᠦᠷᠴᠦ᠂ 6%᠎ ᠪᠠᠷ ᠨᠡᠮᠡᠭᠳᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号