| | | 7 ᠳ᠋ᠤᠭᠠᠷ ᠰᠠᠷ᠎ᠠ ᠶᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠮᠦᠩᠭᠦᠨ | ᠬᠦᠢᠯᠭᠡᠭᠡᠨ ᠤ ᠠᠵᠢᠯ ᠢ ᠠᠬᠢᠭᠤᠯᠤᠭᠰᠠᠨ ᠪᠠᠶᠢᠳᠠᠯ ᠤᠨ ᠲᠤᠬᠠᠢ ᠰᠤᠨᠢᠨ ᠮᠡᠳᠡᠭᠡ ᠨᠡᠶᠢᠳᠡᠯᠡᠭᠦ ᠬᠤᠷᠠᠯ ᠬᠢᠵᠤ᠂ ᠮᠠᠨ | ᠤ ᠤᠷᠤᠨ ᠤ ᠮᠦᠩᠭᠦᠨ ᠬᠦᠢᠯᠭᠡᠭᠡᠨ ᠤ ᠠᠵᠢᠯ ᠤᠨ ᠬᠠᠮᠢᠶ᠎ᠠ ᠪᠦᠬᠦᠢ ᠠᠰᠠᠭᠤᠳᠠᠯ ᠤᠨ ᠳᠤᠬᠠᠢ | ᠰᠤᠷᠪᠤᠯᠵᠢᠯᠠᠭᠴᠢ ᠶᠢᠨ ᠠᠰᠠᠭᠤᠯᠳᠠ ᠶᠢ ᠬᠠᠷᠢᠭᠤᠯᠪᠠ᠃ | | | | | ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠵᠠᠩ ᠱᠤᠤ ᠴᠦᠨ ᠰᠤᠨᠢᠨ ᠮᠡᠳᠡᠭᠡ ᠨᠡᠶᠢᠳᠡᠯᠡᠭᠦ | ᠬᠤᠷᠠᠯ ᠳᠤ ᠤᠷᠤᠯᠴᠠᠨ᠂ ᠪᠦᠬᠦ ᠤᠷᠤᠨ ᠤ ᠮᠦᠩᠭᠦᠨ ᠬᠦᠢᠯᠭᠡᠭᠡᠨ ᠤ ᠠᠵᠢᠯ ᠤᠨ ᠪᠠᠶᠢᠳᠠᠯ ᠪᠠ ᠳᠠᠷᠠᠭᠠᠴᠢ ᠶᠢᠨ | ᠭᠤᠤᠯᠳᠠᠯᠭ᠎ᠠ ᠲᠠᠢ ᠠᠵᠢᠯ ᠢ ᠳᠠᠨᠢᠯᠴᠠᠭᠤᠯᠪᠠ᠃ | ᠵᠠᠩ ᠱᠤᠤ ᠴᠦᠨ ᠵᠢᠭᠠᠭᠰᠠᠨ ᠨᠢ᠂ ᠮᠠᠨ ᠤ ᠤᠷᠤᠨ ᠮᠦᠩᠭᠦᠨ ᠬᠦᠢᠯᠭᠡᠭᠡᠨ ᠢᠶᠠᠷ ᠪᠤᠳᠠᠳᠤ ᠴᠤᠭᠴᠠ ᠶᠢᠨ | ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠳᠡᠮᠵᠢᠭᠦ ᠡᠷᠴᠢᠮ ᠢᠶᠠᠨ ᠳᠠᠰᠤᠷᠠᠯᠳᠠ ᠦᠭᠡᠢ ᠴᠢᠩᠭᠠᠤᠨᠬᠠᠵᠤ᠂ | ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠴᠦᠳᠠᠢ ᠳᠡᠮᠵᠢᠨ᠂ ᠠᠵᠤ | ᠠᠬᠤᠢᠢᠯᠠᠯ ᠤᠨ ᠰᠲ᠋ᠤᠺ ᠢᠶᠠᠨ ᠵᠠᠬ᠎ᠠ ᠲᠡᠯᠬᠡᠬᠦᠷ ᠲᠤ ᠭᠠᠷᠭᠠᠨ ᠢᠯᠡᠷᠬᠡᠶᠢᠯᠡᠯ ᠡᠯᠭᠦᠭᠦ ᠶᠢ ᠳᠤᠭᠳᠠᠭᠤᠨ ᠢᠶᠠᠷ | ᠠᠬᠢᠭᠤᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠯᠬᠤᠴᠠ ᠪᠠᠨ ᠳᠠᠰᠤᠷᠠᠯᠳᠠ ᠦᠭᠡᠢ | ᠲᠦᠷᠭᠡᠳᠭᠡᠵᠤ᠂ ᠳᠠᠭᠠᠳᠬᠠᠯ ᠤᠨ ᠪᠠᠳᠤᠯᠠᠭ᠎ᠠ ᠶᠢᠨ ᠴᠢᠳᠠᠪᠤᠷᠢ ᠶᠢ ᠦᠷᠭᠦᠯᠵᠢᠯᠡᠨ ᠲᠡᠭᠡᠭᠰᠢᠯᠡᠭᠦᠯᠪᠡ᠃ ᠰᠢᠰᠲ᠋ᠧᠮ | ᠤᠨ ᠴᠢᠨᠠᠷᠳᠠᠢ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠬᠤᠷᠢᠬᠯᠠᠬᠤ ᠬᠤᠷᠢᠭ᠎ᠠ ᠱᠤᠭᠤᠮ ᠢ ᠪᠠᠳᠤ | ᠰᠠᠬᠢᠵᠤ᠂ ᠢᠵᠢ ᠪᠦᠷᠢᠳᠦᠭᠰᠡᠨ ᠠᠵᠢᠯ ᠤᠨ ᠳᠤᠭᠳᠠᠴᠠ ᠶᠢ ᠪᠠᠶᠢᠭᠤᠯᠤᠨ ᠳᠡᠭᠦᠯᠳᠡᠷᠵᠢᠭᠦᠯᠵᠤ᠂ ᠭᠤᠤᠯᠳᠠᠯᠭ᠎ᠠ ᠲᠠᠢ | ᠬᠦᠷᠢᠶ᠎ᠠ ᠴᠠᠷᠠᠭ᠎ᠠ ᠶᠢᠨ ᠮᠦᠩᠭᠦᠨ ᠬᠦᠢᠯᠭᠡᠭᠡᠨ ᠤ ᠲᠦᠭᠰᠢᠭᠦᠷᠢ ᠶᠢ ᠢᠳᠡᠪᠬᠢᠳᠠᠢ ᠰᠡᠷᠭᠡᠶᠢᠯᠡᠵᠤ᠂ ᠮᠦᠩᠭᠦᠨ | ᠬᠦᠢᠯᠭᠡᠭᠡᠨ ᠤ ᠰᠠᠮᠠᠭᠤᠷᠠᠯ ᠤᠨ ᠪᠠᠶᠢᠳᠠᠯ ᠢ ᠶᠡᠷᠦᠩᠬᠡᠶᠢᠯᠡᠨ ᠴᠡᠭᠴᠡᠯᠡᠨ ᠵᠠᠰᠠᠪᠠ᠃ ᠮᠦᠩᠭᠦᠨ ᠬᠦᠢᠯᠭᠡᠭᠡᠨ ᠤ | ᠦᠭᠡᠷᠡᠴᠢᠯᠡᠯᠳᠡ ᠶᠢ ᠯᠠᠪᠳᠠᠭᠤᠨ ᠪᠦᠳᠦᠮᠵᠢᠳᠠᠢ ᠠᠬᠢᠭᠤᠯᠵᠤ᠂ ᠮᠦᠩᠭᠦᠨ ᠬᠦᠢᠯᠭᠡᠭᠡᠨ ᠤ ᠰᠢᠰᠲ᠋ᠧᠮ ᠢ ᠪᠠᠶᠢᠭᠤᠯᠤᠨ | ᠳᠡᠭᠦᠯᠳᠡᠷᠵᠢᠭᠦᠯᠵᠤ᠂ ᠤᠷᠤᠨ ᠨᠤᠳᠤᠭ ᠤᠨ ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ | ᠠᠬᠢᠭᠤᠯᠤᠨ᠂ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠶᠢᠨ ᠳᠤᠷᠰᠢᠯᠳᠠ ᠶᠢᠨ ᠠᠵᠢᠯ ᠢ ᠦᠷᠨᠢᠭᠦᠯᠵᠠᠢ ᠭᠡᠪᠡ᠃ | ᠵᠠᠩ ᠱᠤᠤ ᠴᠦᠨ ᠴᠢᠬᠤᠯᠠᠴᠢᠯᠠᠭᠰᠠᠨ ᠨᠢ᠂ ᠳᠠᠷᠠᠭᠠᠴᠢ ᠶᠢᠨ ᠠᠵᠢᠯ ᠳᠠᠭᠠᠨ᠂ ᠮᠦᠩᠭᠦᠨ ᠬᠦᠢᠯᠭᠡᠭᠡᠨ ᠢᠶᠠᠷ | ᠪᠤᠳᠠᠳᠤ ᠴᠤᠭᠴᠠ ᠶᠢᠨ ᠠᠵᠤ ᠠᠬᠤᠢ ᠳᠤ ᠪᠦᠬᠦ ᠬᠦᠴᠦᠨ ᠢᠶᠠᠷ ᠢᠶᠠᠨ ᠦᠢᠯᠡᠴᠢᠯᠡᠨ᠂ ᠮᠦᠩᠭᠦᠨ ᠬᠦᠢᠯᠭᠡᠭᠡᠨ ᠤ | ᠪᠠᠶᠢᠭᠤᠯᠤᠮᠵᠢ ᠶᠢᠨ ᠬᠦᠴᠦᠨ ᠢ ᠴᠢᠬᠤᠯᠠ ᠶᠡᠭᠡ ᠪᠠᠶᠢᠯᠳᠤᠬᠤ ᠪᠤᠳᠤᠯᠭ᠎ᠠ᠂ ᠰᠢᠨ᠎ᠠ ᠶᠢ ᠡᠭᠦᠳᠭᠦ ᠬᠦᠳᠡᠯᠭᠡᠭᠦ ᠬᠦᠴᠦᠨ᠂ | ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ᠂ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠳᠠᠯ᠎ᠠ ᠳᠤ | ᠲᠦᠪᠯᠡᠷᠡᠭᠦᠯᠭᠦ ᠬᠡᠷᠡᠭᠳᠠᠢ᠃ ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠵᠤ᠂ | ᠮᠦᠩᠭᠦᠨ ᠬᠦᠢᠯᠭᠡᠭᠡᠨ ᠤ ᠠᠶᠤᠯ ᠲᠦᠭᠰᠢᠭᠦᠷᠢ ᠶᠢ ᠰᠠᠷᠭᠡᠶᠢᠯᠡᠨ ᠠᠷᠢᠯᠭᠠᠬᠤ ᠬᠠᠯᠬᠠᠪᠴᠢ ᠶᠢ ᠪᠠᠶᠢᠭᠤᠯᠤᠨ᠂ ᠮᠦᠩᠭᠦᠨ | ᠬᠦᠢᠯᠭᠡᠭᠡᠨ ᠤ ᠲᠦᠭᠰᠢᠭᠦᠷᠢ ᠶᠢ ᠰᠠᠷᠭᠡᠶᠢᠯᠡᠨ ᠠᠷᠢᠯᠭᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠮᠦᠩᠭᠦᠨ ᠬᠦᠢᠯᠭᠡᠭᠡᠨ ᠤ ᠡᠯ᠎ᠠ ᠵᠦᠢᠯ ᠤᠨ ᠰᠠᠮᠠᠭᠤᠷᠠᠯ ᠤᠨ ᠦᠵᠡᠭᠳᠡᠯ ᠳᠤ ᠡᠷᠡᠰ | ᠴᠤᠬᠢᠯᠳᠠ ᠦᠭᠭᠦ ᠬᠡᠷᠡᠭᠳᠠᠢ᠃ ᠮᠦᠩᠭᠦᠨ ᠬᠦᠢᠯᠭᠡᠭᠡᠨ ᠤ ᠦᠭᠡᠷᠡᠴᠢᠯᠡᠯᠳᠡ ᠶᠢ ᠴᠢᠨᠠᠭᠰᠢᠳᠠ ᠬᠦᠨᠵᠡᠭᠡᠶᠢᠷᠡᠭᠦᠯᠵᠤ᠂ | ᠮᠦᠩᠭᠦᠨ ᠬᠦᠢᠯᠭᠡᠭᠡᠨ ᠤ ᠵᠤᠬᠢᠶᠠᠨ ᠪᠠᠶᠢᠭᠤᠯᠤᠯᠳᠠ ᠶᠢᠨ ᠰᠢᠰᠲ᠋ᠧᠮ ᠢ ᠪᠦᠷᠢᠨᠰᠢᠭᠦᠯᠦᠨ᠂ ᠤᠷᠤᠨ ᠨᠤᠳᠤᠭ ᠤᠨ | ᠮᠦᠩᠭᠦᠨ ᠬᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠯᠠᠪᠳᠠᠭᠤᠨ ᠠᠬᠢᠭᠤᠯᠵᠤ᠂ ᠮᠦᠩᠭᠦᠨ ᠬᠦᠢᠯᠭᠡᠭᠡᠨ | ᠤ ᠤᠷᠴᠢᠨ ᠳᠤᠭᠤᠷᠢᠨ ᠢ ᠬᠦᠴᠦᠯᠠᠨ ᠰᠢᠯᠢᠳᠡᠭᠵᠢᠭᠦᠯᠭᠦ ᠬᠡᠷᠡᠭᠳᠠᠢ ᠭᠡᠵᠡᠢ᠃ |