| 7 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠡᠷᠬᠢᠯᠡᠭᠴᠢ ᠯᠢ ᠵᠢᠢ ᠾᠧᠩ ᠬᠦᠬᠡᠬᠤᠳᠠ ᠳᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ ᠬᠤᠷᠢᠶᠠᠨ ᠲᠠᠷᠤᠭ᠎ᠠ᠂ ᠶᠢᠰᠦ ᠭᠤᠷᠪᠠ ᠡᠷᠳᠡᠮ ᠰᠢᠨᠵᠢᠯᠡᠭᠡᠨ ᠤ | ᠨᠡᠶᠢᠭᠡᠮᠯᠢᠭ ᠤᠨ ᠲᠦᠪ ᠬᠤᠷᠢᠶᠠᠨ ᠤ ᠲᠡᠷᠢᠭᠦᠯᠡᠭᠴᠢ᠂ ᠲᠤᠮᠳᠠᠳᠤ ᠤᠯᠤᠰ ᠤᠨ ᠰᠢᠨᠵᠢᠯᠡᠭᠦ ᠤᠬᠠᠭᠠᠨ ᠤ | ᠬᠦᠷᠢᠶᠡᠯᠡᠩ ᠤᠨ ᠠᠺᠠᠳᠧᠮᠢᠴᠢ ᠡᠦ ᠸᠧᠢ ᠬᠤᠸᠠ ᠨᠠᠷ ᠲᠠᠢ ᠪᠠᠷᠠᠳᠠᠨ ᠵᠤᠯᠭᠠᠪᠠ᠃ | ᠯᠢ ᠵᠢᠢ ᠾᠧᠩ ᠡᠩ ᠲᠠᠷᠢᠬᠦᠨ ᠳᠤ ᠡᠦ ᠸᠧᠢ ᠬᠤᠸᠠ ᠲᠡᠳ᠋ ᠬᠤᠷᠢᠶᠠᠨ ᠲᠠᠷᠤᠭ᠎ᠠ ᠶᠢᠨ ᠪᠦᠯᠬᠦᠮ | ᠲᠠᠭᠠᠭᠤᠯᠤᠨ ᠦᠪᠦᠷ ᠮᠤᠩᠭᠤᠯ ᠳᠤ ᠨᠤᠳᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠵᠤ ᠵᠠᠰᠠᠬᠰᠠᠨ ᠠᠵᠢᠯ ᠢ | ᠪᠠᠶᠢᠴᠠᠭᠠᠨ ᠰᠤᠳᠤᠯᠬᠤ ᠪᠠᠷ ᠢᠷᠡᠭᠰᠡᠨ ᠢ ᠪᠠᠶᠠᠷᠯᠠᠨ ᠤᠬᠳᠤᠵᠤ ᠪᠠᠶᠢᠬᠤ ᠪᠠᠨ ᠢᠯᠡᠳᠭᠡᠪᠡ᠃ ᠲᠡᠷᠡ᠂ ᠦᠪᠦᠷ | ᠮᠤᠩᠭᠤᠯ ᠤᠨ ᠲᠠᠯ᠎ᠠ ᠨᠤᠳᠤᠭ ᠢ ᠰᠠᠶᠢᠳᠤᠷ ᠬᠠᠮᠠᠭᠠᠯᠠᠬᠤ ᠪᠤᠯ ᠪᠢᠳᠡᠨ ᠤ ᠴᠢᠬᠤᠯᠠ ᠶᠡᠭᠡ ᠬᠠᠷᠢᠭᠤᠴᠠᠯᠭ᠎ᠠ ᠪᠤᠯᠤᠨ᠎ᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠮᠢ ᠠᠬᠤᠢ ᠶᠢᠨ ᠬᠠᠮᠠᠭᠠᠯᠠᠯᠳᠠ ᠪᠠ | ᠪᠦᠳᠦᠭᠡᠨ ᠪᠠᠶᠢᠭᠤᠯᠤᠯᠳᠠ ᠶᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ | ᠨᠠᠨᠳᠢᠨ ᠬᠦᠰᠡᠯ ᠨᠡᠶᠢᠳᠡᠯᠭ᠎ᠠ ᠶᠢ ᠪᠠᠳᠤ ᠴᠡᠭᠡᠵᠢᠯᠡᠨ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ | ᠰᠠᠨᠠᠭ᠎ᠠ ᠶᠢ ᠬᠦᠨᠵᠡᠭᠡᠢ ᠲᠤᠤᠱᠯᠠᠭᠤᠯᠵᠤ᠂ ᠰᠡᠷᠬᠦᠭᠡᠭᠦ ᠪᠠ ᠵᠠᠰᠠᠬᠤ ᠡᠯ᠎ᠠ ᠵᠦᠢᠯ ᠤᠨ ᠠᠵᠢᠯ ᠢ ᠯᠠᠪᠳᠠᠭᠤᠨ ᠪᠠᠳᠤᠳᠠᠢ | ᠰᠠᠶᠢᠳᠤᠷ ᠬᠢᠵᠤ᠂ ᠨᠤᠳᠤᠭ ᠪᠡᠯᠴᠢᠬᠡᠷ ᠤᠨ ᠠᠮᠢ ᠠᠬᠤᠢ ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ | ᠬᠡᠪᠡᠴᠤ ᠶᠡᠷᠦᠩᠬᠡᠢ ᠳᠤᠨᠢ ᠦᠵᠡᠪᠡᠯ᠂ ᠦᠪᠦᠷ ᠮᠤᠩᠭᠤᠯ ᠤᠨ ᠠᠮᠢ ᠠᠬᠤᠢ ᠤᠷᠴᠢᠨ ᠲᠤᠭᠤᠷᠢᠨ ᠮᠦᠨᠬᠦ ᠲᠦᠢᠯ ᠤᠨ | ᠬᠡᠪᠡᠷᠡᠭ ᠪᠠᠶᠢᠵᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠡᠭᠦᠷᠭᠡ ᠬᠦᠨᠳᠦ ᠵᠠᠮ ᠬᠤᠯᠠ | ᠪᠠᠶᠢᠭᠰᠠᠭᠠᠷ᠃ ᠪᠠᠶᠢᠴᠠᠭᠠᠨ ᠰᠤᠳᠤᠯᠬᠤ ᠲᠤᠭᠤᠶᠢᠢᠯᠠᠩ ᠤᠨ ᠬᠢᠨ ᠨᠠᠨᠳᠢᠨ ᠰᠠᠨᠠᠯ ᠢᠶᠠᠨ ᠢᠯᠡᠭᠦᠭᠡᠨ ᠲᠤᠷᠠᠳᠴᠤ᠂ | ᠦᠪᠦᠷ ᠮᠤᠩᠭᠤᠯ ᠤᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠭᠡᠨ ᠪᠠᠶᠢᠭᠤᠯᠤᠯᠳᠠ ᠳᠤ | ᠤᠨᠤᠰᠢᠯᠠᠨ ᠡᠮᠨᠡᠭᠦ ᠰᠠᠶᠢᠨ ᠵᠤᠷ ᠦᠭᠭᠦ ᠶᠢ ᠬᠦᠰᠡᠵᠤ ᠪᠠᠶᠢᠨ᠎ᠠ᠂ ᠪᠢᠳᠡ ᠨᠠᠷᠢᠨ ᠬᠢᠨᠠᠮᠠᠭᠠᠢ ᠬᠦᠯᠢᠶᠡᠨ ᠠᠪᠴᠤ᠂ | ᠢᠳᠡᠪᠬᠢᠳᠡᠢ ᠨᠡᠶᠢᠳᠡᠪᠦᠷᠢᠵᠢᠭᠤᠯᠤᠨ᠂ ᠪᠠᠶᠢᠴᠠᠭᠠᠨ ᠰᠤᠳᠤᠯᠤᠬᠰᠠᠨ ᠦᠷ᠎ᠠ ᠪᠦᠳᠦᠭᠡᠯ ᠢ ᠨᠤᠳᠤᠭ ᠪᠡᠯᠴᠢᠭᠡᠷ ᠤᠨ ᠠᠮᠢ | ᠠᠬᠤᠢ ᠶᠢ ᠰᠡᠯᠪᠢᠨ ᠰᠡᠷᠭᠦᠭᠡᠭᠦ ᠪᠠ ᠵᠠᠰᠠᠬᠤ ᠠᠮᠢᠳᠤᠯᠢᠭ ᠦᠢᠯᠡᠳᠦᠯᠭᠡ ᠪᠤᠯᠭᠠᠨ ᠬᠤᠪᠢᠷᠠᠭᠤᠯᠤᠨ᠎ᠠ ᠬᠡᠵᠡᠢ᠃ | ᠡᠦ ᠸᠧᠢ ᠬᠤᠸᠠ ᠦᠪᠡᠷᠳᠡᠭᠡᠨ ᠵᠠᠰᠠᠬᠤ ᠤᠷᠤᠨ ᠠᠴᠠ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠳᠠ | ᠪᠤᠯᠤᠨ ᠶᠢᠰᠦ ᠭᠤᠷᠪᠠ ᠡᠷᠳᠡᠮ ᠰᠢᠨᠵᠢᠯᠡᠭᠡᠨ ᠤ ᠨᠡᠶᠢᠭᠡᠮᠯᠢᠭ ᠤᠨ ᠦᠪᠦᠷ ᠮᠤᠩᠭᠤᠯ ᠤᠷᠤᠨ ᠤ ᠬᠤᠷᠢᠶ᠎ᠠ ᠶᠢᠨ | ᠠᠵᠢᠯ ᠢ ᠶᠡᠭᠡ ᠬᠦᠴᠦᠨ ᠢᠶᠠᠷ ᠲᠡᠮᠵᠢᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠭᠡᠭᠦ ᠶᠢᠨ ᠬᠠᠮᠳᠤ᠂ ᠮᠠᠨ ᠤ | ᠤᠷᠤᠨ ᠳᠤ ᠦᠷᠨᠢᠭᠦᠯᠦᠭᠰᠡᠨ ᠨᠤᠳᠤᠭ ᠪᠡᠯᠴᠢᠭᠡᠷ ᠢ ᠰᠡᠯᠪᠢᠨ ᠰᠡᠷᠭᠦᠭᠡᠵᠤ ᠵᠠᠰᠠᠬᠰᠠᠨ ᠠᠵᠢᠯ ᠢ ᠪᠠᠶᠢᠴᠠᠭᠠᠨ | ᠰᠤᠳᠤᠯᠤᠬᠰᠠᠨ ᠪᠠᠶᠢᠳᠠᠯ ᠢᠶᠠᠨ ᠲᠦᠭᠦᠮ ᠲᠠᠨᠢᠯᠴᠠᠭᠤᠯᠪᠠ᠃ ᠲᠡᠷᠡ᠂ ᠲᠤᠮᠳᠠᠳᠤ ᠤᠯᠤᠰ ᠤᠨ ᠡᠪ ᠬᠠᠮᠳᠤ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠠᠴᠠ ︽ᠨᠤᠳᠤᠬ ᠪᠡᠯᠴᠢᠭᠡᠷ︾ ᠢ ᠵᠢᠩᠬᠢᠨᠢ ᠪᠠᠷ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠳᠠ ᠳᠤ ᠤᠷᠤᠭᠤᠯᠵᠤ᠂ ᠨᠤᠳᠤᠭ ᠪᠡᠯᠴᠢᠭᠡᠷ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠤᠬᠠᠢ ᠴᠢᠬᠤᠯᠠᠴᠢᠯᠠᠯ ᠢ ᠰᠢᠨ᠎ᠠ ᠦᠨᠳᠦᠷᠴᠡ ᠳᠤ ᠬᠦᠷᠭᠡᠪᠡ᠃ ᠲᠠᠯ᠎ᠠ ᠨᠤᠳᠤᠬ ᠪᠤᠯ ᠦᠪᠦᠷ ᠮᠤᠩᠭᠤᠯ ᠤᠨ | ᠨᠡᠷ᠎ᠠ ᠶᠢᠨ ᠬᠠᠭᠤᠳᠠᠰᠦ ᠪᠤᠯᠤᠨ᠎ᠠ᠂ ᠦᠪᠦᠷ ᠮᠤᠩᠭᠤᠯ ᠤᠨ ᠨᠤᠳᠤᠭ ᠪᠡᠯᠴᠢᠭᠡᠷ ᠤᠨ ᠠᠮᠢ ᠠᠬᠤᠢ ᠶᠢᠨ ᠰᠢᠰᠲ᠋ᠧᠮ ᠢ | ᠰᠠᠶᠢᠳᠤᠷ ᠬᠠᠮᠠᠭᠠᠯᠠᠬᠤ ᠨᠢ ᠮᠠᠨ ᠤ ᠤᠯᠤᠰ ᠤᠨ ᠠᠮᠢ ᠠᠬᠤᠢ ᠶᠢᠨ ᠲᠤᠬᠳᠠᠭᠤᠨ᠂ ᠠᠮᠢ ᠠᠬᠤᠢ ᠶᠢᠨ ᠠᠮᠤᠷ | ᠲᠦᠪᠰᠢᠨ ᠳᠤ ᠴᠦᠮ ᠴᠢᠬᠤᠯᠠ ᠠᠴᠢ ᠬᠤᠯᠪᠤᠬᠳᠠᠯ ᠲᠠᠢ ᠶᠤᠮ᠃ ᠶᠢᠰᠦ ᠭᠤᠷᠪᠠ ᠡᠷᠳᠡᠮ ᠰᠢᠨᠵᠢᠯᠡᠭᠡᠨ ᠤ | ᠨᠡᠶᠢᠭᠡᠮᠯᠢᠭ ᠭᠤᠤᠯᠳᠠᠯᠭ᠎ᠠ ᠶᠢᠨ ᠲᠤᠭᠤᠷᠢᠨ ᠳᠤ ᠶᠡᠭᠡ ᠲᠠᠯ᠎ᠠ ᠳᠤ ᠦᠢᠯᠡᠴᠢᠯᠡᠵᠤ᠂ ᠲᠤᠰ ᠪᠡᠶ᠎ᠠ ᠶᠢᠨ | ᠲᠠᠪᠠᠭᠤᠯᠢᠭ ᠢᠶᠠᠨ ᠬᠦᠢᠴᠡᠳ ᠪᠠᠳᠠᠷᠠᠭᠤᠯᠦᠨ ᠡᠮ ᠡᠮᠨᠡᠯᠭᠡ᠂ ᠰᠢᠨᠵᠢᠯᠡᠭᠦ ᠤᠬᠠᠭᠠᠨ ᠮᠡᠷᠭᠡᠵᠢᠯ᠂ ᠠᠮᠢ ᠠᠬᠤᠢ ᠵᠡᠷᠭᠡ | ᠲᠠᠯ᠎ᠠ ᠪᠠᠷ ᠦᠪᠦᠷ ᠮᠤᠩᠭᠤᠯ ᠳᠤ ᠲᠤᠰᠠᠳᠠᠢ ᠬᠠᠪᠰᠤᠷᠤᠯᠭ᠎ᠠ ᠦᠵᠡᠭᠦᠯᠵᠤ᠂ ᠢᠯᠠᠩᠭᠤᠶ᠎ᠠ ᠨᠤᠳᠤᠭ ᠪᠡᠯᠴᠢᠭᠡᠷ ᠤᠨ | ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠬᠢᠭᠡᠳ ᠰᠡᠯᠪᠢᠨ ᠰᠡᠷᠭᠦᠭᠡᠭᠦ ᠶᠢ ᠦᠷᠭᠦᠯᠵᠢᠯᠡᠨ ᠠᠬᠢᠭᠤᠯᠬᠤ ᠲᠠᠯ᠎ᠠ ᠪᠠᠷ | ᠦᠵᠡᠭᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠭᠦᠯᠦᠨ᠎ᠠ ᠬᠡᠪᠡ᠃ | ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠬᠡᠰᠢᠭᠦᠨ᠂ ᠲᠡᠳ᠋ ᠨᠠᠷᠢᠨ | ᠪᠢᠴᠢᠭ ᠤᠨ ᠲᠠᠷᠤᠭ᠎ᠠ᠂ ᠰᠠᠨᠠᠯ ᠲᠤᠷᠠᠳᠤᠯᠭ᠎ᠠ ᠶᠢᠨ ᠵᠦᠪᠯᠡᠯ ᠤᠨ ᠲᠡᠳ᠋ ᠡᠷᠬᠢᠯᠡᠭᠴᠢ᠂ ᠶᠢᠰᠦ ᠭᠤᠷᠪᠠ ᠡᠷᠳᠡᠮ | ᠰᠢᠨᠵᠢᠯᠡᠭᠡᠨ ᠤ ᠨᠡᠶᠢᠭᠡᠮᠯᠢᠭ ᠤᠨ ᠲᠦᠪ ᠬᠤᠷᠢᠶ᠎ᠠ ᠶᠢᠨ ᠲᠡᠳ᠋ ᠲᠡᠷᠢᠭᠦᠯᠡᠭᠴᠢ ᠯᠠᠢ ᠮᠢᠩ᠂ ᠦᠪᠡᠷᠳᠡᠭᠡᠨ ᠵᠠᠰᠠᠬᠤ | ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠯᠦᠸᠧ ᠶᠦᠩ ᠭᠠᠩ᠂ ᠯᠢᠶᠠᠨ ᠰᠦ᠋᠂ ᠯᠢᠦ ᠰᠢᠨ ᠯᠧ ᠪᠠᠷᠠᠳᠠᠨ | ᠵᠤᠯᠭᠠᠬᠤ ᠳᠤ ᠤᠷᠤᠯᠴᠠᠵᠠᠢ᠃ | |