ᠤᠯᠠᠭᠠᠨᠰᠤᠬᠠᠢ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠪᠠᠶᠢᠳᠠᠯ ᠮᠦᠨ ᠬᠦ ᠠᠨᠠᠢ ᠶᠡᠷᠦᠩᠬᠡᠶᠢᠯᠡᠨ ᠵᠠᠰᠠᠬᠤ ᠲᠦᠯᠦᠪᠵᠢᠭᠦᠯᠭᠡ ᠴᠢᠩᠭ᠎ᠠ ᠪᠢᠰᠢ ᠪᠤᠳᠠᠳᠠᠢ ᠪᠢᠰᠢ ᠪᠠᠶᠢᠨ᠎ᠠ
ᠨᠡᠶᠢᠲᠡᠯᠡᠭᠰᠡᠨ ᠴᠠᠭ᠄
2018/7/4
     ᠤᠯᠠᠭᠠᠨᠰᠤᠬᠠᠢ ᠪᠤᠯ ᠬᠠᠳᠤᠨ ᠭᠤᠤᠯ ᠤᠨ ᠤᠷᠤᠰᠬᠠᠯ ᠤᠨ ᠤᠷᠤᠨ ᠤ ᠬᠠᠮᠤᠭ ᠤᠨ ᠳᠤᠮᠤ ᠨᠠᠭᠤᠷ ᠪᠦᠷᠢᠳᠤ ᠶᠢᠨ ᠨᠤᠭᠤ ᠭᠠᠵᠠᠷ ᠮᠦᠨ᠂ ᠦᠪᠦᠷ ᠮᠤᠩᠭᠤᠯ ᠤᠨ ᠪᠤᠷᠤᠳᠤᠬᠤᠢ ᠶᠢᠨ ᠤᠰᠤᠯᠠᠯᠳᠠ ᠶᠢᠨ ᠤᠷᠤᠨ ᠤ ᠤᠰᠤᠯᠠᠬᠤ ᠪᠠ ᠤᠰᠤ ᠵᠠᠯᠠᠬᠤ ᠰᠢᠰᠲ᠋ᠧᠮ ᠤᠨ ᠴᠢᠬᠤᠯᠠ ᠪᠦᠷᠢᠯᠳᠦᠬᠦᠨ ᠬᠡᠰᠡᠭ ᠪᠦᠭᠡᠳ ᠬᠠᠳᠤᠨ ᠭᠤᠤᠯ ᠤᠨ ᠠᠮᠢ ᠠᠬᠤᠢ ᠶᠢᠨ ᠠᠮᠤᠷ ᠳᠦᠪᠰᠢᠨ ᠤ ︽ᠪᠠᠶᠢᠭᠠᠯᠢ ᠶᠢᠨ ᠬᠠᠮᠠᠭᠠᠯᠠᠬᠴᠢ︾ ᠪᠤᠯᠤᠨ᠎ᠡ᠃ ᠤᠯᠠᠭᠠᠨᠰᠤᠬᠠᠢ ᠶᠢᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠨᠢ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ ᠳᠦᠪᠰᠢᠨ ᠎ ᠤ ᠬᠠᠯᠬᠠᠪᠴᠢ ᠶᠢ ᠬᠡᠪ ᠢᠶᠠᠷ ᠪᠠᠶᠢᠯᠭᠠᠬᠤ᠂ ᠬᠠᠳᠤᠨ ᠭᠤᠤᠯ ᠤᠨ ᠤᠰᠤᠨ ᠤ ᠴᠢᠨᠠᠷ ᠪᠤᠯᠤᠨ ᠦᠶᠠᠷ ᠤᠨ ᠬᠤᠭᠤᠴᠠᠭ᠎ᠠ ᠶᠢ ᠠᠮᠤᠷ ᠳᠦᠪᠰᠢᠨ ᠢᠶᠠᠷ ᠦᠩᠬᠡᠷᠡᠬᠡᠬᠦ ᠶᠢ ᠪᠠᠳᠤᠯᠠᠬᠤ᠂ ᠭᠠᠵᠠᠷ ᠤᠷᠤᠨ ᠤ ᠠᠵᠥ ᠠᠬᠤᠢ ᠶᠢᠨ ᠬᠦᠭᠵᠢᠯᠳᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠪᠠᠶᠢᠳᠠᠭ᠃ ᠡᠶᠢᠮᠦ ᠠᠴᠠ᠂ ᠢᠮᠠᠬᠳᠠ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠶᠢᠨ ᠠᠩᠬᠠᠷᠤᠯ ᠤᠨ ᠭᠤᠤᠯᠳᠠᠯᠭ᠎ᠠ ᠪᠤᠯᠤᠬᠰᠠᠭᠠᠷ ᠪᠠᠶᠢᠪᠠ᠃      2018 ᠤᠨ ᠤ 6 ᠳ᠋ᠤᠭᠠᠷ ᠰᠠᠷ᠎ᠠ ᠶᠢᠨ 27᠎ ᠤ ᠡᠳᠤᠷ᠂ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠬᠤ ᠬᠤᠶᠠᠳᠤᠭᠠᠷ ᠳᠤᠭᠤᠶᠢᠯᠠᠩ ᠤᠨ ᠳᠡᠳ᠋ ᠳᠠᠷᠤᠭ᠎ᠠ᠂ ᠠᠮᠢ ᠠᠬᠤᠢ ᠤᠷᠴᠢᠨ ᠳᠤᠭᠤᠷᠢᠨ ᠤ ᠶᠠᠮᠤᠨ ᠤ ᠳᠡᠳ᠋ ᠰᠠᠶᠢᠳ ᠵᠠᠢ ᠴᠢᠩ ᠳᠤᠭᠤᠶᠢᠯᠠᠩ ᠳᠠᠭᠠᠭᠤᠯᠤᠨ ᠤᠯᠠᠭᠠᠨᠰᠤᠬᠠᠢ ᠶᠢᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠠᠵᠢᠯ ᠤᠨ ᠪᠠᠶᠢᠳᠠᠯ ᠤᠨ ᠳᠤᠬᠠᠢ ᠳᠤᠬᠠᠢ ᠶᠢᠨ ᠭᠠᠵᠠᠷ ᠲᠤ ᠰᠢᠮᠳᠠᠭᠤᠯᠤᠨ ᠪᠠᠶᠢᠴᠠᠭᠠᠯᠲᠠ ᠬᠢᠪᠡ᠃ ᠰᠢᠮᠳᠠᠭᠤᠯᠤᠨ ᠪᠠᠶᠢᠴᠠᠭᠠᠭᠰᠠᠨ ᠪᠠᠶᠢᠳᠠᠯ ᠠᠴᠠ ᠦᠵᠡᠪᠡᠯ᠄ 2016 ᠤᠨ ᠤ ᠨᠢᠬᠡᠳᠦᠬᠡᠷ ᠡᠬᠡᠯᠵᠢ ᠶᠢᠨ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢ ᠰᠢᠮᠳᠠᠭᠤᠯᠤᠨ ᠪᠠᠶᠢᠴᠠᠭᠠᠯᠲᠠ ᠠᠴᠠ ᠨᠠᠰᠢ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠵᠢᠴᠢ ᠪᠠᠶᠠᠨᠨᠠᠭᠤᠷ ᠬᠤᠳᠠ ᠤᠯᠠᠭᠠᠨᠰᠤᠬᠠᠢ ᠶᠢᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠭᠤᠷᠢᠨ ᠳᠤ ᠨᠡᠯᠢᠶᠡᠳ ᠠᠵᠢᠯ ᠬᠢᠵᠥ᠂ ᠰᠦᠩ ᠬᠠᠯᠢᠶ᠎ᠠ ᠶᠢ ᠬᠤᠪᠢᠶᠠᠷᠢᠯᠠᠬᠤ ᠠᠮᠢ ᠠᠬᠤᠢ ᠶᠢᠨ ᠤᠰᠤ ᠨᠦᠬᠦᠪᠦᠷᠢᠯᠡᠬᠦ᠂ ᠨᠠᠭᠤᠷ ᠳᠤᠭᠤᠷᠢᠬᠰᠠᠨ ᠨᠤᠭᠤ ᠭᠠᠵᠠᠷ ᠤᠨ ᠪᠦᠳᠦᠬᠡᠨ ᠪᠠᠶᠢᠭᠤᠯᠤᠯᠲᠠ᠂ ᠭᠤᠤᠯ ᠰᠤᠪᠠᠭ ᠤᠰᠤᠨ ᠵᠠᠮ ᠤᠨ ᠬᠠᠮᠢᠶᠠᠷᠤᠯᠳᠠ ᠬᠠᠮᠠᠭᠠᠯᠠᠯᠳᠠ᠂ ᠠᠮᠢ ᠠᠬᠤᠢ ᠤᠷᠴᠢᠨ ᠳᠤᠭᠤᠷᠢᠨ ᠤ ᠬᠢᠨᠠᠨ ᠬᠡᠮᠵᠢᠯᠳᠡ ᠤᠷᠢᠳᠴᠢᠯᠠᠨ ᠰᠡᠷᠡᠮᠵᠢᠯᠡᠬᠦᠯᠬᠦ ᠴᠢᠳᠠᠪᠤᠷᠢ ᠶᠢᠨ ᠪᠦᠳᠦᠬᠡᠨ ᠪᠠᠶᠢᠭᠤᠯᠤᠯᠲᠠ ᠵᠡᠷᠬᠡ ᠳᠠᠯ᠎ᠠ ᠪᠠᠷ ᠨᠡᠯᠢᠶᠡᠳ ᠠᠮᠵᠢᠯᠳᠠ ᠪᠦᠳᠦᠮᠵᠢ ᠤᠯᠵᠥ᠂ ᠤᠰᠤᠨ ᠤ ᠤᠷᠴᠢᠨ ᠳᠤᠭᠤᠷᠢᠨ ᠤ ᠶᠠᠰᠤ ᠴᠢᠨᠠᠷ ᠶᠡᠷᠦᠩᠬᠡᠢ ᠳᠡᠭᠡᠨ ᠳᠤᠬᠳᠠᠭᠤᠨ ᠪᠠᠶᠢᠨ᠎ᠠ᠂ ᠭᠡᠪᠡᠴᠦ ᠪᠠᠰᠠ ᠴᠢᠬᠤᠯᠠᠴᠢᠯᠠᠨ ᠦᠵᠡᠬᠦ ᠪᠠᠷ ᠬᠦᠢᠴᠡᠳ ᠦᠬᠡᠢ᠂ ᠠᠵᠢᠯ ᠢ ᠨᠢᠬᠡᠳᠦᠯᠳᠡᠢ ᠳᠦᠯᠦᠪᠵᠢᠬᠦᠯᠦᠭᠰᠡᠨ ᠨᠢ ᠬᠦᠴᠦᠨ ᠦᠬᠡᠢ᠂ ᠵᠠᠰᠠᠯᠳᠠ ᠶᠢᠨ ᠠᠬᠢᠴᠠ ᠤᠳᠠᠭᠠᠨ ᠪᠠᠶᠢᠬᠤ ᠵᠡᠷᠬᠡ ᠠᠰᠠᠭᠤᠳᠠᠯ ᠤᠷᠤᠰᠢᠵᠥ᠂ ᠤᠯᠠᠭᠠᠨᠰᠤᠬᠠᠢ ᠶᠢᠨ ᠠᠮᠢ ᠠᠬᠤᠢ ᠤᠷᠴᠢᠨ ᠳᠤᠭᠤᠷᠢᠨ ᠤ ᠪᠠᠶᠢᠳᠠᠯ ᠮᠦᠨ ᠬᠦ ᠠᠨᠠᠢ ᠪᠠᠶᠢᠨ᠎ᠠ᠃      ᠨᠢᠬᠡ᠂ ᠦᠨᠳᠦᠰᠦᠨ ᠪᠠᠶᠢᠳᠠᠯ      2016 ᠤᠨ ᠤ 7 ᠳ᠋ᠤᠭᠠᠷ ᠰᠠᠷ᠎ᠠ ᠳᠤ᠂ ᠨᠢᠬᠡᠳᠦᠬᠡᠷ ᠡᠬᠡᠯᠵᠢ ᠶᠢᠨ ᠳᠦᠪ ᠤᠨ ᠤᠷᠴᠢᠨ ᠳᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠳᠤ ᠬᠠᠷᠢᠭᠤ ᠳᠤᠰᠬᠠᠬᠰᠠᠨ ᠰᠠᠨᠠᠯ ᠳᠤ᠄ ᠳᠠᠷᠢᠶᠠᠯᠠᠩ ᠤᠨ ᠪᠤᠬᠢᠷᠳᠤᠯ ᠪᠤᠯ ᠤᠯᠠᠭᠠᠨᠰᠤᠬᠠᠢ ᠶᠢᠨ ᠪᠤᠬᠢᠷᠳᠤᠯ ᠤᠨ ᠭᠤᠤᠯ ᠢᠷᠡᠯᠳᠡ ᠪᠤᠯᠤᠨ᠎ᠠ᠂ ᠬᠡᠳᠡᠯ᠎ᠡ ᠤᠷᠳᠤ ᠬᠤᠭᠤᠴᠠᠭᠠᠨ ᠤ ᠳᠤᠷᠰᠢ ᠶᠡᠷᠦᠨᠢ ᠶᠡᠭᠡ ᠬᠦᠴᠦ ᠤᠷᠤᠭᠤᠯᠵᠥ ᠵᠠᠰᠠᠯᠳᠠ ᠬᠢᠭᠰᠡᠨ ᠦᠬᠡᠢ ᠪᠠᠶᠢᠨ᠎ᠠ︔ ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠳᠦᠯᠦᠪᠵᠢᠬᠦᠯᠬᠡ ᠶᠢ 2015 ᠤᠨ ᠤ 4 ᠳ᠋ᠦ᠋ᠭᠡᠷ ᠰᠠᠷ᠎ᠠ ᠳᠤ ᠦᠪᠡᠷᠳᠡᠬᠡᠨ ᠵᠠᠰᠠᠬᠤ ᠤᠷᠤᠨ ᠳᠤ ᠮᠡᠳᠡᠭᠦᠯᠦᠭᠰᠡᠨ ᠪᠠᠶᠢᠲᠠᠯ᠎ᠠ ᠤᠳᠤ ᠪᠤᠯᠳᠠᠯ᠎ᠠ ᠮᠦᠨ ᠬᠦ ᠬᠢᠨᠠᠨ ᠵᠦᠪᠰᠢᠶᠡᠷᠡᠵᠥ ᠬᠡᠷᠡᠭᠵᠢᠬᠦᠯᠦᠬᠡᠳᠤᠢ ᠪᠠᠶᠢᠨ᠎ᠠ︔ ᠤᠷᠴᠢᠨ ᠳᠤᠭᠤᠷᠢᠨ ᠤ ᠨᠦᠯᠦᠬᠡ ᠶᠢ ᠰᠢᠯᠭᠠᠨ ᠦᠨᠡᠯᠡᠭᠰᠡᠨ ᠦᠭᠡᠢ ᠪᠠᠶᠢᠳᠠᠯ ᠳᠤᠤᠷ᠎ᠠ᠂ 5000 ᠭᠠᠷᠤᠢ ᠮᠦ ᠳᠡᠵᠢᠬᠡᠵᠥ ᠠᠷᠠᠴᠢᠯᠠᠬᠤ ᠳᠠᠯᠠᠪᠠᠢ ᠶᠢᠨ ᠠᠮᠢ ᠠᠬᠤᠢ ᠶᠢᠨ ᠠᠷᠠᠴᠢᠯᠠᠨ ᠳᠡᠵᠢᠬᠡᠬᠦ ᠢᠵᠢ ᠪᠦᠷᠢᠳᠦᠭᠦᠯᠦᠯᠲᠡ ᠶᠢᠨ ᠢᠨᠵᠧᠨᠧᠷᠢᠩ ᠨᠢᠬᠡᠨᠳᠡ ᠶᠡᠷᠦᠩᠬᠡᠢ ᠢᠨᠵᠧᠨᠧᠷᠢᠩ ᠤᠨ ᠬᠡᠮᠵᠢᠶᠠᠨ ᠤ 30%᠎ ᠶᠢ ᠪᠡᠶᠡᠯᠡᠭᠦᠯᠵᠡᠢ ᠭᠡᠵᠦ ᠵᠢᠭᠠᠵᠤ ᠭᠠᠷᠭᠠᠵᠠᠢ᠃      ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠭᠰᠠᠨ ᠬᠠᠷᠢᠭᠤ ᠲᠤᠰᠬᠠᠯ ᠎ ᠤᠨ ᠰᠠᠨᠠᠯ ᠳᠤ ᠵᠢᠭᠠᠵᠤ ᠭᠠᠷᠭᠠᠭᠰᠠᠨ ᠠᠰᠠᠭᠤᠳᠠᠯ ᠳᠤ ᠬᠠᠨᠳᠤᠭᠤᠯᠵᠤ᠂ 2016 ᠤᠨ ᠤ 10 ᠳ᠋ᠤᠭᠠᠷ ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ︽ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠲᠦᠯᠤᠪᠵᠢᠭᠦᠯᠭᠡ︾᠎ ᠳᠤ ᠴᠤᠬᠤᠯᠠᠪᠤᠷᠢ ᠦᠭᠴᠤ᠂ ︽ᠠᠮᠢ ᠠᠬᠤᠢ ᠶᠢᠨ ᠤᠰᠤ ᠨᠦᠭᠦᠪᠤᠷᠢᠯᠡᠬᠦ᠂ ᠡᠬᠢ ᠡᠭᠦᠰᠤᠯ ᠢ ᠡᠵᠡᠮᠳᠡᠨ ᠪᠤᠬᠢᠷᠳᠤᠯ ᠢ ᠪᠠᠭᠠᠰᠬᠠᠬᠤ᠂ ᠰᠡᠷᠬᠦᠬᠡᠨ ᠵᠠᠰᠠᠬᠤ ᠵᠠᠰᠠᠯᠳᠠ ᠬᠢᠬᠦ᠂ ᠡᠬᠢ ᠪᠠᠶᠠᠯᠢᠭ ᠢ ᠠᠰᠢᠬᠯᠠᠬᠤ᠂ ᠦᠷᠭᠦᠯᠵᠢᠯᠡᠨ ᠭᠦᠭᠵᠢᠭᠦᠯᠭᠦ︾ ᠵᠠᠰᠠᠨ ᠬᠠᠮᠢᠶᠠᠷᠬᠤ ᠰᠡᠳᠬᠢᠴᠡ ᠶᠢ ᠲᠤᠷᠠᠳᠤᠨ ᠭᠠᠷᠭᠠᠵᠤ᠂ ᠨᠠᠭᠤᠷ ᠤᠨ ᠠᠮᠢ ᠠᠬᠤᠢ ᠶᠢᠨ ᠤᠰᠤ ᠨᠦᠭᠦᠪᠤᠷᠢᠯᠡᠭᠦ ᠢᠵᠢ ᠪᠦᠷᠢᠳᠦᠭᠦᠯᠦᠯᠲᠡ ᠶᠢᠨ ᠢᠨᠵᠧᠨᠧᠷᠢᠩ᠂ ᠨᠠᠭᠤᠷ ᠤᠨ ᠲᠤᠳᠤᠭᠠᠳᠤ ᠢᠷᠡᠯᠲᠡ ᠶᠢᠨ ᠪᠤᠬᠢᠷᠳᠤᠯ ᠢ ᠵᠠᠰᠠᠬᠤ ᠬᠢᠭᠡᠳ ᠠᠮᠢ ᠠᠬᠤᠢ ᠶᠢ ᠰᠠᠶᠢᠵᠢᠷᠠᠭᠤᠯᠬᠤ ᠢᠨᠵᠧᠨᠧᠷᠢᠩ᠂ ᠳᠤᠩᠭᠠᠯᠠᠭ ᠤᠰᠤᠨ ᠤ ᠤᠷᠤᠰᠬᠠᠯ ᠤᠨ ᠲᠤᠭᠳᠠᠴᠠ ᠶᠢ ᠰᠡᠷᠬᠦᠬᠡᠨ ᠵᠠᠰᠠᠬᠤ ᠢᠨᠵᠧᠨᠧᠷᠢᠩ᠂ ᠲᠦᠯᠤᠪᠵᠢᠭᠦᠯᠭᠡ ᠶᠢᠨ ᠤᠷᠤᠨ ᠤ ᠪᠤᠬᠢᠷᠳᠤᠯ ᠤᠨ ᠰᠤᠷᠪᠤᠯᠵᠢ ᠶᠢᠨ ᠭᠠᠳᠠᠭᠰᠢᠯᠠᠭᠤᠯᠤᠯᠳᠠ ᠶᠢ ᠪᠠᠭᠠᠰᠬᠠᠬᠤ ᠢᠨᠵᠧᠨᠧᠷᠢᠩ᠂ ᠲᠦᠯᠤᠪᠵᠢᠭᠦᠯᠭᠡ ᠶᠢᠨ ᠤᠷᠤᠨ ᠤ ᠤᠷᠴᠢᠨ ᠲᠤᠭᠤᠷᠢᠨ ᠤ ᠬᠠᠮᠢᠶᠠᠷᠤᠯᠳᠠ ᠬᠢᠭᠡᠳ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠵᠡᠷᠭᠡ ᠲᠠᠪᠤᠨ ᠲᠤᠮᠤ ᠲᠦᠷᠤᠯ ᠤᠨ 96 ᠲᠦᠷᠤᠯ ᠵᠦᠢᠯ ᠢ ᠲᠦᠯᠤᠪᠵᠢᠭᠦᠯᠵᠤ᠂ ᠨᠡᠶᠢᠲᠡ 80 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠠᠢ᠃      2016 ᠤᠨ ᠤ 12 ᠳ᠋ᠤᠭᠠᠷ ᠰᠠᠷ᠎ᠠ ᠳᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠰᠢᠮᠳᠠᠭᠤᠯᠤᠨ ᠪᠠᠶᠢᠴᠠᠭᠠᠵᠤe ᠴᠡᠭᠴᠡᠯᠡᠨ ᠵᠠᠰᠠᠬᠤ ᠲᠦᠰᠦᠪ ᠲᠤᠭᠳᠠᠭᠠᠵᠤ᠂ ︽ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠲᠦᠯᠤᠪᠵᠢᠭᠦᠯᠭᠡ︾᠎ ᠶᠢ ᠴᠢᠩᠭ᠎ᠠ ᠨᠠᠶᠢᠳᠠᠪᠤᠷᠢᠵᠢᠭᠤᠯᠵᠤ᠂ ᠶᠡᠷᠦᠩᠬᠡᠶᠢᠯᠡᠨ ᠵᠠᠰᠠᠬᠤ ᠶᠢ ᠨᠢᠭᠡᠳᠦᠯᠳᠠᠢ ᠲᠦᠯᠦᠪᠵᠢᠭᠦᠯᠤᠨ ᠵᠤᠬᠢᠴᠠᠩᠭᠤᠢ ᠪᠠᠷ ᠠᠬᠢᠭᠤᠯᠵᠤ᠂ ᠬᠦᠳᠡᠭᠡ ᠠᠵᠤ ᠠᠬᠤᠢ ᠶᠢᠨ ᠤᠯᠠᠨ ᠡᠬᠢᠳᠤ ᠪᠤᠬᠢᠷᠳᠤᠯ ᠢ ᠴᠢᠩᠭ᠎ᠠ ᠬᠢᠵᠠᠭᠠᠷᠯᠠᠵᠤ᠂ ᠤᠯᠠᠭᠠᠨᠰᠤᠬᠠᠢ ᠶᠢᠨ ᠪᠦᠬᠦᠯᠢ ᠴᠤᠭᠴᠠ ᠶᠢᠨ ᠠᠮᠢ ᠠᠬᠤᠢ ᠶᠢᠨ ᠤᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠬᠡᠷᠡᠭᠲᠡᠢ  ᠭᠡᠵᠦ ᠴᠢᠩᠭ᠎ᠠ ᠱᠠᠭᠠᠷᠳᠠᠭᠰᠠᠨ ᠤ ᠬᠠᠮᠳᠤ ᠦᠪᠡᠷᠳᠡᠭᠡᠨ ᠵᠠᠰᠠᠬᠤ ᠤᠷᠤᠨ ᠎ ᠤ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠢ ᠨᠢ ᠴᠡᠭᠴᠡᠯᠡᠨ ᠵᠠᠰᠠᠬᠤ ᠠᠵᠢᠯ ᠤᠨ ᠲᠠᠭᠠᠭᠤᠯᠤᠭᠴᠢ ᠨᠢᠭᠡᠴᠠ ᠪᠤᠯᠬᠤ᠂ ᠪᠠᠶᠠᠨᠨᠠᠭᠤᠷ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠨᠢ ᠭᠡᠷᠡᠭᠵᠢᠭᠦᠯᠭᠦ ᠭᠤᠤᠯ ᠴᠤᠭᠴᠠ ᠪᠤᠯᠬᠤ ᠶᠢ ᠲᠤᠳᠤᠷᠬᠠᠶᠢᠯᠠᠵᠠᠢ᠃      ᠬᠤᠶᠠᠷ᠂ ᠭᠤᠤᠯ ᠠᠰᠠᠭᠤᠳᠠᠯ      ᠨᠢᠭᠡ ᠳᠤ᠂ ᠲᠦᠯᠤᠪᠵᠢᠭᠦᠯᠭᠡ ᠶᠢ ᠨᠠᠶᠢᠷᠠᠭᠤᠯᠤᠨ ᠵᠤᠬᠢᠶᠠᠬᠤ ᠪᠠ ᠬᠢᠨᠠᠨ ᠵᠦᠪᠰᠢᠶᠡᠷᠡᠭᠰᠡᠨ ᠨᠢ ᠴᠢᠩᠭ᠎ᠠ ᠪᠤᠳᠠᠳᠠᠢ ᠪᠢᠰᠢ ᠪᠠᠶᠢᠨ᠎ᠠ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ ᠪᠠᠶᠢᠴᠠᠭᠠᠯᠲᠠ ᠠᠴᠠ ᠠᠰᠠᠭᠤᠳᠠᠯ ᠢ ᠵᠢᠭᠠᠵᠤ ᠭᠠᠷᠭᠠᠭᠰᠠᠨ ᠤ ᠲᠠᠷᠠᠭ᠎ᠠ᠂ ᠦᠪᠡᠷᠳᠡᠭᠡᠨ ᠵᠠᠰᠠᠬᠤ ᠤᠷᠤᠨ 2016 ᠤᠨ ᠤ 10 ᠳ᠋ᠤᠭᠠᠷ ᠰᠠᠷ᠎ᠠ ᠳᠤ᠂ ︽ᠤᠯᠠᠭᠠᠨᠰᠤᠬᠠᠢ ᠶᠢ ᠶᠡᠷᠦᠩᠬᠡᠶᠢᠯᠡᠨ ᠵᠠᠰᠠᠬᠤ ᠲᠦᠯᠤᠪᠵᠢᠭᠦᠯᠭᠡ︾᠎ ᠶᠢ ᠬᠢᠨᠠᠨ ᠵᠦᠪᠰᠢᠶᠠᠷᠡᠵᠥ ᠪᠠᠳᠤᠯᠠᠪᠠ᠃ ᠭᠡᠳᠡᠯ᠎ᠠ ᠡᠨᠡᠬᠦ ᠲᠦᠯᠤᠪᠵᠢᠭᠦᠯᠭᠡ ᠨᠢ ᠪᠠᠶᠠᠨᠨᠠᠭᠤᠷ ᠬᠤᠳᠠ ᠶᠢᠨ ᠵᠠᠰᠠᠭ ᠤᠨ ᠤᠷᠳᠤᠨ 2013 ᠤᠨ ᠳᠤ ᠵᠤᠬᠢᠶᠠᠨ ᠪᠠᠶᠢᠭᠤᠯᠵᠤ ᠨᠠᠶᠢᠷᠠᠭᠤᠯᠤᠨ ᠵᠤᠬᠢᠶᠠᠭᠰᠠᠨ ᠲᠦᠯᠦᠪᠯᠡᠭᠡ ᠪᠤᠯᠬᠤ ᠪᠦᠭᠡᠳ ᠬᠢᠨᠠᠨ ᠵᠦᠪᠰᠢᠶᠠᠷᠡᠭᠦ ᠶᠠᠪᠤᠴᠠ ᠳᠤ ᠬᠡᠳᠦᠶᠢᠪᠡᠷ ᠭᠡᠰᠡᠭ ᠲᠠᠯ᠎ᠠ ᠪᠠᠷ ᠳᠤᠬᠢᠷᠠᠭᠤᠯᠤᠯᠳᠠ ᠬᠢᠭᠰᠡᠨ ᠪᠤᠯᠪᠠᠴᠤ ᠤᠯᠠᠭᠠᠨᠰᠤᠬᠠᠢ ᠶᠢᠨ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠰᠢᠨ᠎ᠠ ᠪᠠᠶᠢᠳᠠᠯ᠂ ᠰᠢᠨ᠎ᠠ ᠠᠰᠠᠭᠤᠳᠠᠯ᠂ ᠰᠢᠨ᠎ᠠ ᠱᠠᠭᠠᠷᠳᠠᠯᠭ᠎ᠠ ᠶᠢ ᠰᠤᠳᠤᠯᠵᠤ᠂ ᠪᠤᠳᠤᠯᠬᠢᠯᠠᠭᠰᠠᠨ ᠢᠶᠠᠷ ᠳᠤᠲᠠᠮᠠᠭ ᠪᠠᠶᠢᠵᠤ᠂ ᠲᠦᠯᠦᠪᠵᠢᠭᠦᠯᠦᠭᠰᠡᠨ ᠲᠦᠷᠤᠯ ᠵᠦᠢᠯ ᠤᠨ ᠬᠠᠨᠳᠤᠯᠭᠠᠳᠤ ᠴᠢᠨᠠᠷ ᠴᠢᠩᠭ᠎ᠠ ᠪᠢᠰᠢ᠂ ᠵᠠᠷᠢᠮ ᠲᠦᠯᠤᠪᠵᠢᠭᠦᠯᠭᠡ ᠶᠢᠨ ᠲᠦᠷᠤᠯ ᠵᠦᠢᠯ ᠢ ᠪᠡᠶᠡᠯᠡᠭᠦᠯᠭᠦ ᠬᠤᠭᠤᠴᠠᠭ᠎ᠠ ᠨᠢ 2015 ᠤᠨ ᠤ ᠡᠴᠦᠰ ᠪᠠᠶᠢᠵᠤ᠂ ᠲᠦᠯᠤᠪᠵᠢᠭᠦᠯᠭᠡ ᠳᠤ ᠴᠤᠬᠤᠯᠠᠪᠤᠷᠢ ᠦᠭᠭᠦᠭᠰᠡᠨ ᠴᠠᠭ ᠠᠴᠠ ᠨᠢᠭᠡ ᠵᠢᠯ ᠡᠷᠳᠠ ᠪᠠᠶᠢᠵᠤ᠂ ᠠᠵᠢᠯ ᠨᠢ ᠴᠢᠩᠭ᠎ᠠ ᠪᠤᠳᠠᠳᠠᠢ ᠪᠢᠰᠢ ᠪᠠᠶᠢᠨ᠎ᠠ᠃      ᠬᠤᠶᠠᠷ ᠲᠤ᠂ ᠵᠠᠰᠠᠯᠲᠠ ᠶᠢᠨ ᠲᠦᠷᠦᠯ ᠵᠦᠢᠯ ᠤᠨ ᠬᠡᠷᠡᠭᠵᠢᠭᠦᠯᠦᠯᠲᠡ ᠬᠦᠨᠳᠦ ᠨᠤᠴᠢᠲᠠᠢ ᠬᠤᠵᠢᠭᠳᠠᠵᠤ ᠪᠠᠶᠢᠨ᠎ᠠ᠃ ︽ᠤᠯᠠᠭᠠᠨᠰᠤᠬᠠᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠲᠦᠯᠦᠪᠵᠢᠭᠦᠯᠭᠡ︾᠎ ᠶᠢ ᠦᠨᠳᠦᠰᠦᠯᠡᠪᠡᠯ᠂ 96 ᠲᠦᠷᠦᠯ ᠵᠦᠢᠯ ᠤᠨ ᠳᠤᠲᠤᠷ᠎ᠠ᠂ 41᠎ ᠶᠢ ᠨᠢ 2017 ᠤᠨ ᠠᠴᠠ ᠡᠮᠦᠨ᠎ᠡ ᠪᠡᠶᠡᠯᠡᠭᠦᠯᠦᠭᠰᠡᠨ ᠪᠠᠶᠢᠬᠤ ᠬᠡᠷᠡᠭᠲᠡᠢ ᠪᠠᠶᠢᠲᠠᠯ᠎ᠠ 2018 ᠤᠨ ᠤ 6 ᠳ᠋ᠤᠭᠠᠷ ᠰᠠᠷ᠎ᠠ ᠪᠤᠯᠤᠭᠰᠠᠨ ᠪᠠᠶᠢᠬᠤ ᠳᠤ ᠵᠦᠪᠬᠡᠨ 10 ᠲᠦᠷᠦᠯ ᠢ ᠯᠡ ᠪᠡᠶᠡᠯᠡᠭᠦᠯᠵᠦ᠂ 9 ᠲᠦᠷᠦᠯ ᠢ ᠨᠢ ᠪᠠᠶᠢᠭᠤᠯᠵᠤ ᠪᠠᠶᠢᠬᠤ ᠪᠠ 22 ᠲᠦᠷᠦᠯ ᠨᠢ ᠠᠵᠢᠯ ᠡᠬᠢᠯᠡᠭᠡᠳᠦᠢ ᠪᠠᠶᠢᠭᠰᠠᠭᠠᠷ ᠪᠠᠶᠢᠨ᠎ᠠ᠃ ᠡᠭᠦᠨ ᠳᠤ᠂ ᠤᠯᠠᠭᠠᠨᠰᠤᠬᠠᠢ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠲᠠ ᠳᠤ ᠬᠤᠯᠪᠤᠭᠳᠠᠬᠤ ᠤᠯᠠᠨ ᠭᠤᠤᠯᠳᠠᠯᠭᠠᠲᠤ ᠲᠦᠷᠦᠯ ᠵᠦᠢᠯ ᠪᠤᠢ᠂ ᠵᠢᠱᠢᠶᠡᠯᠡᠪᠡᠯ ᠲᠠᠷᠢᠶᠠᠯᠠᠩ ᠤᠨ ᠤᠯᠠᠨ ᠡᠬᠢᠲᠦ ᠪᠤᠬᠢᠷᠳᠤᠯ ᠤᠨ ᠲᠠᠯ᠎ᠠ ᠶᠢᠨ ᠵᠠᠰᠠᠯᠲᠠ ᠶᠢᠨ 8 ᠲᠦᠷᠦᠯ ᠵᠦᠢᠯ᠂ ᠠᠵᠦ ᠦᠢᠯᠡᠳᠪᠦᠷᠢ ᠶᠢᠨ ᠬᠦᠷᠢᠶᠡᠯᠡᠩ ᠲᠤᠭᠤᠷᠢᠭ ᠎ ᠤᠨ ᠪᠤᠬᠢᠷᠳᠤᠯ ᠤᠰᠤ ᠶᠢ ᠰᠢᠢᠳᠪᠦᠷᠢᠯᠡᠬᠦ ᠵᠢᠴᠢ ᠤᠤᠭᠤᠬᠤ ᠤᠰᠤᠨ ᠠᠴᠠ ᠪᠤᠰᠤᠳ ᠤᠰᠤ ᠶᠢ ᠪᠤᠴᠠᠭᠠᠨ ᠬᠡᠷᠡᠭᠯᠡᠬᠦ ᠢᠨᠵᠧᠨᠧᠷᠢᠩ ᠵᠡᠷᠭᠡ ᠶᠢ ᠪᠠᠰᠠ ᠡᠬᠢᠯᠡᠨ ᠪᠦᠲᠦᠭᠡᠨ ᠪᠠᠶᠢᠭᠤᠯᠤᠭᠠᠳᠤᠢ ᠪᠠᠶᠢᠵᠤ᠂ ᠠᠵᠢᠯ ᠨᠢ ᠬᠦᠨᠳᠦ ᠨᠤᠴᠢᠲᠠᠢ ᠬᠤᠵᠢᠭᠳᠠᠵᠤ ᠪᠠᠶᠢᠨ᠎ᠠ᠃      ᠭᠤᠷᠪᠠ ᠳᠤ᠂ 9 ᠲᠦᠮᠡᠨ ᠮᠦ ᠲᠡᠵᠢᠭᠡᠪᠦᠷᠢ ᠶᠢᠨ ᠲᠦᠷᠦᠯ ᠵᠦᠢᠯ ᠢ ᠵᠦᠪᠰᠢᠶᠡᠷᠡᠬᠦ ᠠᠴᠠ ᠡᠮᠦᠨ᠎ᠡ ᠤᠷᠢᠳᠠᠪᠠᠷ ᠪᠠᠶᠢᠭᠤᠯᠪᠠ᠃ 2016 ᠤᠨ ᠳᠤ ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ︽ᠤᠯᠠᠭᠠᠨᠰᠤᠬᠠᠢ ᠶᠢᠨ ᠬᠠᠮᠠᠭᠠᠯᠠᠯᠲᠠ ᠶᠢᠨ ᠤᠷᠤᠨ ᠤᠷᠴᠢᠨ ᠲᠤᠭᠤᠷᠢᠨ ᠤ ᠦᠨᠡᠯᠡᠯᠲᠡ ᠶᠢ ᠳᠠᠮᠵᠢᠭᠰᠠᠨ ᠦᠭᠡᠢ ᠪᠠᠷ 5000 ᠮᠦ ᠵᠢᠭᠠᠰᠤᠨ ᠴᠦᠬᠦᠷᠦᠮ ᠢ ᠪᠠᠶᠢᠭᠤᠯᠤᠭᠰᠠᠨ︾ ᠠᠰᠠᠭᠤᠳᠠᠯ ᠢ ᠵᠢᠭᠠᠵᠤ ᠭᠠᠷᠭᠠᠭᠰᠠᠨ ᠤ ᠳᠠᠷᠠᠭ᠎ᠠ᠂ ᠲᠤᠬᠠᠢ ᠶᠢᠨ ᠭᠠᠵᠠᠷ ᠤᠨ ᠬᠢᠨ ᠬᠡᠳᠦᠶᠢᠪᠡᠷ ᠡᠨᠡᠬᠦ ᠲᠦᠷᠦᠯ ᠵᠦᠢᠯ ᠤᠨ ᠪᠠᠶᠢᠭᠤᠯᠤᠯᠲᠠ ᠶᠢ ᠵᠤᠭᠰᠤᠭᠠᠭᠰᠠᠨ ᠪᠤᠯᠪᠠᠴᠤ᠂ ᠨᠢᠭᠡ ᠠᠴᠠ ᠵᠦᠢᠴᠢᠯᠡᠵᠦ ᠨᠦᠭᠦᠭᠡ ᠶᠢ ᠮᠡᠳᠡᠭᠰᠡᠨ ᠬᠡᠮᠵᠢᠶ᠎ᠡ ᠪᠠᠷ ᠬᠦᠷᠦᠯᠴᠡᠬᠦ ᠦᠭᠡᠢ᠂ ᠠᠵᠦ ᠠᠬᠤᠢ ᠶᠢᠨ ᠦᠷ᠎ᠡ ᠠᠰᠢᠭ ᠶᠢᠨ ᠲᠦᠯᠦᠭᠡ ᠪᠠᠰᠠ ᠨᠢᠭᠡ ᠯᠡ ᠬᠡᠪ ᠢᠶᠠᠷ ᠨᠠᠭᠤᠷ ᠤᠨ ᠲᠤᠭᠤᠷᠢᠭ ᠤᠨ ᠳᠤᠲᠤᠷᠠᠬᠢ ᠲᠡᠵᠢᠭᠡᠪᠦᠷᠢ ᠶᠢᠨ ᠲᠠᠯᠠᠪᠠᠢ ᠶᠢ ᠦᠷᠭᠡᠳᠬᠡᠵᠡᠢ᠃ ᠭᠤᠤᠯ ᠤᠨ ᠤᠰᠤᠨ ᠤ ᠤᠰᠤᠯᠠᠯᠳᠠ ᠶᠢᠨ ᠶᠡᠷᠦᠩᠬᠡᠢ ᠲᠤᠪᠴᠢᠶ᠎ᠠ 2012 ᠤᠨ ᠤ 4 ᠳ᠋ᠦ᠋ᠭᠡᠷ ᠰᠠᠷ᠎ᠠ ᠳᠤ ᠨᠢᠭᠡᠨ ᠤᠰᠤᠨ ᠤ ᠭᠠᠷᠤᠯᠲᠠ ᠶᠢᠨ ᠺᠤᠮᠫᠠᠨᠢ ᠶᠢ ᠲᠠᠲᠠᠨ ᠤᠷᠤᠭᠤᠯᠵᠤ ᠤᠯᠠᠭᠠᠨᠰᠤᠬᠠᠢ ᠨᠠᠭᠤᠷ ᠤᠨ ᠲᠡᠵᠢᠭᠡᠪᠦᠷᠢ ᠶᠢᠨ ᠲᠦᠷᠦᠯ ᠵᠦᠢᠯ ᠢ ᠪᠦᠲᠦᠭᠡᠨ ᠪᠠᠶᠢᠭᠤᠯᠪᠠ᠂ ᠭᠡᠪᠡᠴᠦ ᠤᠷᠴᠢᠨ ᠲᠤᠭᠤᠷᠢᠨ ᠤ ᠦᠨᠡᠯᠡᠯᠲᠡ ᠶᠢᠨ ᠭᠠᠷ ᠭᠦᠢᠴᠡᠳᠭᠡᠯ ᠢ ᠶᠡᠷᠦᠨᠢ ᠭᠦᠢᠴᠡᠳᠬᠡᠭᠡᠳᠦᠢ ᠪᠠᠶᠢᠭᠰᠠᠭᠠᠷ ᠪᠠᠶᠢᠨ᠎ᠠ᠃ ᠲᠤᠬᠠᠢ ᠶᠢᠨ ᠭᠠᠵᠠᠷ ᠨᠢ 2017 ᠤᠨ ᠤ 4 ᠳ᠋ᠦ᠋ᠭᠡᠷ ᠰᠠᠷ᠎ᠠ ᠳᠤ ᠡᠭᠦᠨ ᠢ 97.5 ᠲᠦᠮᠡᠨ ᠲᠦᠭᠦᠷᠢᠭ ᠢᠶᠠᠷ ᠲᠤᠷᠠᠭᠠᠭᠰᠠᠨ ᠤ ᠬᠠᠮᠲᠤ ᠨᠠᠭᠤᠷ ᠤᠨ ᠲᠤᠭᠤᠷᠢᠭ ᠤᠨ ᠲᠡᠵᠢᠭᠡᠪᠦᠷᠢ ᠶᠢᠨ ᠲᠦᠷᠦᠯ ᠵᠦᠢᠯ ᠳᠤ ᠠᠮᠢ ᠠᠬᠤᠢ ᠶᠢᠨ ᠦᠨᠡᠯᠡᠯᠲᠡ ᠬᠢᠯᠭᠡᠬᠦ ᠬᠡᠷᠡᠭᠲᠡᠢ ᠭᠡᠵᠦ ᠱᠠᠭᠠᠷᠳᠠᠵᠠᠢ᠃ ᠭᠡᠪᠡᠴᠦ ᠭᠦᠢᠴᠡᠳ ᠨᠤᠲᠠᠯᠠᠯᠲᠠ ᠪᠠ ᠦᠨᠡᠯᠡᠯᠲᠡ ᠦᠭᠡᠢ ᠪᠠᠶᠢᠳᠠᠯ ᠳᠤᠤᠷ᠎ᠠ᠂ ᠭᠤᠤᠯ ᠤᠨ ᠤᠰᠤᠨ ᠤ ᠤᠰᠤᠯᠠᠯᠳᠠ ᠶᠢᠨ ᠶᠡᠷᠦᠩᠬᠡᠢ ᠲᠤᠪᠴᠢᠶ᠎ᠠ ᠶᠢᠨ ᠬᠠᠷᠢᠶᠠᠲᠤ ᠨᠢᠭᠡᠴᠡ ᠮᠦᠨ ᠯᠡ ᠲᠡᠵᠢᠭᠡᠪᠦᠷᠢ ᠶᠢᠨ ᠬᠡᠪᠴᠢᠶ᠎ᠡ ᠪᠠᠨ ᠲᠠᠰᠤᠷᠠᠯᠲᠠ ᠦᠭᠡᠢ ᠦᠷᠭᠡᠳᠬᠡᠭᠰᠨ ᠪᠠᠶᠢᠨ᠎ᠠ᠃ 2017 ᠤᠨ ᠳᠤ ᠲᠡᠵᠢᠭᠡᠪᠦᠷᠢ ᠶᠢᠨ ᠲᠠᠯᠠᠪᠠᠢ ᠨᠢ 2016 ᠤᠨ ᠤ ᠬᠢ ᠠᠴᠠ 2 ᠲᠦᠮᠡᠨ ᠮᠦ ᠨᠡᠮᠡᠭᠳᠡᠵᠦ᠂ ᠲᠡᠵᠢᠭᠡᠪᠦᠷᠢ ᠶᠢᠨ ᠤᠷᠤᠨ ᠪᠦᠰᠡ ᠨᠢ 9 ᠲᠦᠮᠡᠨ ᠮᠦ ᠬᠦᠷᠴᠦ᠂ ᠵᠦᠪᠬᠡᠨ 2017 ᠤᠨ ᠳᠤ ᠮᠦ ᠪᠦᠷᠢ 60 ᠲᠦᠮᠡᠨ ᠺᠢᠯᠦᠭᠷᠠᠮ ᠵᠢᠷᠠᠭᠠᠬᠠᠢ ᠲᠠᠯᠪᠢᠵᠤ᠂ 50 ᠲᠦᠮᠡᠨ ᠺᠢᠯᠦᠭᠷᠠᠮ ᠱᠦᠭᠦᠵᠦ ᠠᠩᠨᠠᠵᠠᠢ︔ ᠮᠦ ᠪᠦᠷᠢ ᠨᠡᠶᠢᠲᠡ 592.5 ᠲᠦᠮᠡᠨ ᠺᠢᠯᠦᠭᠷᠠᠮ ᠵᠢᠷᠠᠭᠠᠬᠠᠢ ᠲᠠᠯᠪᠢᠵᠤ᠂ 296 ᠲᠦᠮᠡᠨ ᠺᠢᠯᠦᠭᠷᠠᠮ ᠱᠦᠭᠦᠵᠦ ᠠᠩᠨᠠᠵᠠᠢ᠃      ᠰᠢᠮᠳᠠᠭᠤᠯᠤᠨ ᠪᠠᠶᠢᠴᠠᠭᠠᠬᠤ ᠠᠵᠢᠯᠲᠠᠳ ᠲᠤᠬᠠᠢ ᠶᠢᠨ ᠭᠠᠵᠠᠷ ᠲᠤ ᠤᠯᠠᠭᠠᠨᠰᠤᠬᠠᠢ ᠶᠢᠨ ᠲᠡᠵᠢᠭᠡᠪᠦᠷᠢ ᠶᠢᠨ ᠤᠷᠤᠨ ᠪᠦᠰᠡ ᠪᠤᠯᠤᠨ ᠲᠡᠵᠢᠭᠡᠪᠦᠷᠢ ᠶᠢᠨ ᠪᠤᠰᠤ ᠤᠷᠤᠨ ᠪᠦᠰᠡ ᠶᠢ ᠪᠠᠶᠢᠴᠠᠭᠠᠪᠠ᠂ ᠲᠡᠵᠢᠭᠡᠪᠦᠷᠢ ᠶᠢᠨ ᠪᠤᠰᠤ ᠤᠷᠤᠨ ᠪᠦᠰᠡ ᠶᠢᠨ ᠤᠰᠤᠨ ᠤ ᠴᠢᠨᠠᠷ ᠴᠡᠪᠡᠷ ᠲᠤᠩᠭᠠᠯᠠᠭ ᠪᠠᠶᠢᠬᠤ ᠳᠤ ᠲᠡᠵᠢᠭᠡᠪᠦᠷᠢ ᠶᠢᠨ ᠤᠷᠤᠨ ᠪᠦᠰᠡ ᠶᠢᠨ ᠤᠰᠤᠨ ᠤ ᠴᠢᠨᠠᠷ ᠬᠠᠷᠠᠬᠠᠨ ᠪᠤᠯᠠᠩᠬᠢᠷ ᠲᠠᠢ ᠪᠠᠶᠢᠪᠠ᠃ ᠲᠤᠬᠠᠢ ᠶᠢᠨ ᠭᠠᠵᠠᠷ ᠲᠤᠨᠢ ᠦᠯᠢᠭᠡᠷ ᠠᠪᠴᠦ ᠬᠡᠮᠵᠢᠨ ᠪᠠᠶᠢᠴᠠᠭᠠᠬᠤ ᠪᠠᠷ ᠳᠠᠮᠵᠢᠵᠦ᠂ ᠲᠡᠵᠢᠭᠡᠪᠦᠷᠢ ᠶᠢᠨ ᠪᠤᠰᠤ ᠤᠷᠤᠨ ᠪᠦᠰᠡ ᠶᠢᠨ ᠤᠰᠤᠨ ᠤ ᠴᠢᠨᠠᠷ IV ᠲᠦᠷᠦᠯ ᠳᠤ ᠬᠦᠷᠴᠦ᠂ ᠬᠠᠷᠢᠨ ᠲᠡᠵᠢᠭᠡᠪᠦᠷᠢ ᠶᠢᠨ ᠤᠷᠤᠨ ᠪᠦᠰᠡ ᠶᠢᠨ ᠤᠰᠤᠨ ᠤ ᠴᠢᠨᠠᠷ V ᠲᠦᠷᠦᠯ ᠳᠤ ᠬᠦᠷᠴᠡᠢ᠂ ᠲᠡᠵᠢᠭᠡᠪᠦᠷᠢ ᠶᠢᠨ ᠪᠤᠰᠤ ᠤᠷᠤᠨ ᠪᠦᠰᠡ ᠶᠢᠨ ᠤᠰᠤᠨ ᠤ ᠴᠢᠨᠠᠷ ᠲᠡᠵᠢᠭᠡᠪᠦᠷᠢ ᠶᠢᠨ ᠤᠷᠤᠨ ᠪᠦᠰᠡ ᠠᠴᠠ ᠮᠡᠳᠡᠭᠳᠡᠮ᠎ᠡ ᠰᠠᠶᠢᠨ ᠪᠠᠶᠢᠪᠠ᠃      ᠭᠤᠷᠪᠠ᠂ ᠰᠢᠯᠲᠠᠭᠠᠠ ᠤ ᠵᠠᠲᠠᠯᠤᠯᠲᠠ      ᠱᠠᠯᠠᠪᠲᠠᠭᠤᠯᠤᠨ ᠪᠠᠶᠢᠴᠠᠭᠠᠯᠲᠠ ᠳᠤ᠂ ᠤᠯᠠᠭᠠᠠᠰᠤᠬᠠᠢ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠠᠵᠢᠯ ᠲᠤᠮᠲᠠ᠂ ᠦᠪᠡᠷᠲᠡᠭᠡᠡ ᠵᠠᠰᠠᠬᠤ ᠤᠷᠤᠨ ᠤ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠯᠤᠨ ᠪᠠᠶᠠᠠᠨᠠᠭᠤᠷ ᠬᠤᠲᠠ ᠳᠤ ᠬᠠᠷᠢᠭᠤᠴᠠᠯᠭ᠎ᠠ ᠶᠢᠨ ᠤᠬᠠᠮᠰᠠᠷ ᠴᠢᠩᠭ᠎ᠠ ᠪᠢᠰᠢ᠂ ᠨᠠᠶᠢᠳᠠᠪᠤᠷᠢᠵᠢᠭᠤᠯᠬᠤ ᠶᠢ ᠠᠬᠢᠭᠤᠯᠤᠭᠰᠠᠠ ᠨᠢ ᠬᠦᠴᠤᠨ ᠦᠭᠡᠢ᠂ ᠴᠡᠭᠴᠡᠯᠡᠡ ᠰᠠᠶᠢᠵᠢᠷᠠᠭᠤᠯᠬᠤ ᠠᠵᠢᠯ ᠨᠢ ᠪᠤᠲᠠᠲᠠᠢ ᠪᠢᠰᠢ ᠪᠠᠶᠢᠬᠤ ᠵᠡᠷᠭᠡ ᠠᠰᠠᠭᠤᠲᠠᠯ ᠤᠷᠤᠰᠢᠵᠦ ᠪᠠᠶᠢᠬᠤ ᠶᠢ ᠤᠯᠵᠦ ᠮᠡᠲᠡᠵᠠᠢ᠃      ᠦᠪᠡᠷᠲᠡᠭᠡᠡ ᠵᠠᠰᠬᠠᠤ ᠤᠷᠤᠨ ᠤ ᠬᠦᠭᠵᠢᠭᠦᠯᠦᠯᠲᠠ ᠦᠭᠡᠷᠡᠴᠢᠯᠡᠯᠲᠡ ᠶᠢᠨ ᠵᠦᠪᠯᠡᠯ ᠲᠦᠯᠦᠪᠵᠢᠭᠦᠯᠭᠡ ᠶᠢ ᠬᠢᠨᠠᠠ ᠪᠠᠶᠢᠴᠠᠭᠠᠬᠤ ᠳᠠᠭᠠᠨ᠂ ᠲᠦᠯᠦᠪᠵᠢᠭᠦᠯᠭᠡ ᠶᠢᠨ ᠬᠠᠷᠠᠯᠲᠠ᠂ ᠡᠬᠦᠷᠭᠡ ᠪᠤᠯᠤᠨ ᠠᠷᠭ᠎ᠠ ᠬᠡᠮᠵᠢᠶ᠎ᠠ ᠳᠤ ᠬᠦᠨᠵᠡᠭᠡᠢ ᠰᠤᠲᠤᠯᠤᠯᠲᠠ ᠬᠢᠭᠰᠡᠡ ᠢᠶᠠᠷ ᠬᠦᠷᠦᠯᠴᠡᠬᠦ ᠦᠭᠡᠢ᠂ ᠬᠢᠨᠠᠠ ᠬᠠᠷᠠᠭᠤᠯᠤᠭᠰᠠᠨ ᠨᠢ ᠰᠤᠯᠠ ᠪᠤᠯᠤᠭᠰᠠᠨ ᠠᠴᠠ ᠲᠦᠯᠦᠪᠵᠢᠭᠦᠯᠭᠡ ᠶᠢᠨ ᠱᠠᠭᠠᠷᠲᠠᠯᠭ᠎ᠠ ᠪᠤᠯᠤᠨ ᠪᠤᠲᠠᠲᠤ ᠠᠵᠢᠯ ᠨᠢ ︽ᠬᠤᠶᠠᠷ ᠶᠠᠩᠵᠦ︾ ᠪᠤᠯᠵᠠᠢ᠃ ᠱᠠᠯᠠᠪᠲᠠᠭᠤᠯᠤᠨ ᠪᠠᠶᠢᠴᠠᠭᠠᠵᠤ ᠴᠡᠭᠴᠡᠯᠡᠡ ᠰᠠᠶᠢᠵᠢᠷᠠᠭᠤᠯᠬᠤ ᠲᠠᠭᠠᠭᠤᠯᠤᠭᠴᠢ ᠰᠠᠯᠠᠭ᠎ᠠ ᠮᠦᠴᠢᠷ ᠪᠤᠯᠤᠭᠰᠠᠠ ᠤ ᠬᠤᠪᠢ ᠳᠤ᠂ ᠲᠦᠯᠦᠪᠵᠢᠭᠦᠯᠭᠡ ᠶᠢ ᠠᠬᠢᠭᠤᠯᠬᠤ ᠲᠤᠮᠲᠠ᠂ ᠴᠡᠭᠴᠡᠯᠡᠡ ᠰᠠᠶᠢᠵᠢᠷᠠᠭᠤᠯᠬᠤ ᠡᠬᠦᠷᠭᠡ ᠶᠢ ᠵᠠᠲᠠᠯᠤᠭᠰᠠᠠ ᠦᠭᠡᠢ ᠪᠦᠭᠡᠳ ᠪᠠᠰᠠ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠲᠤᠳᠤᠷᠬᠠᠶᠢᠯᠠᠭᠰᠠᠨ ᠦᠭᠡᠢ ᠂ 2018 ᠤᠨ ᠤ 5 ᠳ᠋ᠤᠭᠠᠷ ᠰᠠᠷ᠎ᠠ ᠶᠢᠨ 31᠎ ᠤ ᠡᠲᠦᠷ ︽ᠡᠷᠬᠢᠨ ᠬᠠᠷᠠᠬᠤ︾ ᠳᠤᠭᠤᠶᠢᠯᠠᠩ ᠤᠨ ᠬᠢᠨ ᠤᠷᠤᠵᠦ ᠰᠠᠭᠤᠬᠤ ᠠᠴᠠ ᠡᠮᠦᠨᠡᠭᠡᠡ ᠰᠠᠶ᠋ᠢ ᠶᠠᠭᠠᠷᠠᠤ ᠰᠠᠠᠲᠤᠷᠤᠤ ︽ᠲᠦᠪ ᠤᠨ ᠤᠷᠴᠢᠨ ᠲᠤᠭᠤᠷᠢᠨ ᠤ ᠬᠠᠮᠠᠭᠠᠯᠠᠯᠲᠠ ᠶᠢ ᠱᠠᠯᠠᠪᠲᠠᠭᠤᠯᠤᠨ ᠪᠠᠶᠢᠴᠠᠭᠠᠯᠲᠠ ᠠᠴᠠ ᠬᠠᠷᠢᠭᠤ ᠲᠤᠰᠬᠠᠭᠰᠠᠠ ᠰᠠᠨᠠᠯ ᠳᠠᠬᠢ ᠤᠯᠠᠭᠠᠠᠰᠤᠬᠠᠢ ᠶᠢ ᠴᠡᠭᠴᠡᠯᠡᠡ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠠᠵᠢᠯ ᠤᠨ ᠬᠤᠪᠢᠶᠠᠷᠢᠯᠠᠯᠳᠠ ᠶᠢᠨ ᠲᠦᠰᠦᠯ︾᠎ ᠢ ᠪᠠᠭᠤᠯᠭᠠᠵᠦ᠂ ᠬᠠᠷᠢᠭᠤᠴᠠᠯᠭ᠎ᠠ ᠪᠠᠨ ᠬᠠᠰᠢ ᠶᠠᠰᠢ ᠪᠠᠷ ᠭᠦᠢᠴᠡᠳᠬᠡᠵᠡᠢ᠃ ᠦᠪᠡᠷᠲᠡᠭᠡᠡ ᠵᠠᠰᠠᠬᠤ ᠤᠷᠤᠨ ᠤ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ ᠵᠤᠬᠢᠴᠠᠭᠤᠯᠵᠦ ᠨᠢᠭᠡᠲᠦᠯᠲᠡᠢ ᠲᠦᠯᠦᠪᠵᠢᠭᠦᠯᠦᠭᠰᠡᠡ ᠢᠶᠠᠷ ᠬᠦᠷᠦᠯᠴᠡᠬᠦ ᠦᠭᠡᠢ᠂ ᠦᠪᠡᠷ ᠦᠪᠡᠷ ᠤᠨ ᠰᠠᠨᠠᠭ᠎ᠠ ᠪᠠᠷ ᠢᠶᠠᠨ ᠬᠢᠵᠦ᠂ ᠠᠵᠢᠯ ᠤᠨ ᠨᠡᠶᠢᠯᠡᠯ ᠬᠦᠴᠦ ᠶᠢ ᠪᠦᠷᠢᠯᠲᠦᠭᠦᠯᠵᠦ ᠴᠢᠳᠠᠭᠰᠠᠨ ᠦᠭᠡᠢ ᠪᠠᠶᠢᠨ᠎ᠠ᠃      ᠪᠠᠶᠠᠠᠨᠠᠭᠤᠷ ᠬᠤᠲᠠ ᠤᠯᠤᠰ ᠲᠦᠷᠦ ᠶᠢᠨ ᠦᠨᠲᠦᠷᠴᠡ ᠠᠴᠠ ᠤᠯᠠᠭᠠᠠᠰᠤᠬᠠᠢ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠲᠦᠢᠯ ᠤᠨ ᠴᠢᠬᠤᠯᠠ ᠴᠢᠨᠠᠷ ᠢ ᠬᠦᠢᠴᠡᠳ ᠲᠠᠨᠢᠭᠰᠠᠠ ᠦᠭᠡᠢ᠂ ᠤᠷᠤᠰᠢᠵᠦ ᠪᠠᠶᠢᠭ᠎ᠠ ᠠᠰᠠᠭᠤᠲᠠᠯ ᠳᠤ ᠲᠤᠲᠤᠷᠬᠠᠢ ᠲᠠᠨᠢᠯᠲᠠ ᠦᠭᠡᠢ ᠪᠠᠶᠢᠵᠤ᠂ ᠤᠯᠤᠭᠰᠠᠠ ᠠᠮᠵᠢᠯᠲᠠ ᠳᠠᠭᠠᠨ ᠯᠡ ᠪᠠᠶᠠᠷᠯᠠᠠ᠂ 9 ᠲᠦᠮᠡᠡ ᠮᠦ ᠲᠡᠵᠢᠭᠡᠪᠦᠷᠢ ᠶᠢᠨ ᠲᠦᠷᠦᠯ ᠵᠦᠢᠯ ᠳᠤ ᠪᠠᠯᠠᠷᠬᠠᠢ ᠤᠪᠤᠷ ᠠᠪᠴᠤ ᠪᠠᠶᠢᠪᠠ᠃ ᠠᠵᠢᠯ ᠎ ᠤᠨ ᠲᠤᠮᠲᠠ ᠪᠠᠨ ᠪᠤᠲᠠᠲᠠᠢ ᠶᠢ ᠠᠳᠬᠤᠬᠤ᠂ ᠨᠠᠶᠢᠳᠠᠪᠤᠷᠢᠵᠢᠭᠤᠯᠬᠤ ᠶᠢ ᠠᠳᠬᠤᠬᠰᠠᠠ ᠢᠶᠠᠷ ᠬᠦᠷᠦᠯᠴᠡᠬᠦ ᠦᠭᠡᠢ᠂ ᠨᠠᠭᠤᠷ ᠤᠨ ᠲᠤᠭᠤᠷᠢᠭ ᠤᠨ ᠤᠰᠤᠨ ᠤ ᠴᠢᠨᠠᠷ ᠢ ᠨᠦᠯᠦᠭᠡᠯᠡᠬᠦ ᠬᠠᠮᠤᠭ ᠤᠨ ᠲᠤᠮᠤ ᠬᠦᠲᠡᠭᠡ ᠠᠵᠦ ᠠᠬᠤᠢ ᠶᠢᠨ ᠤᠯᠠᠠ ᠡᠬᠢᠲᠦ ᠪᠤᠬᠢᠷᠲᠤᠯ ᠳᠤ ᠪᠤᠲᠠᠲᠤ ᠴᠢᠨᠠᠷ ᠲᠠᠢ ᠠᠷᠭ᠎ᠠ ᠬᠡᠮᠵᠢᠶ᠎ᠠ ᠠᠪᠤᠭᠰᠠᠠ ᠦᠭᠡᠢ᠂ ᠲᠤᠲᠤᠷᠬᠠᠢ ᠬᠡᠯᠡᠵᠦ ᠤᠶᠢᠯᠠᠭᠠᠭᠤᠯᠤᠭᠰᠠᠨ ᠦᠭᠡᠢ᠂ ᠬᠠᠰᠢ ᠶᠠᠰᠢ ᠦᠩᠭᠡᠷᠡᠭᠡᠵᠦ᠂ ᠤᠯᠠᠭᠠᠠᠰᠤᠬᠠᠢ ᠶᠢᠨ ᠵᠠᠰᠠᠯᠲᠠ ᠶᠢᠨ ᠤᠷᠲᠤ ᠬᠤᠭᠤᠴᠠᠭᠠᠠ ᠤ ᠪᠦᠲᠦᠮᠵᠢᠳᠤ ᠲᠤᠭᠲᠠᠴᠠ ᠶᠢ ᠬᠠᠷᠠᠬᠠᠠ ᠪᠦᠷᠢᠯᠳᠦᠭᠦᠯᠦᠭᠰᠡᠨ ᠦᠭᠡᠢ ᠪᠠᠶᠢᠨ᠎ᠠ᠃      ᠲᠡᠭᠡᠷ᠎ᠠ ᠲᠤᠷᠠᠲᠤᠭᠰᠠᠠ ᠠᠰᠠᠭᠤᠲᠠᠯ ᠳᠤ ᠴᠢᠭᠯᠡᠭᠦᠯᠵᠦ᠂ ᠵᠠᠢ ᠴᠢᠩ ᠠᠴᠠ ᠦᠪᠡᠷᠲᠡᠭᠡᠡ ᠵᠠᠰᠠᠬᠤ ᠤᠷᠤᠨ ᠤ ᠡᠯ᠎ᠠ ᠬᠤᠯᠪᠤᠭᠲᠠᠯ ᠪᠦᠬᠦᠢ ᠰᠠᠯᠠᠭ᠎ᠠ ᠮᠦᠴᠢᠷ ᠪᠤᠯᠤᠨ ᠪᠠᠶᠠᠠᠨᠠᠭᠤᠷ ᠬᠤᠲᠠ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠪᠤᠯᠤᠨ ᠪᠦᠬᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠤᠯᠤᠰ ᠲᠦᠷᠦ ᠶᠢᠨ ᠪᠠᠶᠢᠷᠢ ᠵᠤᠭᠰᠤᠯᠲᠠ ᠪᠠᠨ ᠦᠨᠡᠡᠭᠦ ᠲᠡᠭᠡᠭᠰᠢᠯᠡᠭᠦᠯᠦᠨ᠂ ᠬᠠᠷᠢᠭᠤᠴᠠᠯᠭ᠎ᠠ ᠡᠬᠦᠷᠭᠡᠯᠡᠯ ᠢᠶᠠᠨ ᠲᠠᠰᠤᠷᠠᠯᠲᠠ ᠦᠭᠡᠢ ᠴᠢᠩᠭᠠᠳᠬᠠᠵᠦ᠂ ᠠᠵᠢᠯ ᠢᠶᠠᠨ ᠪᠤᠲᠠᠲᠠᠢ ᠨᠢᠮᠪᠠᠢ ᠬᠦᠨᠵᠡᠭᠡᠢ ᠬᠢᠬᠦ ᠬᠡᠷᠡᠭᠲᠡᠢ ᠪᠦᠭᠡᠳ ᠲᠦᠯᠦᠪᠵᠢᠭᠦᠯᠭᠡ ᠶᠢᠨ ᠲᠦᠷᠦᠯ ᠵᠦᠢᠯ ᠳᠤ ᠲᠤᠬᠢᠷᠠᠭᠤᠯᠤᠯᠲᠠ ᠬᠢᠵᠦ᠂ ᠬᠦᠲᠡᠭᠡ ᠠᠵᠦ ᠠᠬᠤᠢ ᠶᠢᠨ ᠤᠯᠠᠠ ᠡᠬᠢᠲᠦ ᠪᠤᠬᠢᠷᠲᠤᠯ ᠢ ᠵᠠᠰᠠᠬᠤ᠂ ᠰᠦᠩ ᠬᠠᠯᠢᠶ᠎ᠠ ᠶᠢᠨ ᠠᠮᠢ ᠠᠬᠤᠢ ᠶᠢᠨ ᠤᠰᠤ ᠨᠦᠬᠦᠪᠦᠷᠢᠯᠡᠬᠦ᠂ ᠨᠠᠭᠤᠷ ᠤᠨ ᠲᠤᠭᠤᠷᠢᠭ ᠲᠤ ᠬᠡᠪᠴᠢᠶᠡᠵᠢᠭᠦᠯᠦᠨ ᠲᠡᠵᠢᠭᠡᠬᠦ᠂ ᠪᠤᠵᠠᠷ ᠤᠰᠤ ᠶᠢ ᠬᠤᠷᠢᠶᠠᠠ ᠴᠤᠭᠯᠠᠭᠤᠯᠬᠤ ᠬᠤᠭᠤᠯᠠᠢ ᠲᠤᠤᠷ᠂ ᠨᠤᠭᠤ ᠭᠠᠵᠠᠷ ᠤᠨ ᠠᠵᠢᠯᠯᠠᠭ᠎ᠠ ᠶᠢᠨ ᠬᠠᠮᠢᠶᠠᠷᠤᠯᠲᠠ᠂ ᠤᠷᠲᠤ ᠬᠤᠭᠤᠴᠠᠭᠠᠨ ᠤ ᠪᠦᠲᠦᠮᠵᠢᠲᠠᠢ ᠲᠤᠭᠲᠠᠴᠠ ᠶᠢ ᠪᠠᠶᠢᠭᠤᠯᠬᠤ ᠵᠡᠷᠭᠡ ᠪᠤᠲᠠᠲᠠᠢ ᠠᠰᠠᠭᠤᠲᠠᠯ ᠳᠤ ᠴᠡᠭᠴᠡᠯᠡᠡ ᠰᠠᠶᠢᠵᠢᠷᠠᠭᠤᠯᠬᠤ ᠱᠠᠭᠠᠷᠲᠠᠯᠭ᠎ᠠ ᠶᠢ ᠲᠤᠳᠤᠷᠬᠠᠶᠢᠯᠠᠬᠤ ᠬᠡᠷᠡᠭᠲᠡᠢ᠃ ᠱᠠᠯᠠᠪᠲᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠴᠢᠨᠠᠭᠰᠢᠲᠠ ᠪᠠᠶᠢᠳᠠᠯ ᠢ ᠰᠢᠯᠤᠭᠤᠳᠬᠠᠵᠦ᠂ ᠲᠠᠷᠠᠭᠠᠴᠢ ᠶᠢᠨ ᠡᠯ᠎ᠠ ᠵᠦᠢᠯ ᠤᠨ ᠱᠠᠯᠠᠪᠲᠠᠭᠤᠯᠤᠨ ᠪᠠᠶᠢᠴᠠᠭᠠᠬᠤ ᠠᠵᠢᠯ ᠢᠶᠠᠨ ᠰᠠᠶᠢᠲᠤᠷ ᠬᠢᠬᠦ ᠭᠡᠷᠡᠭᠲᠡᠢ ᠭᠡᠵᠦ ᠱᠠᠭᠠᠷᠲᠠᠭᠰᠠᠠ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号