ᠪᠠᠶᠢᠡᠭᠭᠤ ᠶᠢᠨ ᠳᠡᠳ᠋ ᠲᠡᠷᠢᠭᠦᠯᠡᠭᠴᠢ  ᠮᠠ ᠰᠢᠤᠸᠠᠢ ᠵᠢᠶᠦ᠋ᠨ
ᠨᠡᠶᠢᠲᠡᠯᠡᠭᠰᠡᠨ ᠴᠠᠭ᠄
2018-07-27
                      ᠪᠠᠶᠢᠡᠭᠭᠤ ᠶᠢᠨ ᠳᠡᠳ᠋ ᠲᠡᠷᠢᠭᠦᠯᠡᠭᠴᠢ   ᠮᠠ ᠰᠢᠤᠸᠠᠢ ᠵᠢᠶᠦ᠋ᠨ      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠠᠵᠢᠯ ᠢ ᠬᠠᠷᠢᠭᠤᠴᠠᠵᠤ᠂ ᠲᠡᠷᠢᠭᠦᠯᠡᠭᠴᠢ ᠶᠢ ᠬᠠᠪᠰᠤᠷᠤᠨ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋ ᠤᠨ ᠵᠠᠰᠠᠭ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠲᠤᠭ᠎ᠠ ᠪᠦᠷᠢᠳᠬᠡᠯ᠂ ᠶᠠᠳᠠᠭᠤ ᠶᠢ ᠲᠡᠳᠬᠦᠬᠦ ᠨᠡᠭᠡᠭᠡᠯᠲᠡ᠂ ᠪᠠᠶᠢᠭᠤᠯᠭ᠎ᠠ ᠶᠢᠨ ᠶᠠᠪᠤᠳᠠᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢᠨ ᠰᠤᠳᠤᠯᠭᠠᠨ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃      ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ︶᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ︵ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠮᠤ ᠪᠤᠳᠠᠭ᠎ᠠ ᠪᠠ ᠡᠳ᠋ ᠪᠣᠳᠠᠰ ᠨᠥᠭᠡᠴᠡᠯᠡᠬᠦ ᠲᠣᠪᠴᠢᠶ᠎ᠠ︶᠂ ᠡᠳ᠋ ᠤᠨ ᠵᠠᠰᠠᠭ ᠤᠨ ᠲᠢᠩᠬᠢᠮ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠂ ᠲᠡᠷᠢᠭᠦᠯᠡᠭᠴᠢ ᠶᠢ ᠬᠠᠪᠰᠤᠷᠴᠤ ᠥᠪᠡᠷᠲᠡᠭᠡᠨ ᠵᠠᠰᠠᠬᠤ ᠣᠷᠣᠨ ᠤ ᠬᠢᠨᠠᠨ ᠪᠤᠳᠤᠬᠤ ᠲᠢᠩᠬᠢᠮ ᠢ ᠬᠤᠪᠢᠳᠠᠨ ᠬᠠᠮᠢᠶᠠᠷᠤᠨ᠎ᠠ᠃      ᠬᠠᠷᠢᠯᠴᠠᠬᠤ ᠨᠢ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠡᠯ᠎ᠡ ᠠᠷᠠᠳᠴᠢᠯᠠᠭᠰᠠᠨ ᠨᠠᠮ ᠪᠦᠯᠦᠭ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ ᠮᠣᠩᠭᠤᠯ ᠤᠨ ᠭᠠᠵᠠᠷ ᠬᠥᠳᠡᠯᠦᠯᠲᠡ ᠶᠢᠨ ᠲᠣᠪᠴᠢᠶ᠎ᠠ᠂ ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ ᠲᠥᠪᠰᠢᠨ ᠢ ᠬᠢᠨᠠᠨ ᠪᠠᠶᠢᠴᠠᠭᠠᠬᠤ ᠲᠣᠪᠴᠢᠶ᠎ᠠ᠂ ᠥᠪᠥᠷ ᠮᠣᠩᠭᠤᠯ ᠤᠨ ᠨᠥᠭᠡᠴᠡ ᠡᠳ᠋ ᠪᠠᠷᠠᠭᠠᠨ ᠤ ᠬᠠᠮᠢᠶᠠᠷᠤᠯᠲᠠ ᠶᠢᠨ ᠲᠣᠪᠴᠢᠶ᠎ᠠ᠂ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠥᠪᠥᠷ ᠮᠣᠩᠭᠤᠯ ᠤᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠥᠪᠥᠷ ᠮᠣᠩᠭᠤᠯ ᠳᠤ ᠰᠠᠭᠤᠭ᠎ᠠ ᠬᠢᠨᠠᠨ ᠪᠠᠶᠢᠴᠠᠭᠠᠬᠤ ᠲᠤᠰᠬᠠᠶ ᠲᠤᠰᠢᠶᠠᠯᠲᠠᠨ ᠤ ᠬᠡᠷᠡᠭ ᠡᠷᠬᠢᠯᠡᠬᠦ ᠭᠠᠵᠠᠷ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠥᠪᠥᠷ ᠮᠣᠩᠭᠤᠯ ᠳᠠᠬᠢ ᠪᠠᠶᠢᠴᠠᠭᠠᠬᠤ ᠶᠡᠷᠦᠩᠬᠡᠢ ᠠᠩᠭᠢ᠂ ᠳᠤᠮᠳᠠᠳᠤ ᠤᠯᠤᠰ ᠤᠨ ᠨᠥᠭᠡᠴᠡ ᠠᠮᠤ ᠪᠤᠳᠠᠭ᠎ᠠ ᠶᠢᠨ ᠬᠠᠮᠢᠶᠠᠷᠤᠯᠲᠠ ᠶᠢᠨ ᠺᠣᠮᠫᠠᠨᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ᠃      ᠲᠡᠷᠢᠭᠦᠯᠡᠭᠴᠢ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ᠳᠤᠪᠴᠢ ᠲᠠᠨᠢᠯᠴᠠᠭᠤᠯᠭ᠎ᠠ᠄      ᠮᠠ ᠰᠢᠤᠸᠠᠢ ᠵᠢᠶᠦ᠋ᠨ᠂ ᠡᠷᠡᠭᠳᠠᠢ᠂ ᠳ᠋ᠦᠡᠭᠰᠢᠶᠠᠩ ᠦᠨᠳᠦᠰᠦᠲᠡᠨ᠂ 1962 ᠣᠨ ᠤ 10 ᠳ᠋ᠤᠭᠠᠷ ᠰᠠᠷ᠎ᠡ ᠳᠤ ᠲᠦᠷᠦᠪᠠ᠃ ᠭᠠᠨᠰᠤ ᠮᠤᠵᠢ ᠶᠢᠨ ᠯᠢᠨᠰᠢᠶᠠ ᠶᠢᠨ ᠬᠦᠮᠦᠨ᠂ 1986 ᠣᠨ ᠤ 11 ᠳ᠋ᠦ᠋ᠭᠡᠷ ᠰᠠᠷ᠎ᠡ ᠳᠤ ᠲᠤᠮᠳᠠᠳᠤ ᠤᠯᠤᠰ  ᠤᠨ ᠡᠪ ᠬᠠᠮᠳᠤ ᠨᠠᠮ ᠳᠤ ᠡᠯᠰᠡᠭᠳᠡᠪᠡ᠂ 1984 ᠣᠨ ᠤ 8 ᠳ᠋ᠤᠭᠠᠷ ᠰᠠᠷ᠎ᠡ ᠳᠤ ᠠᠵᠢᠯ ᠳᠤ ᠣᠷᠤᠪᠠ᠂ ᠲᠦᠪ ᠤᠨ ᠨᠠᠮ  ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠳᠠᠷ ᠲᠠᠢ᠃      ᠤᠳᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ  ᠤᠨ ᠲᠡᠳ᠋ ᠱᠦᠵᠢ ᠶᠢᠨ ᠲᠤᠰᠢᠶᠠᠯ ᠳᠤ ᠪᠤᠢ᠃      1980.09 — 1984.08 ᠪᠠᠷᠠᠭᠤᠨ ᠬᠤᠶᠢᠳᠤ ᠶᠢᠨ ᠦᠨᠳᠦᠰᠦᠳᠡᠨ ᠤ ᠲᠡᠭᠡᠳᠤ ᠰᠤᠷᠭᠠᠭᠤᠯᠢ ᠶᠢᠨ ᠬᠢᠳᠠᠳ ᠬᠡᠯᠡᠨ ᠤ ᠰᠠᠯᠪᠤᠷᠢ ᠶᠢᠨ ᠬᠢᠳᠠᠳ ᠬᠡᠯᠡ ᠤᠳᠬ᠎ᠠ ᠵᠤᠬᠢᠶᠠᠯ ᠤᠨ ᠲᠤᠰᠬᠠᠢ ᠮᠡᠷᠭᠡᠵᠢᠯ ᠳᠤ ᠰᠤᠷᠤᠯᠴᠠᠪᠠ᠃      1984.08 — 1986.12 ᠭᠠᠨᠰᠤ ᠮᠤᠵᠢ ᠶᠢᠨ ᠯᠢᠨᠰᠢᠶᠠ ᠵᠸᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠭᠠᠵᠠᠷ ᠲᠤ ᠠᠵᠢᠯᠯᠠᠵᠤ ᠪᠠᠶᠢᠪᠠ᠃      1986.12 — 1988.03 ᠭᠠᠨᠰᠤ ᠮᠤᠵᠢ ᠶᠢᠨ ᠯᠢᠨᠰᠢᠶᠠ ᠵᠸᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠰᠠᠯᠠᠭᠠᠨ ᠤ ᠲᠡᠳ᠋ ᠰᠠᠯᠠᠭᠠᠨ ᠲᠠᠷᠤᠭ᠎ᠠ ᠪᠠᠶᠢᠪᠠ᠃      1988.03 — 1989.03 ᠭᠠᠨᠰᠤ ᠮᠤᠵᠢ ᠶᠢᠨ ᠯᠢᠨᠰᠢᠶᠠ ᠵᠸᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠨᠠᠷᠢᠨ ᠪᠢᠴᠢᠭ ᠤᠨ ᠰᠠᠯᠠᠭᠠᠨ ᠤ ᠰᠠᠯᠠᠭᠠᠨ ᠲᠠᠷᠤᠭ᠎ᠠ ᠪᠠᠶᠢᠪᠠ᠃      1989.03 — 1992.07 ᠭᠠᠨᠰᠤ ᠮᠤᠵᠢ ᠶᠢᠨ ᠯᠢᠨᠰᠢᠶᠠ ᠵᠸᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠨᠠᠷᠢᠨ ᠪᠢᠴᠢᠭ ᠤᠨ ᠲᠠᠷᠤᠭ᠎ᠠ ᠪᠠᠶᠢᠪᠠ᠃      1992.07 — 1992.12 ᠭᠠᠨᠰᠤ ᠮᠤᠵᠢ ᠶᠢᠨ ᠯᠢᠨᠰᠢᠶᠠ ᠵᠸᠤ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠡᠳ᠋ ᠨᠠᠷᠢᠨ ᠪᠢᠴᠢᠭ ᠤᠨ ᠲᠠᠷᠤᠭ᠎ᠠ ᠪᠦᠭᠡᠳ ᠨᠠᠷᠢᠨ ᠪᠢᠴᠢᠭ ᠤᠨ ᠭᠠᠵᠠᠷ  ᠤᠨ ᠲᠠᠷᠤᠭ᠎ᠠ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ ᠪᠠᠶᠢᠪᠠ᠃      1992.12 — 1995.06 ᠭᠠᠨᠰᠤ ᠮᠤᠵᠢ ᠶᠢᠨ ᠭᠤᠸᠠᠩ ᠾᠧ ᠰᠢᠶᠠᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠰᠢᠶᠠᠨ ᠤ ᠲᠠᠷᠤᠭ᠎ᠠ ᠪᠠᠶᠢᠪᠠ᠃      1995.06 — 1995.10 ᠭᠠᠨᠰᠤ ᠮᠤᠵᠢ ᠶᠢᠨ ᠯᠢᠨᠰᠢᠶᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠪᠠᠶᠢᠪᠠ᠃      1995.10 — 2000.02 ᠭᠠᠨᠰᠤ ᠮᠤᠵᠢ ᠶᠢᠨ ᠯᠢᠨᠰᠢᠶᠠ ᠵᠸᠤ ᠶᠢᠨ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠯᠢᠨᠰᠢᠶᠠ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠪᠠᠶᠢᠪᠠ᠃      2000.02 — 2002.09 ᠭᠠᠨᠰᠤ ᠮᠤᠵᠢ ᠶᠢᠨ ᠫᠢᠩᠯᠢᠶᠠᠩ ᠲᠤᠰᠬᠠᠢ ᠤᠷᠤᠨ ᠤ ᠨᠠᠮ ᠤᠨ ᠬᠤᠷᠢᠶ᠎ᠠ ᠶᠢᠨ ᠲᠠᠳ᠋ ᠱᠦᠵᠢ ᠪᠠᠶᠢᠪᠠ᠃ ︵ᠡᠨᠡ ᠬᠤᠭᠤᠴᠠᠭᠠᠨ ᠳᠤ᠄ 2001.03 — 2002.01 ᠲᠦᠪ ᠤᠨ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷ ᠤᠨ ᠪᠤᠯᠪᠠᠰᠤᠷᠠᠯ ᠤᠨ ᠠᠩᠭᠢ ᠳᠤ ᠰᠤᠷᠤᠯᠴᠠᠪᠠ︶      2002.09 — 2004.07 ᠭᠠᠨᠰᠤ ᠮᠤᠵᠢ ᠶᠢᠨ ᠫᠢᠡᠭᠯᠢᠶᠠᠩ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ ᠪᠠᠶᠢᠪᠠ᠃ ︵2002.01 — 2004.01 ᠲᠦᠪ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠲᠡᠭᠡᠳᠤ ᠰᠤᠷᠭᠠᠭᠤᠯᠢ ᠳᠤ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢᠶᠠᠷ ᠠᠵᠢᠯ ᠤᠨ ᠪᠠᠶᠢᠷᠢ ᠳᠡᠬᠡᠷ᠎ᠡ ᠪᠠᠨ ᠠᠰᠫᠢᠷᠠᠨᠲ ᠢᠶᠠᠷ ᠰᠤᠷᠤᠯᠴᠠᠪᠠ︶      2004.07 — 2004.12 ᠭᠠᠨᠰᠤ ᠮᠤᠵᠢ ᠶᠢᠨ ᠫᠢᠡᠭᠯᠢᠶᠠᠩ ᠬᠤᠳᠠ ᠶᠢᠨ ᠨᠠᠮ ᠤᠨ ᠬᠤᠷᠢᠶ᠎ᠠ ᠶᠢᠨ ᠲᠡᠳ᠋ ᠱᠦᠵᠢ᠂ ᠤᠷᠤᠯᠠᠬᠴᠢ ᠬᠤᠳᠠ ᠶᠢᠨ ᠲᠠᠷᠤᠭ᠎ᠠ ᠪᠠᠶᠢᠪᠠ᠃      2004.12 — 2006.11 ᠭᠠᠨᠰᠤ ᠮᠤᠵᠢ ᠶᠢᠨ ᠫᠢᠡᠭᠯᠢᠶᠠᠩ ᠬᠤᠳᠠ ᠶᠢᠨ ᠨᠠᠮ ᠤᠨ ᠬᠤᠷᠢᠶ᠎ᠠ ᠶᠢᠨ ᠲᠠᠳ᠋ ᠱᠦᠵᠢ᠂ ᠬᠤᠳᠠ ᠶᠢᠨ ᠲᠠᠷᠤᠭ᠎ᠠ ᠪᠠᠶᠢᠪᠠ᠃      2006.11 — 2007.01 ᠭᠠᠨᠰᠤ ᠮᠤᠵᠢ ᠶᠢᠨ ᠫᠢᠡᠭᠯᠢᠶᠠᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠠᠶᠢᠪᠠ᠃      2007.01 — 2008.08 ᠭᠠᠨᠰᠤ ᠮᠤᠵᠢ ᠶᠢᠨ ᠫᠢᠡᠭᠯᠢᠶᠠᠩ ᠬᠤᠳᠠ ᠶᠢᠨ ᠨᠠᠮ ᠤᠨ ᠬᠤᠷᠢᠶ᠎ᠠ ᠶᠢᠨ ᠱᠦᠵᠢ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠡᠷᠬᠢᠯᠡᠭᠴᠢ ᠪᠠᠶᠢᠪᠠ᠃      2008.08 — 2013.07 ᠲᠦᠪ ᠤᠨ ᠵᠤᠬᠢᠶᠠᠨ ᠪᠠᠶᠢᠭᠤᠯᠬᠤ ᠭᠡᠯᠳᠡᠰ ᠤᠨ ᠺᠡᠳ᠋ᠷ ᠤᠨ ᠬᠤᠶᠠᠳᠤᠭᠠᠷ ᠲᠤᠪᠴᠢᠶ᠎ᠡ ᠶᠢᠨ ᠲᠤᠭᠤᠷᠢᠨ ᠪᠠᠶᠢᠴᠠᠭᠠᠬᠴᠢ᠂ ᠲᠡᠳ᠋ ᠲᠤᠪᠴᠢᠶᠠᠨ ᠲᠠᠷᠤᠭ᠎ᠠ ᠪᠠᠶᠢᠪᠠ᠃      2013.07 — 2015.04 ᠰᠢᠨᠵᠢᠶᠠᠩ ᠤᠨ ᠤᠶᠢᠭᠤᠷ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠪᠠᠶᠢᠪᠠ᠃      2015.04 — 2018.07 ᠰᠢᠨᠵᠢᠶᠠᠩ ᠤᠨ ᠤᠶᠢᠭᠤᠷ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠵᠤᠬᠢᠶᠠᠨ ᠪᠠᠶᠢᠭᠤᠯᠬᠤ ᠭᠡᠯᠳᠡᠰ ᠤᠨ ᠲᠠᠷᠤᠭ᠎ᠠ ᠪᠠᠶᠢᠪᠠ᠃      2018.07 — ᠤᠳᠤ ᠪᠤᠯᠳᠠᠯ᠎ᠠ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠭᠦᠯᠡᠭᠴᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠲᠡᠳ᠋ ᠱᠦᠵᠢ ᠶᠢᠨ ᠲᠤᠰᠢᠶᠠᠯ ᠳᠤ ᠪᠣᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号