ᠤᠯᠠᠭᠠᠨᠬᠤᠲᠠ ᠵᠡᠷᠭᠡ 13 ᠬᠤᠰᠢᠭᠤ ᠰᠢᠶᠠᠨ ᠬᠤᠲᠠ ᠥᠪᠡᠷᠲᠡᠭᠡᠨ ᠵᠠᠰᠠᠬᠤ ᠣᠷᠣᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠠᠴᠠ ᠤᠬᠤᠷᠢᠨ ᠭᠠᠷᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠵᠠᠷ
ᠨᠡᠶᠢᠲᠡᠯᠡᠭᠰᠡᠨ ᠴᠠᠭ᠄
2018/7/30
     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠶᠠᠳᠠᠭᠤ ᠬᠦᠴᠢᠷᠳᠡᠯ ᠠᠴᠠ ᠤᠬᠤᠷᠢᠨ ᠭᠠᠷᠬᠤ ᠲᠣᠭᠲᠠᠴᠠ ᠪᠠᠶᠢᠭᠤᠯᠬᠤ ᠲᠤᠬᠠᠶ ᠬᠡᠷᠡᠭᠵᠢᠭᠦᠯᠬᠦ ᠰᠠᠨᠠᠯ﹀᠎ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠲᠢᠩᠬᠢᠮ ᠲᠠᠷᠬᠠᠭᠠᠭᠰᠠᠨ︹ 2016 ︺ 24 ᠳ᠋ᠤᠭᠡᠷ ᠲᠣᠭᠠᠲᠤ︶᠎ ᠤᠨ ᠵᠣᠷᠢᠭ ᠰᠠᠨᠠᠭ᠎ᠠ ᠶᠢ ᠦᠨᠳᠦᠰᠦᠯᠡᠵᠤ᠂ ᠬᠤᠰᠢᠭᠤ ᠰᠢᠶᠠᠨ ᠨᠢ ᠭᠤᠶᠤᠴᠢᠯᠠᠬᠤ᠂ ᠠᠶᠢᠮᠠᠭ ᠬᠤᠳᠠ ᠨᠢ ᠠᠩᠬ᠎ᠠ ᠬᠢᠨᠠᠬᠤ᠂ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠭᠦᠬᠦ ᠨᠡᠭᠡᠭᠡᠨ ᠬᠥᠭᠵᠢᠭᠦᠯᠬᠦ ᠠᠵᠢᠯ ᠤᠨ ᠤᠳᠤᠷᠢᠳᠬᠤ ᠳᠤᠭᠤᠶᠢᠯᠠᠩ ᠬᠢᠨᠠᠨ ᠪᠠᠶᠢᠴᠠᠭᠠᠬᠤ᠂ ᠭᠤᠷᠪᠠᠳᠠᠬᠢ ᠡᠲᠡᠭᠡᠳ ᠠᠴᠠ ᠲᠤᠰᠬᠠᠶ ᠦᠨᠡᠯᠡᠨ ᠵᠢᠱᠢᠬᠦ ᠵᠡᠷᠭᠡ ᠳᠡᠰ ᠳᠠᠷᠠᠭᠠᠯᠠᠯ ᠢᠶᠠᠷ ᠳᠠᠮᠵᠢᠭᠠᠳ᠂ ᠤᠯᠠᠭᠠᠨᠬᠤᠲᠠ ᠬᠤᠳᠠ᠂ ᠠᠪᠠᠭ᠎ᠠ ᠬᠤᠰᠢᠭᠤ᠂ ᠰᠥᠨᠢᠳ ᠵᠡᠭᠦᠨ ᠬᠤᠰᠢᠭᠤ᠂ ᠬᠥᠪᠡᠭᠡᠲᠦ ᠰᠢᠷ᠎ᠠ ᠬᠤᠰᠢᠭᠤ᠂ ᠰᠢᠯᠤᠭᠤᠨ ᠬᠦᠬᠡ ᠬᠤᠰᠢᠭᠤ᠂ ᠹᠧᠩᠵᠧᠨ ᠬᠤᠳᠠ᠂ ᠬᠠᠩᠭᠢᠨ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠦᠶᠤᠸᠠᠨ ᠰᠢᠶᠠᠨ᠂ ᠬᠠᠩᠭᠢᠨ ᠬᠤᠶᠢᠲᠤ ᠬᠤᠰᠢᠭᠤ᠂ ᠳ᠋ᠧᠩᠺᠧᠤ ᠰᠢᠶᠠᠨ᠂ ᠠᠯᠠᠱᠠ ᠵᠡᠭᠦᠨ ᠬᠤᠰᠢᠭᠤ ᠪᠣᠯᠤᠨ ᠠᠯᠠᠱᠠ ᠪᠠᠷᠠᠭᠤᠨ ᠬᠤᠰᠢᠭᠤ ᠵᠡᠷᠭᠡ 13 ᠬᠤᠰᠢᠭᠤ ᠰᠢᠶᠠᠨ ᠬᠤᠳᠠ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠠᠴᠠ ᠤᠬᠤᠷᠢᠵᠤ ᠭᠠᠷᠬᠤ ᠨᠥᠬᠦᠴᠡᠯ ᠳᠤ ᠨᠡᠶᠢᠴᠡᠵᠡᠢ᠃ ᠰᠤᠳᠤᠯᠬᠤ ᠪᠠᠷ ᠳᠠᠮᠵᠢᠭᠠᠳ᠂ ᠳᠡᠭᠡᠷ᠎ᠡ ᠳᠤᠷᠠᠳᠤᠭᠰᠠᠨ 13 ᠬᠤᠰᠢᠭᠤ ᠰᠢᠶᠠᠨ ᠤ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠬᠤᠲᠠ ᠠᠴᠠ ᠤᠬᠤᠷᠢᠵᠤ ᠭᠠᠷᠬᠤ ᠶᠢ ᠵᠥᠪᠰᠢᠶᠡᠷᠡᠪᠡ᠃ ᠡᠭᠦᠨ ᠤ ᠲᠤᠯᠠ ᠣᠨᠴᠣᠭᠤᠶᠢᠯᠠᠨ ᠵᠠᠷᠯᠠᠪᠠ᠃                    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ                                            2018 ᠤᠨ ᠤ 7 ᠳ᠋ᠤᠭᠠᠷ ᠰᠠᠷ᠎ᠠ ᠶᠢᠨ 27᠎ ᠤ ᠡᠳᠤᠷ
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号