ᠥᠪᠥᠷ ᠮᠣᠩᠭᠤᠯ ᠮᠠᠯᠵᠢᠬᠤ ᠣᠷᠣᠨ ᠤ ᠭᠠᠮᠰᠢᠭ ᠢ ᠰᠡᠷᠭᠡᠶᠢᠯᠡᠨ ᠪᠠᠭᠠᠰᠬᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠶᠢᠭᠤᠯᠬᠤ ᠶᠢ ᠠᠬᠢᠭᠤᠯᠵᠤ ᠪᠣᠢ
ᠨᠡᠶᠢᠲᠡᠯᠡᠭᠰᠡᠨ ᠴᠠᠭ᠄
2018/7/3
     ᠣᠳᠣᠬᠠᠨ ᠤ ᠮᠠᠯᠵᠢᠬᠤ ᠣᠷᠣᠨ ᠤ ᠭᠠᠩ ᠤᠨ ᠪᠠᠶᠢᠳᠠᠯ ᠳᠤ ᠴᠢᠭᠯᠡᠭᠦᠯᠦᠨ᠂ ᠥᠪᠡᠷᠲᠡᠭᠡᠨ ᠵᠠᠰᠠᠬᠤ ᠣᠷᠣᠨ ᠭᠠᠩ ᠲᠠᠢ ᠲᠡᠮᠡᠴᠡᠬᠦ ᠠᠵᠢᠯ ᠤᠨ ᠵᠢᠯᠣᠭᠤᠳᠬᠤ ᠡᠷᠴᠢᠮ ᠢᠶᠠᠨ ᠴᠢᠩᠭᠠᠳᠬᠠᠵᠤ᠂ ᠡᠪᠡᠰᠦ ᠪᠣᠷᠳᠣᠭᠠᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠳ ᠢ ᠬᠥᠲᠥᠯᠥᠨ ᠵᠢᠯᠣᠭᠤᠳᠴᠤ ᠪᠠᠶᠢᠭᠠᠳ ᠮᠠᠯ ᠤᠨ ᠭᠠᠷᠭᠠᠯᠲᠠ ᠶᠢ ᠨᠢ ᠲᠥᠷᠭᠡᠳᠬᠡᠬᠦ ᠶᠢᠨ ᠬᠠᠮᠲᠤ ᠮᠠᠯᠵᠢᠬᠤ ᠣᠷᠣᠨ ᠤ ᠭᠠᠮᠰᠢᠭ ᠢ ᠰᠡᠷᠭᠡᠶᠢᠯᠡᠨ ᠪᠠᠭᠠᠰᠬᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠶᠢᠭᠤᠯᠬᠤ ᠶᠢ ᠠᠬᠢᠭᠤᠯᠵᠤ ᠪᠣᠢ᠃      ᠣᠳᠣᠬᠠᠨ ᠪᠣᠯᠲᠠᠯ᠎ᠠ᠂ ᠪᠥᠬᠦ ᠣᠷᠣᠨ ᠤ ᠮᠠᠯᠵᠢᠬᠤ ᠣᠷᠣᠨ ᠤ ᠭᠠᠩᠳᠠᠭᠰᠠᠨ ᠲᠠᠯᠠᠪᠠᠶ ᠨᠢ 49950 ᠲᠦᠮᠡᠨ ᠮᠥ ᠳᠤ ᠬᠦᠷᠴᠦ᠂ ᠮᠠᠯᠵᠢᠬᠤ ᠣᠷᠣᠨ ᠤ ᠶᠡᠷᠦᠩᠬᠡᠶ ᠲᠠᠯᠠᠪᠠᠶ ᠶᠢᠨ 55.3%᠎ ᠶᠢ ᠡᠵᠡᠯᠡᠨ᠂ ᠭᠠᠮᠰᠢᠭᠳᠠᠭᠰᠠᠨ ᠬᠥᠮᠦᠨ ᠠᠮᠠ 140 ᠲᠦᠮᠨ ᠳᠤ ᠬᠦᠷᠴᠦ᠂ ᠭᠠᠩ ᠬᠠᠭᠰᠠᠷᠠᠭᠠᠨ ᠨᠡᠯᠢᠶᠡᠳ ᠬᠦᠨᠳᠦ ᠨᠣᠴᠢᠲᠠᠶ ᠬᠤᠰᠢᠭᠤ ᠰᠢᠶᠠᠨ ᠤ ᠭᠠᠮᠰᠢᠭᠳᠠᠭᠰᠠᠨ ᠮᠠᠯ ᠨᠢ 1137 ᠲᠦᠮᠨ ᠳᠤ ᠬᠦᠷᠪᠡ᠃ 5 ᠳ᠋ᠤᠭᠠᠷ ᠰᠠᠷ᠎ᠠ ᠶᠢᠨ ᠡᠴᠦᠰ ᠲᠠᠢ ᠬᠠᠷᠢᠴᠠᠭᠤᠯᠪᠠᠯ᠂ ᠮᠠᠯᠵᠢᠬᠤ ᠣᠷᠣᠨ ᠤ ᠭᠠᠩᠳᠠᠭᠰᠠᠨ ᠲᠡᠯᠡᠪᠡᠢ ᠪᠣᠯᠣᠨ ᠭᠠᠮᠰᠢᠭᠳᠠᠭᠰᠠᠨ ᠮᠠᠯ ᠤᠨ ᠲᠤᠭ᠎ᠠ ᠨᠢ ᠬᠡᠳᠦ᠋ᠢᠪᠡᠷ ᠬᠠᠰᠤᠭᠳᠠᠭᠰᠠᠨ ᠪᠣᠯᠪᠠᠴᠤ ᠳᠤᠮᠳᠠ ᠪᠠᠷᠠᠭᠤᠨ ᠬᠡᠰᠡᠭ ᠤᠨ ᠮᠠᠯᠵᠢᠬᠤ ᠣᠷᠣᠨ ᠳᠤ ᠤᠳᠤ ᠪᠣᠯᠲᠠᠯ᠎ᠠ ᠣᠯᠢᠭᠲᠠᠢ ᠪᠣᠷᠣᠭᠠᠨ ᠣᠷᠣᠭᠰᠠᠨ ᠦᠭᠡᠢ᠂ ᠭᠠᠩ ᠬᠠᠭᠰᠠᠷᠠᠭᠠᠨ ᠮᠥᠨ ᠯᠡ ᠦᠷᠭᠦᠯᠵᠢᠯᠡᠨ ᠦᠷᠪᠢᠰᠴᠦ ᠪᠣᠢ᠃ ᠮᠠᠯᠵᠢᠬᠤ ᠣᠷᠣᠨ ᠤ ᠭᠠᠮᠰᠢᠭ ᠢ ᠰᠡᠷᠭᠡᠶᠢᠯᠡᠨ ᠪᠠᠭᠠᠰᠬᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠪᠠᠶᠢᠭᠤᠯᠬᠤ ᠶᠢ ᠠᠬᠢᠭᠤᠯᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠮᠠᠯᠵᠢᠬᠤ ᠣᠷᠣᠨ ᠤ ᠡᠪᠡᠰᠦ ᠪᠣᠷᠳᠣᠭᠠᠨ ᠤ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠤ᠂ ᠡᠷᠥᠭᠡ ᠪᠦᠷᠢ ᠵᠢᠵᠢᠭ ᠬᠡᠯᠪᠡᠷᠢ ᠶᠢᠨ ᠲᠡᠵᠢᠭᠡᠯ ᠡᠪᠡᠰᠦᠨ ᠤ ᠨᠥᠭᠡᠴᠡ ᠶᠢᠨ ᠬᠥᠮᠥᠷᠭᠡ ᠪᠠᠶᠢᠭᠤᠯᠬᠤ ᠪᠠᠷ ᠭᠤᠣᠯ ᠪᠣᠯᠭᠠᠨ᠂ ᠰᠤᠮᠤ ᠭᠠᠴᠠᠭ᠎ᠠ ᠳᠤᠮᠳᠠ ᠬᠡᠯᠪᠡᠷᠢ ᠶᠢᠨ ᠨᠥᠭᠡᠴᠡ ᠶᠢᠨ ᠬᠥᠮᠥᠷᠭᠡ ᠪᠠᠶᠢᠭᠤᠯᠬᠤ ᠪᠠᠷ ᠬᠠᠪᠰᠤᠷᠤᠮᠵᠢ ᠪᠣᠯᠭᠠᠵᠤ᠂ ᠬᠤᠰᠢᠭᠤ ᠰᠢᠶᠠᠨ ᠲᠤᠮᠤ ᠬᠡᠯᠪᠡᠷᠢ ᠶᠢᠨ ᠪᠠᠴᠢᠮ ᠪᠠᠶᠢᠳᠠᠯ ᠢ ᠠᠷᠭᠠᠴᠠᠬᠤ ᠨᠥᠭᠡᠴᠡ ᠶᠢᠨ ᠬᠥᠮᠥᠷᠭᠡ ᠪᠠᠶᠢᠭᠤᠯᠬᠤ ᠪᠠᠷ ᠨᠥᠬᠦᠪᠥᠷᠢ ᠪᠣᠯᠭᠠᠬᠤ ᠡᠪᠡᠰᠦ ᠪᠣᠷᠳᠤᠭ᠎ᠠ ᠨᠦᠬᠡᠴᠡᠯᠡᠬᠦ ᠲᠣᠭᠲᠠᠴᠠ ᠪᠠᠶᠢᠭᠤᠯᠬᠤ ᠶᠢ ᠢᠳᠡᠪᠬᠢᠲᠡᠢ ᠠᠬᠢᠭᠤᠯᠵᠤ ᠪᠣᠢ︔ ᠲᠠᠷᠢᠶᠠᠯᠠᠬᠤ ᠣᠷᠣᠨ᠂ ᠬᠠᠭᠠᠰ ᠲᠠᠷᠢᠶᠠᠯᠠᠵᠤ ᠬᠠᠭᠠᠰ ᠮᠠᠯᠵᠢᠬᠤ ᠣᠷᠣᠨ ᠨᠣᠭᠤᠭᠠᠨ ᠳᠠᠷᠤᠰᠢ ᠶᠢᠨ ᠡᠷᠳᠡᠨᠢ ᠰᠢᠰᠢ᠂ ᠴᠠᠷᠭᠠᠰᠤ ᠵᠡᠷᠭᠡ ᠴᠢᠨᠠᠷ ᠰᠠᠶᠢᠲᠠᠶ ᠡᠪᠡᠰᠦ ᠪᠣᠷᠳᠤᠭ᠎ᠠ ᠲᠠᠷᠢᠬᠤ ᠶᠢ ᠶᠡᠬᠡᠪᠡᠷ ᠬᠥᠭᠵᠢᠭᠦᠯᠦᠨ᠂ ᠲᠠᠷᠢᠶᠠᠯᠠᠬᠤ ᠣᠷᠣᠨ ᠠᠴᠠ ᠨᠣᠭᠤᠭᠠᠨ ᠳᠠᠷᠤᠰᠢ ᠶᠢᠨ ᠡᠷᠳᠡᠨᠢ ᠰᠢᠰᠢ ᠶᠢ ᠰᠢᠯᠵᠢᠭᠦᠯᠦᠨ ᠵᠥᠭᠡᠭᠡᠪᠦᠷᠢᠯᠡᠬᠦ ᠪᠠ ᠡᠰᠢ ᠰᠦᠷᠡᠯ ᠢ ᠪᠣᠯᠪᠠᠰᠤᠷᠠᠭᠤᠯᠦᠨ ᠬᠤᠷᠢᠶᠠᠵᠤ ᠬᠠᠳᠠᠭᠠᠯᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠮᠠᠯᠵᠢᠬᠤ ᠣᠷᠣᠨ ᠤ ᠡᠪᠡᠰᠦ ᠪᠣᠷᠳᠤᠭ᠎ᠠ ᠶᠢᠨ ᠨᠥᠭᠡᠴᠡ ᠶᠢᠨ ᠬᠡᠮᠵᠢᠶ᠎ᠡ ᠶᠢ 3 ᠰᠠᠷ᠎ᠠ ᠨᠦᠬᠡᠴᠡᠯᠡᠵᠦ ᠪᠠᠶᠢᠭᠰᠠᠨ ᠢ ᠤᠷᠲᠤᠳᠬᠠᠭᠠᠳ 6 ᠰᠠᠷ᠎ᠠ ᠪᠣᠯᠭᠠᠵᠤ᠂ ᠭᠠᠮᠰᠢᠭ ᠪᠣᠯᠤᠨ ᠱᠠᠳᠤ ᠦᠶ᠎ᠡ ᠶᠢᠨ ᠴᠢᠨᠠᠷᠲᠠᠶ ᠪᠡᠯᠴᠢᠭᠡᠷᠯᠡᠭᠦᠯᠬᠦ ᠶᠢ ᠴᠠᠭᠠᠵᠠᠯᠠᠬᠤ ᠬᠡᠷᠡᠭᠴᠡᠭᠡ ᠳᠤ ᠵᠣᠬᠢᠴᠠᠭᠤᠯᠵᠠᠢ᠃      ᠥᠪᠡᠷᠲᠡᠭᠡᠨ ᠵᠠᠰᠠᠬᠤ ᠣᠷᠣᠨ ᠮᠠᠯᠵᠢᠬᠤ ᠣᠷᠣᠨ ᠤ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠢᠳᠡᠪᠬᠢᠲᠡᠶ ᠪᠤᠶᠢᠵᠢᠭᠤᠯᠵᠤ᠂ ᠮᠠᠯᠵᠢᠬᠤ ᠣᠷᠣᠨ ᠤ ᠠᠮᠢ ᠠᠬᠤᠶ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ᠂ ᠮᠠᠯᠴᠢᠳ ᠤᠨ ᠬᠤᠷᠰᠢᠶᠠᠵᠢᠯ ᠵᠢᠴᠢ ᠮᠠᠯᠴᠢᠨ ᠲᠠᠷᠢᠶᠠᠴᠢᠳ ᠤᠨ ᠬᠤᠷᠰᠢᠶᠠᠵᠢᠯ ᠤᠨ ᠬᠤᠯᠪᠣᠭᠠᠲᠤ ᠴᠣᠭᠴᠠ ᠶᠢ ᠶᠡᠬᠡᠪᠡᠷ ᠬᠥᠭᠵᠢᠭᠦᠯᠦᠨ᠂ ᠬᠠᠳᠤᠯᠠᠩ ᠪᠡᠯᠴᠢᠭᠡᠷ ᠤᠨ ᠬᠡᠪᠴᠢᠶᠡᠵᠢᠭᠰᠡᠨ ᠡᠵᠡᠩᠨᠡᠯᠲᠡ ᠶᠢ ᠲᠦᠷᠭᠡᠳᠬᠡᠨ ᠠᠬᠢᠭᠤᠯᠵᠤ᠂ ᠮᠠᠯᠵᠢᠬᠤ ᠣᠷᠣᠨ ᠤ ᠪᠡᠯᠴᠢᠭᠡᠷᠯᠡᠭᠦᠯᠬᠦ ᠶᠢ ᠴᠠᠭᠠᠵᠠᠯᠠᠨ ᠪᠡᠯᠴᠢᠭᠡᠷ ᠢ ᠰᠡᠷᠭᠦᠭᠡᠬᠦ ᠳᠤ ᠨᠥᠬᠦᠴᠡᠯ ᠪᠦᠷᠢᠯᠳᠦᠭᠦᠯᠦᠨ ᠥᠭᠭᠦᠭᠰᠡᠨ ᠤ ᠬᠠᠮᠲᠤ ᠭᠡᠳᠡᠷᠭᠦ ᠦᠢᠯᠡᠳᠦᠯᠴᠡᠬᠦ ᠲᠣᠭᠲᠠᠴᠠ ᠶᠢ ᠠᠰᠢᠭᠯᠠᠨ ᠠᠮᠠᠷᠬᠠᠨ ᠭᠠᠮᠰᠢᠭᠳᠠᠬᠤ ᠮᠠᠯᠵᠢᠬᠤ ᠣᠷᠣᠨ ᠳᠤ ᠮᠠᠯᠵᠢᠬᠤ ᠣᠷᠣᠨ ᠤ ᠰᠢᠨ᠎ᠡ ᠮᠠᠶ᠋ᠢᠭ ᠤᠨ ᠡᠵᠡᠩᠨᠡᠯᠲᠡ ᠶᠢᠨ ᠭᠤᠣᠯ ᠴᠣᠭᠴᠠ ᠶᠢ ᠪᠤᠶᠢᠵᠢᠭᠤᠯᠬᠤ ᠲᠤᠷᠰᠢᠯᠲᠠ ᠶᠢᠨ ᠠᠵᠢᠯ ᠥᠷᠨᠢᠭᠦᠯᠵᠡᠢ᠃ ᠮᠠᠨ ᠤ ᠣᠷᠣᠨ ᠪᠠᠰᠠ ᠦᠢᠯᠡᠳᠪᠦᠷᠢᠯᠡᠯ ᠤᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠶᠡᠬᠡᠪᠡᠷ ᠠᠬᠢᠭᠤᠯᠵᠤ᠂ ᠪᠡᠯᠴᠢᠭᠡᠷᠯᠡᠭᠦᠯᠬᠦ ᠪᠣᠷᠳᠤᠭ᠎ᠠ ᠨᠥᠬᠦᠪᠥᠷᠢᠯᠡᠬᠦ ᠶᠢ ᠢᠳᠡᠪᠬᠢᠲᠡᠶ ᠠᠬᠢᠭᠤᠯᠤᠨ᠂ ᠡᠪᠦᠯ ᠤᠨ ᠲᠥᠯ ᠲᠣᠰᠬᠤ ᠪᠠ ᠬᠠᠪᠤᠷ ᠡᠷᠲᠡ ᠶᠢᠨ ᠲᠥᠯ ᠲᠤᠰᠬᠤ ᠶᠢ ᠶᠡᠬᠡᠪᠡᠷ ᠳᠡᠯᠭᠡᠷᠡᠭᠦᠯᠵᠦ᠂ ᠦᠢᠯᠡᠳᠪᠦᠷᠢᠯᠡᠯ ᠤᠨ ᠦᠶᠡᠯᠡᠯ ᠤᠨ ᠬᠤᠭᠤᠴᠠᠭ᠎ᠠ ᠶᠢ ᠣᠬᠤᠷ ᠪᠣᠯᠭᠠᠨ᠂ ᠬᠦᠶᠲᠡᠨ ᠤᠯᠠᠷᠢᠯ ᠤᠨ ᠪᠡᠯᠴᠢᠭᠡᠮᠵᠢ ᠶᠢᠨ ᠮᠠᠯ ᠢ ᠴᠦᠬᠡᠳᠬᠡᠬᠦ ᠪᠠ ᠡᠪᠡᠰᠦ ᠪᠣᠷᠳᠣᠭᠠᠨ ᠤ ᠬᠤᠷᠣᠭᠳᠠᠯ ᠢ ᠪᠠᠭᠠᠰᠬᠠᠵᠦ᠂ ᠦᠢᠯᠡᠳᠪᠦᠷᠢᠯᠡᠯ ᠤᠨ ᠥᠪᠡᠷ ᠤᠨ ᠦᠷᠲᠡᠭ ᠢ ᠪᠠᠭᠤᠷᠠᠭᠤᠯᠤᠨ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠷᠤᠯᠲᠠ ᠶᠢ ᠬᠥᠩᠭᠡᠯᠡᠵᠡᠢ᠃ ᠡᠭᠦᠨ ᠠᠴᠠ ᠭᠠᠳᠠᠨ᠎ᠠ᠂ ᠥᠪᠡᠷᠲᠡᠭᠡᠨ ᠵᠠᠰᠠᠬᠤ ᠣᠷᠣᠨ ᠪᠠᠰᠠ ᠡᠭᠦᠯᠳᠡᠷ ᠢ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ᠂ ᠲᠠᠯ᠎ᠠ ᠨᠤᠲᠤᠭ ᠤᠨ ᠦᠬᠡᠷ ᠬᠤᠨᠢᠨ ᠤ ᠲᠦᠷᠦᠯ ᠲᠡᠮᠳᠡᠭᠲᠦ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠡᠢ᠃ ᠮᠠᠯᠵᠢᠬᠤ ᠣᠷᠣᠨ ᠤ ᠰᠠᠶᠢᠨ ᠡᠭᠦᠯᠳᠡᠷ ᠤᠨ ᠢᠨᠵᠧᠨᠧᠷᠢᠩ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠮᠠᠯᠵᠢᠬᠤ ᠣᠷᠣᠨ ᠤ ᠦᠬᠡᠷ ᠬᠤᠨᠢᠨ ᠤ ᠨᠤᠲᠤᠭ ᠤᠨ ᠡᠭᠦᠯᠳᠡᠷ ᠤᠨ ᠦᠷᠡᠵᠢᠬᠦ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠨᠡᠮᠡᠭᠳᠡᠭᠦᠯᠵᠡᠢ᠃ ᠲᠡᠷᠡᠴᠢᠯᠡᠨ ᠲᠠᠯ᠎ᠠ ᠨᠤᠲᠤᠭ ᠤᠨ ᠮᠠᠯ ᠤᠨ ᠠᠰᠢᠭ ᠰᠢᠮ᠎ᠡ ᠶᠢᠨ ︽ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ᠂ ᠪᠣᠬᠢᠷᠲᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠰᠢᠨᠵᠢ ᠲᠡᠮᠳᠡᠭ︾᠎ ᠤᠨ ᠥᠨᠡᠮᠰᠢᠯᠲᠡ ᠶᠢ ᠴᠢᠩᠭᠠᠳᠬᠠᠵᠤ᠂ ᠲᠠᠯ᠎ᠠ ᠨᠤᠲᠤᠭ ᠤᠨ ᠮᠠᠯ ᠤᠨ ᠠᠰᠢᠭ ᠰᠢᠮ᠎ᠡ ᠶᠢᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠳᠦ ᠲᠡᠮᠳᠡᠭᠲᠦ ᠶᠢᠨ ᠪᠠᠶᠢᠭᠤᠯᠤᠯᠲᠠ ᠶᠢ ᠶᠡᠭᠡ ᠪᠠᠷ ᠲᠦᠯᠬᠢᠨ ᠠᠬᠢᠭᠤᠯᠵᠤ᠂ ᠲᠠᠯ᠎ᠠ ᠨᠤᠲᠤᠭ ᠤᠨ ᠦᠬᠡᠷ ᠬᠤᠨᠢᠨ ᠤ ᠦᠷᠡᠵᠢᠬᠦ ᠦᠷ᠎ᠡ ᠠᠰᠢᠭ ᠢ ᠳᠡᠭᠡᠭᠰᠢᠯᠡᠭᠦᠯᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号