ᠥᠪᠥᠷ ᠮᠣᠩᠭᠤᠯ ᠬᠠᠤᠯᠢ ᠲᠣᠭᠲᠠᠭᠠᠨ ᠳᠠᠭ᠎ᠠ ᠶᠢᠨ ᠨᠠᠭᠤᠷ ᠬᠢᠭᠡᠷᠢ ᠶᠢᠨ ᠨᠠᠭᠤᠷ ᠢ ᠬᠠᠮᠠᠭᠠᠯᠠᠵᠤ  ᠬᠠᠤᠯᠢ ᠵᠥᠷᠢᠴᠡᠵᠦ ᠪᠣᠬᠢᠷᠲᠤᠯ ᠭᠠᠳᠠᠭᠰᠢᠯᠠᠭᠤᠯᠪᠠᠯ ᠬᠠᠮᠤᠭ ᠶᠡᠭᠡ ᠳᠡᠭᠡᠨ 100 ᠲᠦᠮᠡ ᠲᠤᠷᠠᠭᠠᠨ᠎ᠠ
ᠨᠡᠶᠢᠲᠡᠯᠡᠭᠰᠡᠨ ᠴᠠᠭ᠄
2018/7/3
     ᠥᠪᠥᠷ ᠮᠣᠩᠭᠤᠯ ᠤᠨ ᠤᠯᠠᠭᠠᠨᠴᠠᠪ ᠬᠤᠲᠠ ᠶᠢᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠲᠠᠪᠤᠳᠤᠭᠠᠷ ᠬᠤᠷᠠᠯᠳᠤᠭᠠᠨ ᠠᠴᠠ ᠪᠠᠲᠤᠯᠠᠭᠰᠠᠨ ︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ᠂ ᠬᠢᠭᠡᠷᠢ ᠶᠢᠨ ᠨᠠᠭᠤᠷ ᠤᠨ ᠬᠠᠮᠠᠭᠠᠯᠠᠯᠲᠠ ᠶᠢᠨ ᠳᠦᠷᠢᠮ︾᠎ ᠢ ᠣᠶᠢᠷ᠎ᠠ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠶᠠᠳᠤᠭᠠᠷ ᠬᠤᠷᠠᠯᠳᠤᠭᠠᠨ ᠠᠴᠠ ᠵᠥᠪᠰᠢᠶᠡᠷᠡᠵᠦ᠂ 7 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠬᠦ ᠪᠠᠷ ᠪᠤᠯᠪᠠ᠃ ᠳᠦᠷᠢᠮ ᠤᠨ ᠬᠡᠷᠡᠭᠵᠢᠭᠦᠯᠦᠯᠲᠡ ᠨᠢ᠂ ᠬᠤᠶᠢᠰᠢᠳᠠ ᠳᠠᠭ᠎ᠠ ᠶᠢᠨ ᠨᠠᠭᠤᠷ᠂ ᠬᠢᠭᠡᠷᠢ ᠶᠢᠨ ᠨᠠᠭᠤᠷ ᠤᠨ ᠬᠠᠮᠠᠭᠠᠯᠠᠯᠲᠠ ᠶᠢᠨ ᠠᠵᠢᠯ ᠨᠢ ᠵᠢᠷᠤᠮᠵᠢᠭᠤᠯᠬᠤ ᠬᠠᠤᠯᠢ ᠲᠠᠢ ᠪᠤᠯᠵᠤ᠂ ᠡᠪᠳᠡᠬᠦ ᠵᠢᠴᠢ ᠬᠠᠮᠠᠭᠠᠯᠠᠬᠤ ᠲᠠᠯ᠎ᠠ ᠪᠠᠷ ᠬᠦᠷᠦᠯᠴᠡᠬᠦ ᠦᠭᠡᠢ ᠪᠤᠯ ᠪᠦᠷ ᠰᠢᠳᠬᠡᠨ ᠲᠤᠷᠠᠭᠠᠬᠤ ᠪᠤᠯᠭᠠᠵᠠᠢ᠃      ︽ᠤᠯᠠᠭᠠᠨᠴᠠᠪ ᠬᠤᠲᠠ ᠶᠢᠨ ᠳᠠᠭ᠎ᠠ ᠶᠢᠨ ᠨᠠᠭᠤᠷ᠂ ᠬᠢᠭᠡᠷᠢ ᠶᠢᠨ ᠨᠠᠭᠤᠷ ᠤᠨ ᠬᠠᠮᠠᠭᠠᠯᠠᠯᠲᠠ ᠶᠢᠨ ᠳᠦᠷᠢᠮ︾ ᠎ ᠨᠢ ᠬᠤᠶᠠᠷ ᠨᠠᠭᠤᠷ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠵᠤ᠂ ᠲᠠᠯᠠᠪᠠᠢ ᠪᠠᠭᠠᠰᠬᠤ ᠪᠠ ᠤᠰᠤᠨ ᠴᠣᠭᠴᠠ ᠶᠢᠨ ᠪᠤᠬᠢᠷᠳᠤᠯ ᠢ ᠰᠡᠷᠭᠡᠶᠢᠯᠡᠵᠦ᠂ ᠬᠤᠶᠠᠷ ᠨᠠᠭᠤᠷ ᠤᠨ ᠠᠮᠢ ᠠᠬᠤᠶ ᠶᠢᠨ ᠣᠷᠴᠢᠨ ᠨᠥᠬᠦᠴᠡᠯ ᠢ ᠰᠠᠶᠢᠵᠢᠷᠠᠭᠤᠯᠬᠤ ᠪᠠᠷ ᠵᠤᠷᠢᠯᠭ᠎ᠠ ᠪᠤᠯᠭᠠᠵᠠᠢ᠃ ᠳᠦᠷᠢᠮ ᠨᠢ ᠲᠦᠯᠦᠪᠵᠢᠭᠦᠯᠬᠦ ᠪᠠ ᠬᠠᠮᠠᠭᠠᠯᠠᠬᠤ᠂ ᠬᠢᠨᠠᠯᠲᠠ ᠲᠠᠯᠪᠢᠬᠤ ᠪᠠ ᠬᠠᠮᠢᠶᠠᠷᠬᠤ᠂ ᠬᠠᠤᠯᠢ ᠴᠠᠭᠠᠵᠠ ᠶᠢᠨ ᠬᠠᠷᠢᠭᠤᠴᠠᠯᠭ᠎ᠠ ᠵᠡᠷᠭᠡ ᠭᠤᠣᠯ ᠲᠠᠯ᠎ᠠ ᠪᠠᠷ ᠳᠠᠭ᠎ᠠ ᠶᠢᠨ ᠨᠠᠭᠤᠷ᠂ ᠬᠢᠭᠡᠷᠢ ᠶᠢᠨ ᠨᠠᠭᠤᠷ ᠤᠨ ᠬᠠᠮᠠᠭᠠᠯᠠᠯᠲᠠ ᠶᠢᠨ ᠠᠵᠢᠯ ᠳᠤ ᠨᠠᠷᠢᠨ ᠲᠣᠳᠣᠷᠬᠠᠶ ᠲᠣᠭᠲᠠᠭᠠᠯ ᠭᠠᠷᠭᠠᠵᠠᠢ᠃ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠠᠯ᠎ᠠ ᠪᠠᠷ᠂ ᠳᠤᠷ᠎ᠠ ᠪᠠᠷ ᠢᠶᠠᠨ ᠳᠠᠯᠲᠠ ᠬᠤᠭᠤᠯᠠᠢ ᠪᠠᠷ ᠤᠰᠤ ᠪᠣᠬᠢᠷᠲᠤᠭᠤᠯᠬᠤ ᠪᠣᠳᠠᠰ ᠭᠠᠳᠠᠭᠰᠢᠯᠠᠭᠤᠯᠪᠠᠯ ᠬᠠᠮᠤᠭ ᠤᠨ ᠶᠡᠭᠡ ᠳᠡᠭᠡᠨ 100 ᠲᠦᠮᠡᠨ ᠲᠦᠬᠦᠷᠢᠭ ᠢᠶᠠᠷ ᠲᠤᠷᠠᠭᠠᠨ᠎ᠠ︔ ᠭᠤᠤᠯᠴᠢᠯᠠᠨ ᠬᠠᠮᠢᠶᠠᠷᠬᠤ ᠬᠥᠮᠦᠰ ᠪᠠ ᠰᠢᠭᠤᠳ ᠬᠠᠷᠢᠭᠤᠴᠠᠯᠭ᠎ᠠ ᠲᠠᠢ ᠬᠦᠮᠦᠰ ᠨᠢ ᠬᠠᠮᠠᠭᠠᠯᠠᠬᠤ ᠲᠠᠯ᠎ᠠ ᠪᠠᠷ ᠳᠤᠲᠠᠮᠠᠭ ᠪᠠᠶᠢᠪᠠᠯ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠬᠢᠭᠰᠡᠨ ᠳᠤ ᠬᠦᠷᠦᠭᠰᠡᠨ ᠪᠤᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠳᠦᠷᠢᠮ ᠨᠢ ᠬᠠᠤᠯᠢ ᠴᠠᠭᠠᠵᠠ ᠶᠢᠨ ᠲᠠᠯ᠎ᠠ ᠠᠴᠠ ᠪᠠᠲᠤᠯᠠᠭ᠎ᠠ ᠶᠢᠨ ᠤᠯᠠᠭᠠᠨ ᠱᠤᠭᠤᠮ ᠢ ᠵᠠᠭᠠᠭᠯᠠᠨ ᠲᠣᠭᠲᠠᠭᠠᠭᠰᠠᠨ ᠢᠶᠠᠷ ᠬᠤᠶᠠᠷ ᠨᠠᠭᠤᠷ ᠤᠨ ᠤᠰᠤᠨ ᠤ ᠠᠮᠢ ᠠᠬᠤᠶ ᠣᠷᠴᠢᠨ ᠠᠬᠤᠶ ᠶᠢ ᠵᠠᠰᠠᠬᠤ ᠠᠵᠢᠯ ᠤᠨ ᠢᠳᠡᠪᠬᠢᠲᠡᠶ ᠦᠷ᠎ᠡ ᠪᠦᠲᠦᠮᠵᠢ ᠤᠯᠬᠤ ᠶᠢ ᠬᠦᠴᠦᠲᠡᠶ ᠲᠦᠯᠬᠢᠨ ᠠᠬᠢᠭᠤᠯᠬᠤ ᠪᠤᠯᠤᠨ᠎ᠠ᠃      ᠣᠶᠢᠷ᠎ᠠ ᠶᠢᠨ ᠵᠢᠯ ᠳᠤ ᠥᠪᠥᠷ ᠮᠣᠩᠭᠤᠯ ᠳᠠᠭ᠎ᠠ ᠶᠢᠨ ᠨᠠᠭᠤᠷ᠂ ᠬᠢᠭᠡᠷᠢ ᠶᠢᠨ ᠨᠠᠭᠤᠷ ᠤᠨ ᠤᠰᠤᠨ ᠤ ᠠᠮᠢ ᠠᠬᠤᠶ ᠶᠢᠨ ᠬᠠᠮᠠᠭᠠᠯᠠᠯᠲᠠ ᠶᠢᠨ ᠲᠥᠯᠥᠪᠵᠢᠭᠦᠯᠭᠡ ᠶᠢ ᠲᠤᠰ ᠲᠤᠰ ᠨᠠᠶᠢᠷᠠᠭᠤᠯᠤᠨ ᠵᠤᠬᠢᠶᠠᠵᠤ᠂ ᠰᠢᠰᠲ᠋ᠧᠮ ᠲᠠᠢ ᠠᠮᠢ ᠠᠬᠤᠢ ᠶᠢ ᠵᠠᠰᠠᠬᠤ ᠠᠵᠢᠯ ᠢ ᠡᠬᠢᠯᠡᠭᠦᠯᠵᠡᠢ᠃ ᠬᠢᠭᠡᠷᠢ ᠶᠢᠨ ᠨᠠᠭᠤᠷ ᠤᠨ ᠡᠷᠭᠢᠨ ᠲᠣᠭᠤᠷᠢᠨ ᠤ 1.8 ᠲᠦᠮᠡᠨ ᠮᠥ ᠲᠠᠷᠢᠶᠠᠨ ᠭᠠᠵᠠᠷ ᠲᠤ ᠲᠠᠷᠢᠶᠠᠯᠠᠬᠤ ᠶᠢ ᠵᠣᠭᠰᠣᠭᠠᠵᠤ ᠨᠤᠭᠤ ᠭᠠᠵᠠᠷ ᠪᠤᠯᠭᠠᠬᠤ ᠪᠠ ᠤᠰᠤ ᠲᠠᠢ ᠭᠠᠵᠠᠷ ᠢ ᠬᠠᠭᠤᠷᠠᠶ ᠭᠠᠵᠠᠷ ᠪᠤᠯᠭᠠᠨ ᠦᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ 122 ᠲᠡᠭᠰᠢ ᠳᠥᠷᠪᠡᠯᠵᠢᠨ ᠺᠢᠯᠣᠮᠧᠲᠷ ᠨᠤᠭᠤ ᠭᠠᠵᠠᠷ ᠢ ᠪᠢᠲᠡᠭᠦᠮᠵᠢᠯᠡᠨ ᠮᠠᠯᠵᠢᠬᠤ ᠶᠢ ᠵᠤᠭᠰᠤᠭᠠᠭᠰᠠᠨ ᠪᠠ ᠰᠡᠯᠡᠭᠦᠴᠡᠭᠦᠯᠦᠭᠰᠡᠨ ᠤ ᠬᠠᠮᠲᠤ ᠡᠷᠭᠢᠨ ᠲᠣᠭᠤᠷᠢᠨ ᠤ ᠭᠤᠤᠯ ᠤᠨ ᠵᠠᠮ ᠢ ᠯᠠᠶᠢᠳᠠᠵᠠᠢ᠃ ᠵᠠᠰᠠᠯᠲᠠ ᠪᠠᠷ ᠳᠠᠮᠵᠢᠭᠠᠳ᠂ ᠳᠠᠭ᠎ᠠ ᠶᠢᠨ ᠨᠠᠭᠤᠷ ᠤᠨ ᠠᠪᠴᠢᠬᠤ ᠬᠠᠨᠳᠤᠰᠢ ᠤᠳᠠᠭᠠᠰᠢᠷᠠᠵᠤ᠂ ᠨᠠᠭᠤᠷ ᠤᠨ ᠲᠠᠯᠠᠪᠠᠢ ᠨᠢ 2016 ᠤᠨ ᠠᠴᠠ ᠡᠮᠦᠨ᠎ᠡ ᠵᠢᠯ ᠳᠤ 3.9 ᠲᠡᠭᠰᠢ ᠳᠥᠷᠪᠡᠯᠵᠢᠨ ᠺᠢᠯᠣᠮᠧᠲᠷ ᠠᠪᠴᠢᠷᠠᠵᠤ ᠪᠠᠶᠢᠭᠰᠠᠨ ᠠᠴᠠ ᠨᠢ ᠤᠳᠤ 2 ᠲᠡᠭᠰᠢ ᠳᠥᠷᠪᠡᠯᠵᠢᠨ ᠺᠢᠯᠣᠮᠧᠲᠷ ᠬᠦᠷᠲᠡᠯ᠎ᠡ ᠪᠠᠭᠤᠷᠠᠭᠤᠯᠵᠤ᠂ ᠤᠰᠤᠨ ᠲᠦᠪᠰᠢᠨ ᠳᠣᠷᠣᠭᠰᠢᠯᠠᠬᠤ ᠬᠤᠷᠳᠤᠴᠠ ᠨᠢ 2015 ᠣᠨ ᠳᠤ 0.61 ᠮᠧᠲᠷ ᠪᠠᠶᠢᠭᠰᠠᠨ ᠠᠴᠠ ᠨᠢ ᠤᠳᠤ 0.3 ᠮᠧᠲᠷ ᠪᠤᠯᠭᠠᠨ ᠪᠠᠭᠤᠷᠠᠭᠤᠯᠵᠤ᠂ ᠬᠡᠰᠡᠭ ᠤᠰᠤᠨ ᠤ ᠴᠢᠨᠠᠷ ᠤᠨ ᠭᠤᠣᠯ ᠭᠦᠢᠴᠡᠳᠬᠡᠬᠦ ᠲᠤᠭ᠎ᠠ ᠨᠢ ᠴᠤ ᠰᠠᠶᠢᠵᠢᠷᠠᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号