7 ᠳ᠋ᠤᠭᠠᠷ ᠰᠠᠷ᠎ᠠ ᠶᠢᠨ 3 ᠤ ᠡᠳᠦᠷ᠂ ᠤᠯᠤᠰ ᠤᠨ ᠠᠮᠢ ᠠᠬᠤᠢ ᠤᠷᠴᠢᠨ ᠲᠤᠭᠤᠷᠢᠨ ᠤ ᠶᠠᠮᠤᠨ ᠠᠴᠠ | ᠤᠷᠴᠢᠨ ᠲᠤᠭᠤᠷᠢᠨ ᠤ ᠵᠠᠰᠠᠭ ᠤᠨ ᠶᠠᠪᠤᠳᠠᠯ ᠤᠨ ᠬᠠᠮᠢᠶᠠᠷᠤᠯᠳᠠ ᠶᠢᠨ ᠮᠡᠳᠡᠭᠡ ᠵᠠᠩᠬᠢ ᠨᠡᠶᠢᠳᠡᠯᠡᠭᠦ ᠳᠡᠭᠡᠨ᠂ | ᠤᠯᠠᠭᠠᠨᠰᠤᠬᠠᠢ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠪᠠᠶᠢᠳᠠᠯ ᠮᠦᠨ ᠬᠦ ᠲᠠᠶᠢᠮᠦ ᠠᠨᠠᠢ᠂ ᠶᠡᠷᠦᠩᠬᠡᠶᠢᠯᠡᠨ | ᠵᠠᠰᠠᠬᠤ ᠲᠦᠯᠦᠪᠵᠢᠭᠦᠯᠭᠡ ᠨᠢ ᠴᠢᠩᠭ᠎ᠠ ᠪᠢᠰᠢ ᠪᠤᠳᠠᠳᠠᠢ ᠪᠢᠰᠢ ᠪᠠᠶᠢᠨ᠎ᠠ ᠬᠡᠵᠤ ᠵᠢᠭᠠᠵᠤ ᠭᠠᠷᠭᠠᠪᠠ᠃ ᠦᠪᠡᠷᠳᠡᠭᠡᠨ | ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠲᠠᠷᠠ ᠲᠠᠷᠤᠶᠢᠬᠠᠨ ᠡᠨᠡᠬᠦ ᠶᠠᠪᠤᠳᠠᠯ ᠳᠤ ᠴᠤᠬᠤᠯᠠᠪᠤᠷᠢ | ᠦᠭᠴᠠᠢ᠃ | ᠴᠤᠬᠤᠯᠠᠪᠤᠷᠢ ᠳᠤ ᠵᠢᠭᠠᠵᠤ ᠭᠠᠷᠭᠠᠭᠰᠠᠨ ᠨᠢ᠂ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠪᠤᠯ | ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠪᠠ ᠨᠡᠶᠢᠭᠡᠮ ᠤᠨ ᠠᠰᠠᠭᠤᠳᠠᠯ ᠪᠤᠯᠤᠨ᠎ᠠ᠃ ᠲᠦᠪ ᠤᠨ ᠤᠷᠴᠢᠨ | ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠤᠨ ᠵᠢᠭᠠᠵᠤ | ᠭᠠᠷᠭᠠᠬᠰᠠᠨ ᠤᠯᠠᠭᠠᠨᠰᠤᠬᠠᠢ ᠶᠢᠨ ᠠᠮᠢ ᠠᠬᠤᠢ ᠶᠢᠨ ᠠᠰᠠᠭᠤᠳᠠᠯ ᠤᠨ ᠦᠢᠯᠡ ᠪᠠᠶᠢᠳᠠᠯ ᠬᠦᠨᠳᠦ ᠨᠤᠴᠢᠳᠠᠢ᠂ | ᠪᠠᠶᠢᠳᠠᠯ ᠮᠦᠨ ᠬᠦ ᠠᠨᠠᠢ ᠪᠠᠶᠢᠨ᠎ᠠ᠂ ᠡᠷᠬᠡᠪᠰᠢ ᠲᠡᠭᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠦ᠂ ᠬᠦᠨᠵᠡᠭᠡᠢ | ᠰᠤᠷᠭᠠᠮᠵᠢ ᠠᠪᠴᠤ᠂ ᠵᠠᠪᠠᠯ ᠡᠷᠡᠰ ᠰᠢᠭᠤᠷᠬᠠᠢ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠵᠤ᠂ ᠤᠷᠳᠤ | ᠬᠤᠭᠤᠴᠠᠭ᠎ᠠ ᠪᠦᠳᠦᠮᠵᠢᠳᠡᠢ ᠪᠠᠷ ᠴᠡᠭᠴᠡᠯᠡᠨ ᠰᠠᠶᠢᠵᠢᠷᠠᠭᠤᠯᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠵᠠᠰᠠᠭ | ᠤᠨ ᠤᠷᠳᠤᠨ ᠲᠠᠷᠤᠢ ᠲᠦᠷᠭᠡᠨ ᠲᠤᠰᠬᠠᠢ ᠰᠡᠳᠦᠪ ᠢᠶᠠᠷ ᠰᠤᠳᠤᠯᠵᠤ᠂ ᠴᠢᠩᠭ᠎ᠠ ᠱᠠᠭᠠᠷᠳᠠᠯᠭ᠎ᠠ ᠲᠤᠷᠠᠳᠤᠨ ᠪᠤᠳᠠᠳᠠᠢ | ᠪᠠᠶᠢᠷᠢᠯᠠᠭᠤᠯᠤᠯᠳᠠ ᠬᠢᠭᠦ ᠬᠡᠷᠡᠭᠳᠡᠢ᠃ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ | ᠬᠦᠨᠵᠡᠭᠡᠢ ᠡᠷᠬᠢᠴᠡᠭᠦᠯᠦᠨ ᠲᠤᠩᠭᠠᠵᠤ᠂ ᠪᠠᠷᠢᠨ ᠬᠡᠷᠡᠭᠵᠢᠭᠦᠯᠵᠤ ᠪᠠᠷᠢᠨ ᠰᠠᠶᠢᠵᠢᠷᠠᠭᠤᠯᠵᠤ᠂ ᠰᠢᠮᠳᠠᠭᠤᠯᠤᠨ | ᠪᠠᠶᠢᠴᠠᠭᠠᠬᠤ ᠲᠤᠭᠤᠶᠢᠯᠠᠩ ᠤᠨ ᠱᠠᠭᠠᠷᠳᠠᠯᠭ᠎ᠠ ᠶᠢ ᠡᠷᠬᠡᠪᠰᠢ ᠪᠤᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ᠃ | ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠢᠩᠬᠢᠮ᠂ ᠤᠰᠤᠨ ᠠᠰᠢᠬᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ | ᠵᠡᠷᠭᠡ ᠰᠠᠯᠠᠭ᠎ᠠ ᠮᠦᠴᠢᠷ ᠬᠠᠮᠵᠢᠯᠴᠡᠨ ᠬᠦᠴᠦᠯᠡᠵᠤ᠂ ᠤᠨᠢᠨ ᠲᠡᠭᠡᠷ᠎ᠠ ᠨᠢ ᠬᠦᠴᠦᠯᠡᠨ᠂ ᠴᠡᠭᠴᠡᠯᠡᠨ ᠰᠠᠶᠢᠵᠢᠷᠠᠭᠤᠯᠬᠤ | ᠠᠵᠢᠯ ᠢ ᠬᠠᠮᠳᠤᠪᠡᠷ ᠰᠠᠶᠢᠳᠤᠷ ᠠᠳᠬᠤᠬᠤ ᠬᠡᠷᠡᠭᠳᠡᠢ᠃ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠦᠬᠦ ᠶᠠᠪᠤᠴᠠ ᠳᠤ | ᠤᠷᠤᠯᠴᠠᠵᠤ᠂ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠰᠠᠨ᠂ ᠴᠢᠩᠭ᠎ᠠ ᠪᠢᠰᠢ ᠪᠤᠳᠠᠳᠠᠢ ᠪᠢᠰᠢ ᠪᠠᠶᠢᠬᠤ | ᠠᠵᠢᠯᠯᠠᠭ᠎ᠠ ᠠᠴᠠ ᠬᠠᠤᠯᠢ ᠲᠤᠬᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠨ ᠬᠠᠷᠢᠭᠤᠴᠠᠯᠭ᠎ᠠ ᠲᠤᠯᠭᠠᠬᠤ | ᠬᠡᠷᠡᠭᠳᠡᠢ ᠬᠡᠵᠠᠢ᠃ |