ᠥᠪᠥᠷ ᠮᠣᠩᠭᠤᠯ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠲᠥᠷᠥ ᠶᠢᠨ ᠪᠣᠳᠣᠯᠭ᠎ᠠ ᠳᠤ ᠲᠣᠬᠢᠷᠠᠭᠤᠯᠤᠯᠲᠠ ᠬᠢᠪᠡ  ᠲᠣᠭᠲᠠᠭᠠᠯ ᠠᠴᠠ ᠵᠥᠷᠢᠴᠡᠭᠰᠡᠳ ᠢ ᠢᠲᠡᠭᠡᠯ ᠠᠯᠳᠠᠭᠰᠠᠨ ᠲᠡᠮᠳᠡᠭᠯᠡᠯ ᠳᠤ ᠣᠷᠣᠭᠤᠯᠤᠨ᠎ᠠ
ᠨᠡᠶᠢᠲᠡᠯᠡᠭᠰᠡᠨ ᠴᠠᠭ᠄
2018/7/4
     ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠬᠤ ᠲᠤᠬᠠᠶᠢᠯᠠᠭᠰᠠᠨ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠶᠢᠨ ᠲᠥᠯᠥᠭᠡ᠂ ᠲᠤᠰ ᠲᠥᠪ ᠮᠥᠩᠭᠦ ᠭᠠᠷᠭᠠᠵᠤ ᠠᠪᠬᠤ ᠲᠤᠬᠠᠶᠢᠯᠠᠭᠰᠠᠨ ᠠᠵᠢᠯ ᠤᠨ ᠲᠦᠷᠦ ᠶᠢᠨ ᠪᠤᠳᠤᠯᠭ᠎ᠠ ᠳᠤ ᠬᠡᠰᠡᠭ ᠲᠠᠯ᠎ᠠ ᠪᠠᠷ ᠲᠣᠬᠢᠷᠠᠭᠤᠯᠤᠯᠲᠠ ᠬᠢᠪᠡ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠲᠣᠬᠢᠷᠠᠭᠤᠯᠤᠯᠲᠠ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠴᠤ ᠭᠡᠷ ᠤᠨ ᠲᠦᠷᠢᠶᠡᠰᠦ ᠲᠤᠰᠢᠶᠠᠬᠤ ᠶᠢ ᠡᠩ ᠲᠡᠷᠢᠭᠦᠨ ᠳᠤ ᠳᠡᠮᠵᠢᠵᠦ᠂ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠴᠤ ᠲᠤᠰᠢᠶᠠᠨ ᠬᠠᠳᠠᠭᠠᠯᠠᠭᠤᠯᠵᠤ ᠪᠠᠶᠢᠭ᠎ᠠ ᠭᠠᠵᠠᠷ ᠪᠤᠶᠤ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠲᠤ ᠡᠩ ᠤᠨ ᠣᠷᠣᠨ ᠰᠠᠭᠤᠴᠠ ᠪᠤᠶᠤ ᠰᠠᠶᠢᠵᠢᠷᠠᠭᠤᠯᠤᠯᠲᠠ ᠶᠢᠨ ᠬᠤᠶᠠᠳᠠᠭᠢ ᠭᠡᠷ ᠪᠠᠶᠢᠰᠢᠩ ᠬᠤᠳᠠᠯᠳᠤᠨ ᠠᠪᠬᠤ ᠶᠢ ᠭᠤᠣᠯᠳᠠᠯᠭ᠎ᠠ ᠲᠠᠢ ᠲᠡᠮᠵᠢᠨ᠎ᠡ᠂ ᠲᠤᠰᠢᠶᠠᠨ ᠬᠠᠳᠠᠭᠠᠯᠠᠭᠤᠯᠵᠤ ᠪᠠᠶᠢᠭ᠎ᠠ ᠭᠠᠵᠠᠷ ᠪᠠ ᠡᠷᠦᠬᠡ ᠠᠮᠠ ᠶᠢᠨ ᠳᠠᠩᠰᠠ ᠪᠠᠶᠢᠭ᠎ᠠ ᠭᠠᠵᠠᠷ ᠠᠴᠠ ᠪᠤᠰᠤᠳ ᠭᠠᠵᠠᠷ ᠲᠤ ᠭᠡᠷ ᠪᠠᠶᠢᠰᠢᠩ ᠬᠤᠳᠠᠯᠳᠤᠨ ᠠᠪᠬᠤ ᠳᠤ ᠳᠡᠮᠵᠢᠯᠭᠡ ᠦᠵᠡᠭᠦᠯᠬᠦ ᠦᠭᠡᠢ᠃ ᠡᠭᠦᠨ ᠤ ᠵᠡᠷᠭᠡᠴᠡᠭᠡ ᠪᠠᠷ᠂ ᠬᠡᠷ ᠦᠷᠦᠭᠡ ᠪᠠᠨ ᠵᠠᠰᠠᠵᠤ ᠴᠢᠮᠡᠭᠯᠡᠬᠦ᠂ ᠲᠡᠷᠭᠡᠨ ᠤ ᠬᠥᠮᠥᠷᠭᠡ᠂ ᠲᠡᠷᠭᠡᠨ ᠵᠣᠭᠰᠣᠭᠠᠯ ᠬᠤᠳᠠᠯᠳᠤᠨ ᠠᠪᠬᠤ ᠪᠠ ᠭᠡᠷ ᠪᠠᠶᠢᠰᠢᠩ ᠬᠤᠳᠠᠯᠳᠤᠨ ᠠᠪᠴᠤ ᠰᠡᠯᠪᠢᠨ ᠵᠠᠰᠠᠬᠤ ᠰᠠᠭᠤᠷᠢ ᠮᠥᠩᠭᠦ᠂ ᠭᠡᠷ᠎ᠡ ᠶᠢᠨ ᠭᠠᠶᠢᠯᠢ᠂ ᠭᠡᠷᠡᠴᠢ ᠲᠡᠮᠳᠡᠭ ᠬᠢᠵᠦ ᠥᠭᠭᠦᠭᠰᠡᠨ ᠵᠠᠷᠤᠳᠠᠯ ᠢ ᠲᠤᠰᠢᠶᠠᠬᠤ ᠳᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠴᠤ ᠬᠡᠷᠡᠭᠯᠡᠬᠦ ᠶᠢ ᠬᠦᠴᠦᠨ ᠦᠭᠡᠢ ᠪᠣᠯᠭᠠᠪᠠ᠃      ᠲᠤᠰᠢᠶᠠᠵᠤ ᠬᠠᠳᠠᠭᠠᠯᠠᠭᠤᠯᠬᠤ ᠠᠵᠢᠯᠲᠠᠨ ᠠᠵᠢᠯᠴᠢᠨ ᠠᠵᠢᠯᠯᠠᠬᠤ ᠨᠢᠭᠡᠴᠡ ᠯᠦᠭᠡ ᠬᠥᠳᠡᠯᠮᠦᠷᠢ ᠶᠢᠨ ᠬᠠᠷᠢᠴᠠᠭ᠎ᠠ ᠶᠢ ᠲᠠᠶᠢᠯᠤᠭᠰᠠᠨ ᠪᠤᠶᠤ ᠵᠣᠭᠰᠤᠭᠠᠭᠰᠠᠨ ᠪᠣᠯ᠂ ᠤᠷᠢᠳ ᠢᠶᠠᠷ ᠬᠤᠪᠢ ᠬᠥᠮᠦᠨ ᠤ ᠲᠠᠩᠰᠠᠨ ᠡᠷᠦᠭᠡ ᠶᠢ ᠪᠢᠲᠡᠭᠦᠮᠵᠢᠯᠡᠬᠦ ᠬᠡᠷᠡᠭᠲᠡᠶ᠃ ᠳᠠᠩᠰᠠᠨ ᠡᠷᠦᠬᠡ ᠶᠢ ᠪᠢᠲᠡᠭᠦᠮᠵᠢᠯᠡᠭᠰᠡᠨ ᠬᠤᠭᠤᠴᠠᠭᠠᠨ ᠳᠤ᠂ ᠣᠨᠳᠣᠣ ᠭᠠᠵᠠᠷ ᠲᠤ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦᠨ ᠤ ᠲᠠᠩᠰᠠᠨ ᠡᠷᠦᠬᠡ ᠪᠠᠶᠢᠭᠤᠯᠤᠭᠰᠠᠨ ᠪᠥᠭᠡᠳ ᠬᠠᠭᠠᠰ ᠵᠢᠯ ᠠᠴᠠ ᠳᠡᠭᠡᠭᠰᠢ ᠲᠣᠭᠲᠠᠪᠤᠷᠢᠲᠠᠢ ᠲᠤᠰᠢᠶᠠᠨ ᠬᠠᠳᠠᠭᠠᠯᠠᠭᠤᠯᠤᠭᠰᠠᠨ ᠪᠣᠯ  ᠂ ᠣᠨᠳᠣᠣ ᠭᠠᠵᠠᠷ ᠲᠤ ᠰᠢᠯᠵᠢᠭᠦᠯᠦᠨ ᠦᠷᠭᠦᠯᠵᠢᠯᠡᠭᠦᠯᠬᠦ ᠭᠠᠷᠳᠠᠮ ᠭᠦᠢᠴᠡᠳᠬᠡᠨ᠎ᠡ︔ ᠣᠨᠳᠣᠣ ᠭᠠᠵᠠᠷ ᠲᠤ ᠦᠷᠭᠦᠯᠵᠢᠯᠡᠨ ᠲᠤᠰᠢᠶᠠᠨ ᠬᠠᠳᠠᠭᠠᠯᠠᠭᠤᠯᠤᠭᠰᠠᠨ ᠦᠭᠡᠢ ᠪᠣᠯ᠂  ᠬᠠᠭᠠᠰ ᠵᠢᠯ ᠪᠢᠲᠡᠭᠦᠮᠵᠢᠯᠡᠨ ᠬᠠᠳᠠᠭᠠᠯᠠᠭᠰᠠᠨ ᠤ ᠲᠠᠷᠠᠭ᠎ᠠ ᠭᠠᠷᠭᠠᠨ ᠠᠪᠴᠤ ᠪᠣᠯᠤᠨ᠎ᠠ᠃      ᠬᠦᠨᠳᠦ ᠶᠡᠭᠡ ᠡᠪᠡᠳᠴᠢᠨ ᠡᠮᠭᠡᠭ ᠠᠴᠠ ᠪᠣᠯᠵᠤ ᠣᠷᠣᠨ ᠰᠠᠭᠤᠴᠠ ᠶᠢᠨ ᠨᠡᠶᠢᠲᠡ ᠶᠢᠨ  ᠬᠤᠷᠠᠮᠳᠤᠭᠤᠯᠭ᠎ᠠ ᠶᠢᠨ ᠮᠥᠩᠭᠦ ᠶᠢ ᠭᠠᠷᠭᠠᠨ ᠠᠪᠤᠪᠠᠯ᠂ ᠲᠤᠰ ᠲᠥᠪ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ ᠤᠯᠠᠮ ᠨᠢᠭᠡ ᠠᠯᠬᠤᠮ ᠬᠢᠨᠠᠨ ᠪᠠᠶᠢᠴᠠᠭᠠᠯᠲᠠ ᠬᠢᠭᠰᠡᠨ ᠤ ᠲᠠᠷᠠᠭ᠎ᠠ ᠰᠠᠶ᠋ᠢ ᠭᠦᠢᠴᠡᠳᠬᠡᠵᠦ ᠥᠭᠭᠦᠨ᠎ᠡ᠃ ᠲᠤᠬᠠᠶᠢᠯᠠᠭᠰᠠᠨ ᠠᠵᠢᠯ ᠢ ᠭᠠᠷᠭᠠᠨ ᠠᠪᠬᠤ ᠭᠤᠶᠤᠴᠢᠯᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠥᠭᠭᠦᠨ᠎ᠡ᠂ ᠣᠨᠴᠣᠭᠤᠢ ᠪᠠᠶᠢᠳᠠᠯ ᠲᠠᠢ ᠪᠣᠯ ᠭᠦᠢᠴᠡᠳᠬᠡᠬᠦ ᠴᠠᠭ ᠤᠨ ᠬᠢᠵᠠᠭᠠᠷ ᠢ ᠵᠣᠬᠢᠬᠤ ᠬᠡᠮᠵᠢᠶ᠎ᠡ ᠪᠠᠷ ᠤᠷᠲᠤᠳᠬᠠᠨ᠎ᠠ᠃      ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠣᠭᠲᠠᠭᠠᠯ ᠠᠴᠠ ᠵᠥᠷᠢᠴᠡᠨ ᠭᠠᠷᠭᠠᠵᠤ ᠠᠪᠤᠭᠰᠠᠨ ᠲᠤᠰᠢᠶᠠᠨ ᠬᠠᠳᠠᠭᠠᠯᠠᠭᠤᠯᠤᠭᠴᠢ ᠶᠢ ᠲᠤᠰ ᠲᠥᠪ ᠠᠴᠠ ᠲᠡᠭᠦᠨ ᠢ ᠢᠲᠡᠭᠡᠯ ᠢᠶᠠᠨ ᠠᠯᠳᠠᠭᠰᠠᠨ ᠦᠢᠯᠡ ᠠᠵᠢᠯᠯᠠᠭ᠎ᠠ ᠲᠠᠢ ᠪᠠᠷ ᠲᠡᠮᠳᠡᠭᠯᠡᠬᠦ ᠶᠢᠨ ᠬᠠᠮᠲᠤ ᠬᠤᠪᠢ ᠬᠥᠮᠦᠨ ᠤ ᠲᠠᠩᠰᠠᠨ ᠡᠷᠥᠭᠡ ᠶᠢ ᠨᠢ ᠳᠠᠭᠠᠯᠳᠤᠭᠤᠯᠤᠨ ᠬᠠᠮᠲᠤ ᠰᠢᠯᠵᠢᠭᠦᠯᠦᠨ᠎ᠡ︔ ᠨᠢᠭᠡᠨᠲᠡ ᠭᠠᠷᠭᠠᠨ ᠠᠪᠤᠭᠰᠠᠨ ᠪᠣᠯ᠂ ᠲᠡᠭᠦᠨ ᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠲᠤᠭ᠎ᠠ ᠶᠣᠰᠣᠭᠠᠷ ᠨᠢ ᠪᠤᠴᠠᠭᠠᠯᠭᠠᠵᠤ᠂ ᠵᠣᠬᠢᠬᠤ ᠬᠤᠭᠤᠴᠠᠭᠠᠨ ᠳᠣᠲᠣᠷ᠎ᠠ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠭᠠᠷᠭᠠᠨ ᠠᠪᠬᠤ ᠪᠠ ᠵᠢᠭᠡᠯᠡᠯᠭᠡ ᠠᠪᠬᠤ ᠶᠢ ᠨᠢ ᠬᠢᠵᠠᠭᠠᠷᠯᠠᠨ᠎ᠠ᠃      ᠬᠤᠭᠤᠴᠠᠭ᠎ᠠ ᠨᠢ ᠬᠡᠲᠦᠷᠡᠭᠰᠡᠨ ᠪᠠᠶᠢᠲᠠᠯ᠎ᠠ ᠮᠥᠨ ᠯᠡ ᠪᠤᠴᠠᠭᠠᠬᠤ ᠦᠭᠡᠢ ᠪᠣᠯ᠂ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠢᠯᠯᠠᠭ᠎ᠠ ᠳᠤ ᠣᠷᠣᠭᠤᠯᠬᠤ ᠮᠥᠷᠲᠡᠭᠡᠨ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠢᠲᠡᠭᠡᠯ ᠠᠯᠳᠠᠭᠰᠠᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠵᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠦᠨ᠎ᠡ᠃ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠤᠯᠤᠰ ᠤᠨ ᠦᠮᠴᠢᠯᠡᠯᠲᠦ ᠠᠵᠤ ᠠᠬᠤᠶᠢᠯᠠᠯ ᠤᠨ ᠠᠵᠢᠯᠲᠠᠨ ᠠᠵᠢᠯᠴᠢᠨ ᠣᠷᠣᠨ ᠰᠠᠭᠤᠴᠠ ᠶᠢᠨ ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠶᠢ ᠲᠣᠭᠲᠠᠭᠠᠯ ᠠᠴᠠ ᠵᠥᠷᠢᠴᠡᠨ ᠭᠠᠷᠭᠠᠵᠤ ᠠᠪᠤᠭᠰᠠᠨ ᠦᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ᠂ ᠲᠤᠰ ᠲᠥᠪ ᠠᠴᠠ ᠲᠡᠭᠦᠨ ᠤ ᠪᠠᠶᠢᠭ᠎ᠠ ᠨᠢᠭᠡᠴᠡ ᠳᠤ ᠨᠡᠶᠢᠲᠡ ᠳᠤ ᠨᠡᠪᠲᠡᠷᠡᠭᠦᠯᠦᠨ᠎ᠡ᠃      ᠣᠶᠢᠯᠠᠭᠠᠭᠰᠠᠨ ᠢᠶᠠᠷ᠂ ᠲᠤᠰ ᠲᠥᠷᠥ ᠶᠢᠨ ᠪᠣᠳᠣᠯᠭ᠎ᠠ ᠶᠢ 7 ᠳ᠋ᠤᠭᠠᠷ ᠰᠠᠷ᠎ᠠ ᠶᠢᠨ 9᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号