ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠢᠢᠯᠠᠩ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠬᠤᠷᠢᠨ ᠵᠢᠷᠭᠤᠳᠤᠭᠠᠷ ᠪᠦᠯᠦᠭ ᠎ ᠤᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠭᠰᠡᠨ ᠬᠡᠷᠡᠭ ᠢ ᠳᠤᠰᠢᠶᠠᠨ ᠦᠭᠴᠤ ᠬᠦᠢᠴᠡᠳᠬᠡᠬᠦᠯᠬᠦ ᠪᠠᠷ ᠪᠤᠯᠪᠠ
ᠨᠡᠶᠢᠲᠡᠯᠡᠭᠰᠡᠨ ᠴᠠᠭ᠄
2018/7/3
     7 ᠳ᠋ᠤᠭᠠᠷ ᠰᠠᠷ᠎ᠠ ᠶᠢᠨ 2᠎ ᠤᠨ ᠡᠳᠦᠷ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠳᠤᠭᠤᠢᠢᠯᠠᠩ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠬᠤᠷᠢᠨ ᠵᠢᠷᠭᠤᠳᠤᠭᠠᠷ ᠪᠦᠯᠦᠭ ᠤᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ ᠢᠯᠡᠴᠢᠯᠡᠨ ᠮᠡᠳᠡᠭᠦᠯᠦᠭᠰᠡᠨ 81 ᠭᠡᠷᠡᠭ ︵ᠤᠳᠠᠰᠤ ᠪᠠᠷ ᠢᠯᠡᠴᠢᠯᠡᠨ ᠮᠡᠳᠡᠬᠦᠯᠦᠭᠰᠡᠨ 54 ᠭᠡᠷᠡᠭ᠂ ᠵᠠᠬᠢᠳᠠᠯ ᠢᠶᠠᠷ ᠢᠯᠡᠴᠢᠯᠡᠨ ᠮᠡᠳᠡᠬᠦᠯᠦᠭᠰᠡᠨ 27 ᠭᠡᠷᠡᠭ︶ ᠎ ᠢ ᠲᠤᠰᠢᠶᠠᠨ ᠦᠭᠴᠦ ᠬᠦᠢᠴᠡᠳᠭᠡᠬᠦᠯᠬᠦ ᠪᠠᠷ ᠪᠤᠯᠪᠠ᠃ ᠳᠠᠪᠬᠤᠴᠠᠵᠥ ᠢᠯᠡᠴᠢᠯᠠᠨ ᠮᠡᠳᠡᠬᠦᠯᠦᠭᠰᠡᠨ 1 ᠬᠡᠷᠡᠭ ᠢ ᠭᠠᠷᠭᠠᠪᠠᠯ᠂ ᠪᠤᠳᠠᠳᠠᠢ ᠢᠯᠡᠴᠢᠯᠡᠨ ᠮᠡᠳᠡᠬᠦᠯᠦᠭᠰᠡᠨ 80 ᠬᠡᠷᠡᠭ ᠪᠤᠢ᠃      ᠤᠷᠤᠨ ᠪᠦᠰᠡ ᠶᠢᠨ ᠳᠠᠷᠬᠠᠯᠳᠠ ᠪᠠᠷ ᠬᠤᠪᠢᠶᠠᠪᠠᠯ᠄ ᠬᠦᠬᠡᠬᠤᠳᠠ ᠶᠢᠨ 10 ᠭᠡᠷᠡᠭ᠂ ᠪᠤᠭᠤᠳᠤ ᠬᠤᠲᠠ ᠶᠢᠨ 4 ᠬᠡᠷᠡᠭ᠂ ᠬᠦᠯᠦᠨ ᠪᠤᠶᠢᠷ ᠬᠤᠲᠠ ᠶᠢᠨ 7 ᠬᠡᠷᠡᠭ᠂ ᠬᠢᠩᠭᠠᠨ ᠠᠶᠢᠮᠠᠭ ᠤᠨ 3 ᠬᠡᠷᠡᠭ᠂ ᠲᠦᠩᠯᠢᠶᠤᠤ ᠬᠤᠲᠠ ᠶᠢᠨ 6 ᠬᠡᠷᠡᠭ᠂ ᠤᠯᠠᠭᠠᠨᠬᠠᠳᠠ ᠬᠤᠳᠠ ᠶᠢᠨ 16 ᠭᠡᠷᠡᠭ᠂ ᠰᠢᠯᠢ ᠶᠢᠨ ᠭᠤᠤᠯ ᠠᠶᠢᠮᠠᠭ ᠤᠨ 9 ᠬᠡᠷᠡᠭ᠂ ᠤᠯᠠᠭᠠᠨᠴᠠᠪ ᠬᠤᠲᠠ ᠶᠢᠨ 6 ᠬᠡᠷᠡᠭ᠂ ᠤᠷᠳᠤᠰ ᠬᠤᠲᠠ ᠶᠢᠨ 12 ᠬᠡᠷᠡᠭ᠂ ᠪᠠᠶᠠᠨᠨᠠᠭᠤᠷ ᠬᠤᠲᠠ ᠶᠢᠨ 4 ᠭᠡᠷᠡᠭ᠂ ᠦᠬᠠᠢ ᠬᠤᠳᠠ ᠶᠢᠨ 2 ᠭᠡᠷᠡᠭ᠂ ᠠᠯᠠᠱᠠ ᠠᠶᠢᠮᠠᠭ ᠤᠨ 2 ᠬᠡᠷᠡᠭ ᠪᠠᠶᠢᠨ᠎ᠠ᠃ ᠪᠤᠬᠢᠷᠳᠤᠯ ᠤᠨ ᠲᠦᠷᠦᠯ ᠢᠶᠠᠷ ᠵᠠᠳᠠᠯᠪᠠᠯ ︵ᠭᠡᠰᠡᠭ ᠢᠯᠡᠴᠢᠯᠡᠨ ᠮᠡᠳᠡᠬᠦᠯᠦᠯᠳᠠ ᠨᠢ ᠤᠯᠠᠨ ᠲᠦᠷᠦᠯ ᠤᠨ ᠪᠤᠬᠢᠷᠳᠤᠯ ᠳᠤ ᠬᠤᠯᠪᠤᠭᠳᠠᠪᠠ︶᠄ ᠠᠭᠠᠷ ᠮᠠᠨᠳᠠᠯ ᠤᠨ ᠪᠤᠬᠢᠷᠳᠤᠯ ᠤᠨ 31 ᠭᠡᠷᠡᠭ᠂ ᠤᠰᠤᠨ ᠤ ᠪᠤᠬᠢᠷᠳᠤᠯ ᠤᠨ 15 ᠭᠡᠷᠡᠭ᠂ ᠱᠤᠤᠬᠢᠶ᠎ᠠ ᠳᠠᠭᠤ ᠶᠢᠨ ᠪᠤᠬᠢᠷᠳᠤᠯ ᠤᠨ 15 ᠭᠡᠷᠡᠭ᠂ ᠬᠦᠷᠦᠰᠦ ᠰᠢᠷᠤᠢ ᠶᠢᠨ ᠪᠤᠬᠢᠷᠳᠤᠯ ᠤᠨ 11 ᠭᠡᠷᠡᠭ᠂ ᠠᠮᠢ ᠠᠬᠤᠢ ᠶᠢ ᠡᠪᠳᠡᠭᠰᠡᠨ 38 ᠭᠡᠷᠡᠭ᠂ ᠪᠤᠰᠤᠳ ᠪᠤᠬᠢᠷᠳᠤᠯ ᠤᠨ 10 ᠭᠡᠷᠡᠭ ᠪᠤᠢ᠃       ᠲᠤᠬᠢᠷᠠᠭᠤᠯᠭ᠎ᠠ ᠶᠢ ᠦᠨᠳᠦᠰᠦᠯᠡᠪᠡᠯ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠰᠢᠮᠳᠠᠭᠤᠯᠤᠨ ᠪᠠᠶᠢᠴᠠᠭᠠᠵᠤ ᠰᠠᠭᠤᠬᠤ ᠴᠠᠬ ᠬᠤᠭᠤᠴᠠᠭ᠎ᠠ ᠪᠤᠯ ᠨᠢᠭᠡ ᠰᠠᠷ᠎ᠠ ᠪᠤᠯᠤᠨ᠎ᠠ᠃ ᠰᠠᠭᠤᠬᠤ ᠬᠤᠭᠤᠴᠠᠭᠠᠨ ︵2018 ᠤᠨ ᠤ 6 ᠳ᠋ᠤᠭᠠᠷ ᠰᠠᠷ᠎ᠠ ᠶᠢᠨ 6᠎ ᠤ ᠡᠳᠦᠷ — 7 ᠳ᠋ᠤᠭᠠᠷ ᠰᠠᠷ᠎ᠠ ᠶᠢᠨ 6᠎ ᠤ ᠡᠳᠦᠷ︶᠎ ᠳᠤ᠂ ᠲᠤᠰᠬᠠᠢ ᠵᠢᠵᠢᠭᠦᠷᠯᠡᠬᠦ ᠤᠳᠠᠰᠤ ᠭᠠᠷᠭᠠᠪᠠ᠄ ᠲᠤᠬᠠᠢᠢᠯᠠᠪᠠᠯ 0471 — 6960015︔ ᠲᠤᠰᠬᠠᠢ ᠰᠢᠤᠳᠠᠨ ᠤ ᠵᠠᠬᠢᠳᠠᠯ ᠤᠨ ᠬᠠᠶᠢᠷᠴᠠᠬ ᠭᠠᠷᠭᠠᠪᠠ᠄ ᠲᠤᠬᠠᠢᠢᠯᠠᠪᠠᠯ ᠦᠪᠦᠷ ᠮᠤᠩᠭᠤᠯ ᠤᠨ ᠬᠦᠬᠡᠬᠤᠳᠠ ᠶᠢᠨ 2588 ᠨᠤᠮᠧᠷᠳᠤ ᠰᠢᠤᠳᠠᠨ ᠤ ᠵᠠᠬᠢᠳᠠᠯ ᠤᠨ ᠬᠠᠶᠢᠷᠴᠠᠬ ᠪᠤᠯᠤᠨ᠎ᠠ᠃ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠢᠯᠡᠴᠢᠯᠡᠨ ᠮᠡᠳᠡᠭᠦᠯᠤᠯᠳᠡ ᠶᠢ ᠬᠦᠯᠢᠶᠡᠨ ᠠᠪᠬᠤ ᠴᠠᠬ ᠪᠤᠯ ᠡᠳᠦᠷ ᠪᠦᠷᠢ ᠶᠢᠨ 8᠄ 00 — 20᠄ 00 ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠱᠠᠭᠠᠷᠳᠠᠯᠭ᠎ᠠ ᠪᠤᠯᠤᠨ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠡᠭᠦᠷᠭᠡ ᠬᠠᠷᠢᠭᠤᠴᠠᠯᠭ᠎ᠠ ᠶᠢ ᠦᠨᠳᠦᠰᠦᠯᠡᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠲᠤᠭᠤᠢᠢᠯᠠᠩ ᠤᠨ ᠬᠢᠨ ᠭᠤᠤᠯᠳᠠᠭᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠠᠯ᠎ᠠ ᠪᠠᠷ ᠬᠢ ᠵᠠᠬᠢᠳᠠᠯ ᠪᠠ ᠤᠳᠠᠰᠤ ᠶᠢᠨ ᠢᠯᠡᠴᠢᠯᠡᠨ ᠮᠡᠳᠡᠭᠦᠯᠤᠯᠳᠡ ᠶᠢ ᠬᠦᠯᠢᠶᠡᠨ ᠠᠪᠤᠨ᠎ᠠ᠃ ᠬᠦᠯᠢᠶᠡᠨ ᠠᠪᠬᠤ ᠬᠡᠪᠴᠢᠶᠡᠨ ᠳᠤ ᠦᠯᠦ ᠪᠠᠭᠳᠠᠬᠤ ᠪᠤᠰᠤᠳ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠤᠬᠳᠠᠭᠠᠯ ᠶᠤᠰᠤᠭᠠᠷ ᠰᠢᠮᠳᠠᠭᠤᠯᠤᠨ ᠪᠠᠶᠢᠴᠠᠭᠠᠬᠳᠠᠵᠤ ᠪᠠᠶᠢᠭ᠎ᠠ ᠭᠠᠵᠠᠷ ᠤᠷᠤᠨ᠂ ᠨᠢᠭᠡᠴᠡ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠲᠣᠰᠢᠶᠠᠨ ᠥᠭᠴᠦ ᠬᠦᠢᠴᠡᠳᠭᠡᠬᠦᠯᠬᠦ ᠪᠤᠯᠤᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号