ᠳᠡᠭᠡᠷ᠎ᠡ ᠬᠠᠭᠠᠰ ᠵᠢᠯ ᠳᠤ ᠦᠬᠠᠶ ᠬᠤᠲᠠ ᠶᠢᠨ ᠬᠤᠲᠠ ᠪᠠᠯᠭᠠᠰᠤ ᠶᠢᠨ 4530 ᠬᠥᠮᠥᠨ ᠰᠢᠨ᠎ᠡ ᠪᠠᠷ ᠠᠵᠢᠯ ᠣᠯᠵᠠᠢ
ᠨᠡᠶᠢᠲᠡᠯᠡᠭᠰᠡᠨ ᠴᠠᠭ᠄
2018/7/4
     6 ᠳ᠋ᠤᠭᠠᠷ ᠰᠠᠷ᠎ᠠ ᠶᠢᠨ ᠡᠴᠦᠰ ᠪᠣᠯᠲᠠᠯ᠎ᠠ᠂ ᠪᠦᠬᠦ ᠬᠤᠲᠠ ᠶᠢᠨ ᠬᠤᠲᠠ ᠪᠠᠯᠭᠠᠰᠤ ᠶᠢᠨ 4530 ᠬᠥᠮᠥᠨ ᠰᠢᠨ᠎ᠡ ᠪᠠᠷ ᠠᠵᠢᠯ ᠣᠯᠵᠠᠢ᠂ ᠡᠭᠦᠨ ᠳᠤ᠄ ᠬᠤᠳᠠ ᠪᠠᠯᠭᠠᠰᠤ ᠶᠢᠨ ᠠᠵᠢᠯ ᠠᠯᠳᠠᠭᠰᠠᠳ ᠠᠴᠠ1850 ᠬᠥᠮᠥᠨ ᠨᠢ ᠳᠠᠬᠢᠨ ᠠᠵᠢᠯ ᠣᠯᠵᠤ᠂ ᠠᠵᠢᠯ ᠤᠯᠬᠤ ᠳᠤ ᠬᠦᠴᠢᠷᠲᠡᠶ ᠬᠥᠮᠦᠰ ᠠᠴᠠ 1237  ᠬᠥᠮᠥᠨ ᠨᠢ ᠠᠵᠢᠯ ᠣᠯᠵᠠᠢ᠃      ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠦᠬᠠᠶ ᠬᠤᠲᠠ ᠠᠵᠢᠯ ᠣᠯᠭᠤᠯᠲᠠ ᠶᠢᠨ ᠶᠡᠷᠦᠩᠬᠡᠶ ᠬᠡᠮᠵᠢᠶ᠎ᠡ ᠶᠢ ᠥᠷᠭᠡᠳᠬᠡᠬᠦ ᠪᠠᠷ ᠭᠠᠷᠳᠠᠴᠠ ᠪᠣᠯᠭᠠᠵᠤ ᠬᠥᠳᠡᠯᠮᠦᠷᠢ ᠬᠦᠴᠦᠨ ᠳᠤ ᠠᠵᠢᠯ ᠣᠯᠭᠤᠬᠤ ᠶᠢ  ᠠᠬᠢᠭᠤᠯᠤᠨ᠂ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠶᠢᠨ ᠪᠠᠶᠢᠴᠠᠭᠠᠨ ᠰᠤᠳᠤᠯᠤᠯᠲᠠ ᠬᠢᠵᠦ᠂ ᠠᠵᠢᠯᠴᠢᠨ ᠬᠡᠷᠡᠭᠯᠡᠬᠦ ᠠᠵᠢᠯ ᠤᠨ ᠪᠠᠶᠢᠷᠢ 5831᠎ ᠶᠢ ᠴᠤᠭᠯᠠᠭᠤᠯᠵᠤ᠂ ᠡᠯ᠎ᠡ ᠲᠥᠷᠥᠯ ᠤᠨ ᠤᠷᠢᠵᠤ ᠡᠯᠰᠡᠬᠦ ᠬᠤᠷᠠᠯ ᠢ 23 ᠲᠠᠯᠠᠪᠠᠢ ᠡᠷᠬᠢᠯᠡᠵᠦ᠂ ᠠᠵᠢᠯ ᠣᠯᠬᠤ ᠬᠦᠰᠡᠯ ᠲᠠᠢ 8201 ᠬᠥᠮᠦᠨ ᠤᠳᠠᠭ᠎ᠠ ᠲᠠᠢ ᠰᠠᠨᠠᠮᠵᠢ ᠲᠣᠭᠲᠠᠪᠠ᠃  ᠭᠤᠣᠯᠳᠠᠯᠭ᠎ᠠ ᠲᠠᠢ ᠪᠦᠯᠬᠦᠮ ᠨᠡᠶᠢᠲᠡ ᠳᠤ ᠠᠵᠢᠯ ᠣᠯᠭᠤᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠪᠠᠷ ᠳᠠᠮᠵᠢᠭᠤᠯᠤᠨ ᠠᠵᠢᠯ ᠤᠯᠬᠤ ᠳᠤ ᠬᠦᠴᠢᠷᠲᠡᠶ 174 ᠬᠥᠮᠦᠨ ᠢ ᠲᠣᠬᠢᠷᠠᠭᠤᠯᠤᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠬᠥᠮᠦᠰ  ᠲᠤ ᠵᠣᠷᠢᠭᠤᠯᠤᠨ ᠲᠤᠰᠬᠠᠶ ᠡᠯᠰᠡᠨ ᠤᠷᠢᠬᠤ ᠬᠤᠷᠠᠯ ᠢ ᠵᠣᠬᠢᠶᠠᠨ ᠪᠠᠶᠢᠭᠤᠯᠵᠤ᠂ 800 ᠰᠢᠬᠠᠮ ᠬᠥᠮᠥᠨ ᠢ ᠬᠠᠪᠰᠤᠷᠴᠤ ᠠᠵᠢᠯ ᠣᠯᠭᠤᠪᠠ︔ ᠤᠳᠠ ᠲᠣᠭᠤᠷᠢᠭ ᠯᠤᠭ᠎ᠠ ᠬᠠᠮᠵᠢᠯᠴᠠᠨ ᠥᠪᠥᠷ ᠮᠣᠩᠭᠤᠯ ᠤᠨ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠤᠰᠬᠠᠶ ᠡᠯᠰᠡᠨ ᠤᠷᠢᠬᠤ ᠬᠤᠷᠠᠯ ᠡᠷᠬᠢᠯᠡᠵᠦ᠂ 14 ᠠᠵᠤ ᠠᠬᠤᠶᠢᠯᠠᠯ ᠨᠢ 79 ᠲᠡᠭᠦᠰᠦᠭᠰᠡᠳ ᠯᠦᠭᠡ ᠠᠵᠢᠯ ᠤᠨ ᠪᠠᠶᠢᠷᠢ ᠶᠢ ᠣᠷᠣᠯᠠᠬᠤ ᠳᠠᠳᠤᠯᠭ᠎ᠠ᠂ ᠤᠷᠢᠳᠴᠢᠯᠠᠨ ᠠᠵᠢᠯ ᠣᠯᠭᠤᠬᠤ ᠵᠥᠪᠳᠡᠯᠴᠡᠭᠡᠷ ᠲᠣᠭᠲᠠᠵᠤ᠂ 8 ᠠᠵᠤ ᠠᠬᠤᠶᠢᠯᠠᠯ ᠨᠢ ᠳᠡᠭᠡᠳᠦ ᠰᠤᠷᠭᠠᠭᠤᠯᠢ ᠯᠤᠭ᠎ᠠ ᠳᠠᠳᠤᠯᠭ᠎ᠠ ᠬᠢᠬᠦ᠂ ᠠᠵᠢᠯ ᠣᠯᠭᠤᠬᠤ ᠵᠥᠪᠳᠡᠯᠴᠡᠭᠡᠷ ᠲᠣᠭᠲᠠᠭᠰᠠᠨ ᠪᠦᠭᠡᠳ ᠵᠠᠰᠠᠭ ᠤᠨ ᠣᠷᠳᠣᠨ ᠰᠤᠷᠭᠠᠭᠤᠯᠢ ᠪᠣᠯᠤᠨ ᠠᠵᠤ ᠠᠬᠤᠶᠢᠯᠠᠯ ᠤᠨ ᠭᠤᠷᠪᠠᠨ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠥᠪᠳᠡᠯᠴᠡᠭᠡᠷ ᠲᠣᠭᠲᠠᠵᠠᠢ᠃ ᠬᠤᠳᠠ ᠶᠢᠨ ᠠᠵᠢᠯ ᠣᠯᠭᠤᠬᠤ ᠰᠠᠯᠠᠭ᠎ᠠ ᠮᠥᠴᠢᠷ ᠪᠠᠰᠠ ᠠᠵᠢᠯ ᠣᠯᠭᠤᠬᠤ ᠠᠳᠠᠯ ᠦᠢᠯᠡᠰ ᠴᠣᠭᠴᠠᠯᠠᠬᠤ ᠲᠦᠷᠦ ᠶᠢᠨ ᠪᠤᠳᠤᠯᠭ᠎ᠠ ᠶᠢ ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠲᠦᠷᠦ ᠶᠢᠨ ᠪᠤᠳᠤᠯᠭ᠎ᠠ ᠶᠢᠨ ᠬᠡᠷᠡᠭᠵᠢᠭᠦᠯᠦᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠢᠯᠡᠴᠢᠯᠡᠭᠦᠯᠬᠦ ᠬᠥᠮᠥᠰ ᠤᠨ ᠡᠷᠬᠡ ᠠᠰᠢᠭ ᠢ ᠪᠠᠲᠤᠯᠠᠭᠰᠠᠨ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号