ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ | ᠲᠤᠭᠤᠶᠢᠯᠠᠩ ᠮᠠᠨ ᠤ ᠤᠷᠤᠨ ᠳᠤ ᠢᠷᠡᠵᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠢᠮᠳᠠᠭᠤᠯᠤᠨ | ᠪᠠᠶᠢᠴᠠᠭᠠᠯᠲᠠ ᠶᠢᠨ ᠪᠤᠴᠠᠵᠤ ᠪᠠᠶᠢᠴᠠᠭᠠᠨ ᠦᠵᠡᠬᠦ ᠠᠵᠢᠯ ᠥᠷᠨᠢᠭᠦᠯᠦᠭᠰᠡᠨ ᠠᠴᠠ ᠨᠠᠰᠢ᠂ ᠦᠪᠡᠷᠳᠡᠭᠡᠨ ᠵᠠᠰᠠᠬᠤ | ᠤᠷᠤᠨ ᠠᠴᠠ ᠰᠢᠮᠳᠠᠭᠤᠯᠤᠨ ᠪᠠᠶᠢᠴᠠᠭᠠᠬᠤ ᠶᠢᠨ ᠲᠠᠭᠠᠤ ᠴᠡᠭᠴᠡᠯᠡᠨ ᠰᠠᠶᠢᠵᠢᠷᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠠᠤᠯᠢ ᠲᠤᠭᠳᠠᠭᠠᠯ ᠶᠤᠰᠤᠭᠠᠷ ᠴᠢᠩᠭ᠎ᠠ ᠬᠠᠷᠢᠭᠤᠴᠠᠯᠭ᠎ᠠ ᠨᠡᠭᠡᠮᠵᠢᠯᠡᠨ ᠬᠠᠷᠢᠭᠤᠴᠠᠯᠭ᠎ᠠ ᠲᠤᠯᠭᠠᠵᠤ᠂ | ᠤᠯᠠᠨ ᠲᠦᠮᠡᠨ ᠤ ᠢᠯᠡᠴᠢᠯᠡᠨ ᠮᠡᠳᠡᠬᠦᠯᠦᠭᠰᠡᠨ ᠠᠮᠢ ᠠᠬᠤᠢ ᠤᠷᠴᠢᠨ ᠲᠤᠭᠤᠷᠢᠨ ᠤ ᠠᠰᠠᠭᠤᠳᠠᠯ ᠢ ᠦᠨᠡᠨᠬᠦ | ᠰᠢᠢᠳᠪᠦᠷᠢᠯᠡᠵᠠᠢ᠃ ᠤᠶᠢᠷ᠎ᠠ ᠳᠤ ᠦᠪᠡᠷᠳᠡᠬᠡᠨ ᠵᠠᠰᠠᠬᠤ ᠤᠷᠤᠨ ᠠᠴᠠ ᠨᠡᠶᠢᠳᠡᠯᠢᠭ ᠭᠡᠷᠡᠭ ᠲᠤ ᠬᠠᠷᠢᠭᠤᠴᠠᠯᠭ᠎ᠠ | ᠲᠤᠯᠭᠠᠬᠰᠠᠨ ᠪᠠᠶᠢᠳᠠᠯ ᠢ ᠲᠤᠤᠷᠠᠬᠢ ᠮᠡᠳᠤ ᠪᠠᠷ ᠵᠠᠷᠯᠠᠨ ᠨᠡᠶᠢᠳᠡᠯᠡᠪᠡ᠃ | ᠨᠢᠬᠡ᠂ ᠬᠦᠬᠡᠬᠤᠳᠡ ᠶᠢᠨ ᠴᠢᠩ ᠱᠦᠢ ᠡᠾᠧ ᠰᠢᠶᠠᠨ ᠤ ᠶᠢᠨ ᠮᠧᠩ ᠷᠧᠨ ᠵᠢᠶᠠ ᠲᠠᠷᠢᠵᠤ ᠲᠡᠵᠢᠬᠡᠨ | ᠦᠷᠡᠵᠢᠬᠦᠯᠬᠦ ᠲᠠᠷᠢᠶᠠᠴᠢᠨ ᠤ ᠲᠤᠰᠬᠠᠢ ᠬᠤᠷᠰᠢᠶᠠᠵᠢᠯ ᠤᠨ ᠬᠠᠤᠯᠢ ᠪᠤᠰᠤ ᠪᠠᠷ ᠭᠠᠵᠡᠷ ᠡᠵᠡᠯᠡᠭᠰᠡᠨ ᠠᠰᠠᠭᠤᠳᠠᠯ ᠳᠤ | ᠬᠠᠷᠢᠭᠤᠴᠠᠯᠭ᠎ᠠ ᠲᠤᠯᠭᠠᠪᠠ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ | ᠲᠤᠭᠤᠶᠢᠯᠠᠩ ᠤᠨ ᠰᠢᠯᠵᠢᠬᠦᠯᠦᠨ ᠦᠭᠴᠤ ᠬᠦᠢᠴᠡᠳᠬᠡᠬᠦᠯᠦᠭᠰᠡᠨ ᠬᠦᠬᠡᠬᠤᠳᠡ ᠶᠢᠨ ᠴᠢᠩ ᠱᠦᠢ ᠡᠾᠧ ᠰᠢᠶᠠᠨ ᠤ | ᠶᠢᠨ ᠮᠧᠩ ᠷᠧᠨ ᠵᠢᠶᠠ ᠲᠠᠷᠢᠵᠤ ᠲᠡᠵᠢᠬᠡᠨ ᠦᠷᠡᠵᠢᠬᠦᠯᠬᠦ ᠲᠠᠷᠢᠶᠠᠴᠢᠨ ᠤ ᠲᠤᠰᠬᠠᠢ ᠬᠤᠷᠰᠢᠶᠠᠵᠢᠯ ᠤᠨ ᠬᠠᠤᠯᠢ | ᠪᠤᠰᠤ ᠪᠠᠷ ᠭᠠᠵᠡᠷ ᠡᠵᠡᠯᠡᠭᠰᠡᠨ ᠠᠰᠠᠭᠤᠳᠠᠯ ᠳᠤ᠂ ᠴᠢᠩ ᠱᠦᠢ ᠡᠾᠧ ᠰᠢᠶᠠᠨ ᠲᠠᠷᠤᠢ ᠲᠦᠷᠬᠡᠨ ᠤᠯᠤᠰ ᠤᠨ | ᠭᠠᠵᠡᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠡ᠂ ᠰᠢᠶᠠᠨ ᠤ ᠠᠷᠠᠳ ᠤᠨ ᠰᠢᠬᠦᠬᠦ ᠬᠤᠷᠢᠶ᠎ᠡ᠂ ᠰᠢᠶᠠᠨ ᠤ ᠤᠢ | ᠰᠢᠭᠤᠢ ᠶᠢᠨ ᠲᠤᠪᠴᠢᠶ᠎ᠡ ᠵᠡᠷᠬᠡ ᠬᠤᠯᠪᠤᠬᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠤᠨ᠂ ᠲᠤᠰᠬᠠᠬᠰᠠᠨ | ᠠᠰᠠᠭᠤᠳᠠᠯ ᠢ ᠪᠠᠶᠢᠴᠠᠭᠠᠨ ᠬᠠᠷᠭᠤᠭᠤᠯᠵᠡᠢ᠃ ᠴᠢᠩ ᠱᠦᠢ ᠡᠾᠧ ᠰᠢᠶᠠᠨ ᠤ ᠤᠯᠤᠰ ᠤᠨ ᠭᠠᠵᠡᠷ ᠰᠢᠷᠤᠢ ᠶᠢᠨ | ᠡᠬᠢ ᠪᠠᠶᠠᠯᠢᠭ ᠤᠨ ᠲᠤᠪᠴᠢᠶ᠎ᠡ ᠪᠤᠳᠠᠳᠤ ᠪᠠᠶᠢᠳᠠᠯ ᠢ ᠦᠨᠳᠦᠰᠦᠯᠡᠨ᠂ ᠴᠢᠩ ᠱᠦᠢ ᠡᠾᠧ ᠰᠢᠶᠠᠨ ᠤ ᠶᠢᠨ ᠮᠧᠩ | ᠷᠧᠨ ᠵᠢᠶᠠ ᠲᠠᠷᠢᠵᠤ ᠲᠡᠵᠢᠬᠡᠨ ᠦᠷᠡᠵᠢᠬᠦᠯᠬᠦ ᠲᠠᠷᠢᠶᠠᠴᠢᠨ ᠤ ᠲᠤᠰᠬᠠᠢ ᠬᠤᠷᠰᠢᠶᠠᠵᠢᠯ ᠳᠤ ᠵᠠᠰᠠᠬ ᠵᠠᠬᠢᠷᠭᠠᠨ ᠤ | ᠲᠤᠷᠭᠠᠭᠤᠯᠢ ᠶᠢᠨ ᠰᠢᠳᠭᠡᠯ ᠦᠭᠴᠤ᠂ ᠭᠠᠵᠡᠷ ᠰᠢᠷᠤᠢ ᠶᠢ ᠪᠤᠴᠠᠭᠠᠬᠤ ᠶᠢ ᠵᠠᠷᠯᠢᠬᠳᠠᠵᠡᠢ︔ 2001 ᠲᠡᠭᠰᠢ | ᠲᠦᠷᠪᠡᠯᠵᠢᠨ ᠮᠧᠲᠷ ᠤᠨ ᠪᠠᠷᠢᠯᠭ᠎ᠠ ᠶᠢ ᠬᠤᠷᠢᠶᠡᠨ ᠠᠪᠴᠡᠢ︔ 14477 ᠲᠦᠬᠦᠷᠢᠭ ᠢᠶᠠᠷ ᠲᠤᠷᠭᠠᠵᠡᠢ︔ ᠴᠢᠩ | ᠱᠦᠢ ᠡᠾᠧ ᠰᠢᠶᠠᠨ ᠬᠠᠤᠯᠢ ᠲᠤᠬᠳᠠᠭᠠᠯ ᠶᠤᠰᠤᠭᠠᠷ ᠬᠤᠯᠪᠤᠬᠳᠠᠯ ᠪᠦᠬᠦᠢ ᠬᠦᠮᠦᠰ ᠲᠤ ᠬᠠᠷᠢᠭᠤᠴᠠᠯᠭ᠎ᠠ ᠲᠤᠯᠭᠠᠵᠤ᠂ | ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠴᠢᠩᠭ᠎ᠠ ᠬᠡᠷᠡᠭᠵᠢᠬᠦᠯᠵᠤ ᠴᠢᠳᠠᠭ᠎ᠠ ᠦᠬᠡᠢ ᠲᠤᠬᠠᠢ ᠶᠢᠨ ᠦᠶ᠎ᠡ ᠶᠢᠨ ᠯᠤᠤ | ᠨᠢᠤ ᠸᠠᠨ ᠪᠠᠯᠭᠠᠰᠤ ᠶᠢᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠼᠦᠢ ᠫᠧᠩ ᠲᠠᠢ | ᠰᠡᠷᠡᠮᠵᠢᠯᠡᠬᠦᠯᠦᠨ ᠶᠠᠷᠢᠯᠴᠠᠵᠤ᠂ ᠲᠠᠷᠤᠢ ᠲᠦᠷᠬᠡᠨ ᠬᠡᠷᠡᠭ ᠪᠤᠯᠭᠠᠨ ᠲᠠᠩᠰᠠᠯᠠᠭᠤᠯᠤᠬᠰᠠᠨ ᠦᠬᠡᠢ ᠲᠤᠬᠠᠢ ᠶᠢᠨ ᠦᠶ᠎ᠡ | ᠶᠢᠨ ᠴᠢᠩ ᠱᠦᠢ ᠡᠾᠧ ᠰᠢᠶᠠᠨ ᠤ ᠠᠷᠠᠳ ᠤᠨ ᠰᠢᠬᠦᠬᠦ ᠬᠤᠷᠢᠶᠡᠨ ᠤ ᠬᠡᠷᠡᠭ ᠪᠤᠯᠭᠠᠨ ᠲᠠᠩᠰᠠᠯᠠᠭᠤᠯᠬᠤ ᠲᠢᠩᠬᠢᠮ | ᠤᠨ ᠲᠠᠷᠤᠭ᠎ᠠ ᠲᠦᠩ ᠯᠧ ᠲᠠᠢ ᠰᠡᠷᠡᠮᠵᠢᠯᠡᠬᠦᠯᠦᠨ ᠶᠠᠷᠢᠯᠴᠠᠪᠠ︔ ᠲᠤᠬᠠᠢ ᠶᠢᠨ ᠦᠶ᠎ᠡ ᠶᠢᠨ ᠯᠤᠤ ᠨᠢᠤ ᠸᠠᠨ | ᠪᠠᠯᠭᠠᠰᠤ ᠶᠢᠨ ᠶᠢᠩ ᠫᠠᠨ ᠮᠤᠤ ᠲᠤᠰᠬᠤᠨ ᠤ ᠨᠠᠮ ᠤᠨ ᠡᠬᠦᠷ ᠤᠨ ᠱᠦᠵᠢ ᠱᠢ ᠢᠤᠢ ᠱᠠᠨ ᠳᠤ ᠨᠠᠮ ᠤᠨ | ᠲᠤᠳᠤᠭᠠᠳᠤ ᠳᠤ ᠴᠢᠩᠭ᠎ᠠ ᠲᠤᠩᠭᠤᠳᠬᠤ ᠰᠢᠳᠬᠡᠯ ᠤᠯᠭᠤᠪᠡ᠃ | ᠬᠤᠶᠡᠷ᠂ ᠬᠦᠬᠡᠬᠤᠳᠡ ᠶᠢᠨ ᠥᠴᠤᠸᠠᠨ ᠰᠢᠶᠠᠨ ᠲᠤᠭᠤᠰᠬᠠᠨ ᠦᠢᠯᠡᠳᠪᠤᠷᠢ ᠬᠤᠯᠠᠩ ᠢᠶᠠᠷ ᠤᠳᠤᠭ᠎ᠠ | ᠭᠠᠳᠠᠬᠰᠢᠯᠠᠭᠤᠯᠤᠨ ᠠᠭᠠᠷ ᠢ ᠪᠤᠬᠢᠷᠳᠤᠭᠤᠯᠵᠤ ᠪᠠᠶᠢᠭ᠎ᠠ ᠠᠰᠠᠭᠤᠳᠠᠯ ᠳᠤ ᠬᠠᠷᠢᠭᠤᠴᠠᠯᠭ᠎ᠠ ᠲᠤᠯᠭᠠᠪᠠ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ | ᠲᠤᠭᠤᠶᠢᠯᠠᠩ ᠤᠨ ᠰᠢᠯᠵᠢᠬᠦᠯᠦᠨ ᠦᠭᠴᠤ ᠬᠦᠢᠴᠡᠳᠬᠡᠬᠦᠯᠦᠭᠰᠡᠨ ᠬᠦᠬᠡᠬᠤᠳᠡ ᠶᠢᠨ ᠥᠴᠤᠸᠠᠨ ᠰᠢᠶᠠᠨ ᠤ | ᠲᠤᠭᠤᠰᠬᠠᠨ ᠦᠢᠯᠡᠳᠪᠤᠷᠢ ᠬᠤᠯᠠᠩ ᠢᠶᠠᠷ ᠤᠳᠤᠭ᠎ᠠ ᠭᠠᠳᠠᠬᠰᠢᠯᠠᠭᠤᠯᠤᠨ ᠠᠭᠠᠷ ᠢ ᠪᠤᠬᠢᠷᠳᠤᠭᠤᠯᠵᠤ ᠪᠠᠶᠢᠭ᠎ᠠ | ᠠᠰᠠᠭᠤᠳᠠᠯ ᠳᠤ᠂ ᠥᠴᠤᠸᠠᠨ ᠰᠢᠶᠠᠨ ᠬᠤᠯᠪᠤᠬᠳᠠᠯ ᠪᠦᠬᠦᠢ ᠰᠠᠯᠠᠭ᠎ᠠ ᠮᠦᠴᠢᠷ ᠪᠤᠯᠤᠨ ᠰᠢᠶᠠᠩ ᠪᠠᠯᠭᠠᠰᠤ ᠶᠢ | ᠵᠤᠬᠢᠶᠠᠨ ᠪᠠᠶᠢᠭᠤᠯᠤᠨ ᠬᠠᠤᠯᠢ ᠲᠤᠬᠳᠠᠭᠠᠯ ᠶᠤᠰᠤᠭᠠᠷ᠂ ᠬᠠᠷᠢᠶ᠎ᠡ ᠲᠤᠭᠤᠷᠢᠭ ᠲᠠᠬᠢ 11 ᠲᠤᠭᠤᠰᠬᠠᠨ | ᠦᠢᠯᠡᠳᠪᠤᠷᠢ ᠶᠢ ᠪᠦᠬᠦᠨ ᠢ ᠠᠷᠢᠯᠭᠠᠨ ᠴᠡᠪᠡᠷᠯᠡᠵᠡᠢ᠃ ᠥᠴᠤᠸᠠᠨ ᠰᠢᠶᠠᠨ ᠬᠠᠤᠯᠢ ᠲᠤᠬᠳᠠᠭᠠᠯ ᠶᠤᠰᠤᠭᠠᠷ | ᠬᠤᠯᠪᠤᠬᠳᠠᠯ ᠪᠦᠬᠦᠢ ᠬᠦᠮᠦᠰ ᠲᠤ ᠬᠠᠷᠢᠭᠤᠴᠠᠯᠭ᠎ᠠ ᠲᠤᠯᠭᠠᠨ᠂ ᠬᠦᠬᠡ ᠡᠷᠬᠢ ᠪᠠᠯᠭᠠᠰᠤᠨ ᠤ ᠤᠤᠯ ᠤᠨ ᠨᠠᠮ ᠤᠨ | ᠡᠬᠦᠷ ᠤᠨ ᠱᠦᠵᠢ ᠯᠢ ᠳ᠋ᠧᠩ ᠬᠤᠩ᠂ ᠤᠤᠯ ᠤᠨ ᠪᠠᠯᠭᠠᠰᠤᠨ ᠲᠠᠷᠤᠭ᠎ᠠ ᠹᠠᠨ ᠵᠢᠶᠠᠨ ᠶᠦᠩ᠂ ᠬᠠᠷᠠᠭᠤᠯ ᠪᠠᠯᠭᠠᠰᠤ | ᠶᠢᠨ ᠤᠤᠯ ᠤᠨ ᠨᠠᠮ ᠤᠨ ᠬᠤᠷᠢᠶᠡᠨ ᠤ ᠱᠦᠵᠢ ᠯᠢ ᠬᠦᠸᠧ ᠹᠧᠩ᠂ ᠤᠤᠯ ᠤᠨ ᠪᠠᠯᠭᠠᠰᠤᠨ ᠲᠠᠷᠤᠭ᠎ᠠ ᠸᠠᠩ ᠰᠧ | ᠬᠤ᠋᠂ ᠲᠠᠯᠠᠨ ᠬᠠᠷ᠎ᠡ ᠰᠢᠶᠠᠩ ᠤᠨ ᠤᠤᠯ ᠤᠨ ᠨᠠᠮ ᠤᠨ ᠬᠤᠷᠢᠶᠡᠨ ᠤ ᠱᠦᠵᠢ ᠯᠢ ᠳ᠋ᠦᠩ ᠬᠤᠸᠠ᠂ ᠤᠤᠯ ᠤᠨ | ᠰᠢᠶᠠᠩ ᠤᠨ ᠲᠠᠷᠤᠭ᠎ᠠ ᠯᠢᠤᠢ ᠪᠢᠶᠤᠤ᠂ ᠡᠯ ᠹᠧᠨ ᠽᠢ ᠰᠢᠶᠠᠩ ᠤᠨ ᠨᠠᠮ ᠤᠨ ᠬᠤᠷᠢᠶᠡᠨ ᠤ ᠱᠦᠵᠢ ᠰᠢᠩ ᡁᠢ | ᠡᠾᠧᠩ᠂ ᠤᠤᠯ ᠤᠨ ᠰᠢᠶᠠᠩ ᠤᠨ ᠲᠠᠷᠤᠭ᠎ᠠ ᠯᠢᠤ ᠵᠢᠶᠠᠨ ᠶᠧ᠂ ᠲᠡᠬᠡᠷ᠎ᠡ ᠲᠤᠬᠤᠢ ᠰᠢᠶᠠᠩ ᠤᠨ ᠨᠠᠮ ᠤᠨ | ᠬᠤᠷᠢᠶᠡᠨ ᠤ ᠱᠦᠵᠢ ᠴᠠᠢ ᠵᠠᠨ ᠭᠦᠸᠧ᠂ ᠤᠯᠤᠰ ᠤᠨ ᠭᠠᠵᠡᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠡ ᠶᠢᠨ | ᠲᠠᠷᠤᠭ᠎ᠠ ᠸᠠᠩ ᠰᠧᠨ᠂ ᠤᠤᠯ ᠤᠨ ᠠᠵᠤ ᠠᠬᠤᠢ ᠪᠤᠯᠤᠨ ᠮᠡᠳᠡᠭᠡ ᠵᠠᠩᠬᠢᠵᠢᠯᠳᠡ ᠶᠢᠨ ᠲᠤᠪᠴᠢᠶ᠎ᠡ ᠶᠢᠨ ᠲᠠᠷᠤᠭ᠎ᠠ | ᠵᠠᠩ ᠬᠤᠩ ᠸᠧᠢ ᠲᠠᠢ ᠪᠤᠯᠵᠤᠨ ᠶᠠᠷᠢᠯᠴᠠᠵᠤ᠂ ᠰᠢᠶᠠᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠳᠤ ᠬᠦᠨᠵᠡᠬᠡᠢ | ᠪᠠᠶᠢᠴᠠᠭᠠᠯᠳᠡ ᠪᠢᠴᠢᠵᠤ ᠦᠭᠬᠦ ᠶᠢ ᠵᠠᠷᠯᠢᠬᠳᠠᠵᠡᠢ᠃ ᠭᠤᠤᠯ ᠬᠠᠷᠢᠭᠤᠴᠠᠯᠭ᠎ᠠ ᠡᠬᠦᠷᠬᠡᠯᠡᠬᠦ ᠬᠠᠷᠠᠭᠤᠯ ᠪᠠᠯᠭᠠᠰᠤᠨ ᠤ | ᠨᠠᠮ ᠤᠨ ᠬᠤᠷᠢᠶᠡᠨ ᠤ ᠱᠦᠵᠢ ᠬᠤᠤ ᠭᠤᠸᠠᠩ᠂ ᠲᠡᠬᠡᠷ᠎ᠡ ᠲᠤᠬᠤᠢ ᠰᠢᠶᠠᠩ ᠤᠨ ᠤᠤᠯ ᠤᠨ ᠨᠠᠮ ᠤᠨ ᠬᠤᠷᠢᠶᠡᠨ ᠤ | ᠲᠡᠳ᠋ ᠱᠦᠵᠢ᠂ ᠰᠢᠶᠠᠩ ᠤᠨ ᠲᠠᠷᠤᠭ᠎ᠠ ᠸᠠᠩ ᠬᠠᠢ ᠯᠢᠨ ᠳᠤ ᠲᠤᠰ ᠲᠤᠰ ᠨᠠᠮ ᠤᠨ ᠲᠤᠳᠤᠭᠠᠳᠤ ᠳᠤ ᠴᠢᠩᠭ᠎ᠠ | ᠲᠤᠩᠭᠤᠳᠬᠤ ᠰᠢᠳᠭᠡᠯ ᠦᠭᠴᠡᠢ︔ ᠤᠷᠴᠢᠨ ᠲᠤᠭᠤᠷᠢᠨ ᠤ ᠬᠠᠮᠠᠭᠠᠯᠠᠯᠳᠡ ᠶᠢᠨ ᠲᠤᠪᠴᠢᠶ᠎ᠡ ᠶᠢᠨ ᠨᠠᠮ ᠤᠨ | ᠲᠤᠭᠤᠶᠢᠯᠠᠩ ᠤᠨ ᠱᠦᠵᠢ ᠳ᠋ᠦ᠋ ᠮᠢᠩ ᠵᠢᠶᠦ᠋ᠨ ᠳᠤ ᠨᠠᠮ ᠤᠨ ᠲᠤᠳᠤᠭᠠᠳᠤ ᠳᠤ ᠲᠤᠩᠭᠤᠳᠬᠤ᠂ ᠵᠠᠰᠠᠭ ᠤᠨ | ᠶᠠᠪᠤᠳᠠᠯ ᠤᠨ ᠰᠡᠷᠡᠮᠵᠢᠯᠡᠬᠦᠯᠬᠦ ᠲᠠᠪᠬᠤᠷ ᠰᠢᠳᠭᠡᠯ ᠦᠭᠴᠡᠢ︔ ᠬᠦᠬᠡ ᠡᠷᠬᠢ ᠪᠠᠯᠭᠠᠰᠤᠨ ᠤ ᠤᠯᠤᠰ ᠤᠨ ᠭᠠᠵᠡᠷ | ᠰᠢᠷᠤᠢ ᠶᠢᠨ ᠡᠬᠢ ᠪᠠᠶᠠᠯᠢᠭ ᠤᠨ ᠠᠵᠢᠯ ᠢ ᠬᠤᠪᠢᠲᠠᠨ ᠬᠠᠮᠢᠶᠠᠷᠴᠤ ᠪᠠᠶᠢᠭ᠎ᠠ ᠨᠠᠮ ᠤᠨ ᠬᠤᠷᠢᠶᠡᠨ ᠤ ᠲᠡᠳ᠋ ᠱᠦᠵᠢ | ᠵᠠᠩ ᠯᠢᠨ ᠡᠾᠧ ᠳᠤ ᠨᠠᠮ ᠤᠨ ᠲᠤᠳᠤᠭᠠᠳᠤ ᠳᠤ ᠲᠤᠩᠭᠤᠳᠬᠤ᠂ ᠵᠠᠰᠠᠭ ᠤᠨ ᠶᠠᠪᠤᠳᠠᠯ ᠤᠨ ᠰᠡᠷᠡᠮᠵᠢᠯᠡᠬᠦᠯᠬᠦ | ᠰᠢᠳᠭᠡᠯ ᠦᠭᠴᠡᠢ︔ ᠤᠯᠤᠰ ᠤᠨ ᠭᠠᠵᠡᠷ ᠰᠢᠷᠤᠢ ᠶᠢᠨ ᠠᠵᠢᠯ ᠢ ᠬᠤᠪᠢᠲᠠᠨ ᠬᠠᠮᠢᠶᠠᠷᠴᠤ ᠪᠠᠶᠢᠭ᠎ᠠ ᠡᠯ ᠹᠧᠨ ᠽᠢ | ᠰᠢᠶᠠᠩ ᠤᠨ ᠵᠡᠪᠰᠡᠭᠳᠤ ᠬᠦᠴᠦᠨ ᠤ ᠬᠡᠯᠳᠡᠰ ᠤᠨ ᠲᠠᠷᠤᠭ᠎ᠠ ᠵᠸᠤ ᠵᠢᠶᠠᠨ ᠰᠢᠨ᠂ ᠲᠠᠯᠠᠨ ᠬᠠᠷ᠎ᠡ ᠰᠢᠶᠠᠩ ᠤᠨ ᠤᠤᠯ | ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠹᠠᠨ ᠠᠢ ᠫᠢᠩ᠂ ᠬᠠᠷᠠᠭᠤᠯ | ᠪᠠᠯᠭᠠᠰᠤᠨ ᠤ ᠲᠡᠳ᠋ ᠲᠠᠷᠤᠭ᠎ᠠ ᠯᠢᠤ ᠶᠠᠨ ᠪᠦᠸᠧ᠂ ᠲᠡᠬᠡᠷ᠎ᠡ ᠲᠤᠬᠤᠢ ᠰᠢᠶᠠᠩ ᠤᠨ ᠨᠠᠮ ᠤᠨ ᠬᠤᠷᠢᠶᠡᠨ ᠤ ᠲᠡᠳ᠋ | ᠱᠦᠵᠢ ᠷᠧᠨ ᠯᠦᠩ ᠲᠠᠢ ᠰᠡᠷᠡᠮᠵᠢᠯᠡᠬᠦᠯᠦᠨ ᠶᠠᠷᠢᠯᠴᠠᠪᠠ᠃ ᠰᠢᠭᠤᠳ ᠬᠠᠷᠢᠭᠤᠴᠠᠯᠭ᠎ᠠ ᠲᠠᠢ ᠰᠢᠶᠠᠨ ᠤ ᠤᠯᠤᠰ ᠤᠨ | ᠭᠠᠵᠡᠷ ᠰᠢᠷᠤᠢ ᠶᠢᠨ ᠡᠬᠢ ᠪᠠᠶᠠᠯᠢᠭ ᠤᠨ ᠲᠤᠪᠴᠢᠶ᠎ᠡ ᠶᠢᠨ ᠤᠯᠤᠰ ᠤᠨ ᠭᠠᠵᠡᠷ ᠰᠢᠷᠤᠢ ᠶᠢᠨ ᠠᠵᠢᠯ ᠢ ᠬᠤᠪᠢᠳᠠᠨ | ᠬᠠᠮᠢᠶᠠᠷᠴᠤ ᠪᠠᠶᠢᠭ᠎ᠠ ᠲᠡᠳ᠋ ᠲᠤᠪᠴᠢᠶᠡᠨ ᠲᠠᠷᠤᠭ᠎ᠠ ᠵᠤᠤ ᠬᠦᠸᠧ ᠢᠤᠢ ᠳᠤ ᠨᠠᠮ ᠤᠨ ᠲᠤᠳᠤᠭᠠᠳᠤ ᠳᠤ | ᠲᠤᠩᠭᠤᠳᠬᠤ ᠰᠢᠳᠭᠡᠯ ᠦᠭᠴᠤ᠂ ᠬᠤᠳᠡ ᠶᠢᠨ ᠤᠯᠤᠰ ᠤᠨ ᠭᠠᠵᠡᠷ ᠰᠢᠷᠤᠢ ᠶᠢᠨ ᠡᠬᠢ ᠪᠠᠶᠠᠯᠢᠭ ᠤᠨ | ᠲᠤᠪᠴᠢᠶ᠎ᠡ ᠠᠴᠠ ᠵᠠᠰᠠᠭ ᠤᠨ ᠶᠠᠪᠤᠳᠠᠯ ᠤᠨ ᠰᠢᠳᠭᠡᠯ ᠦᠭᠬᠦ ᠶᠢ ᠰᠠᠨᠠᠭᠤᠯᠵᠡᠢ︔ ᠰᠢᠶᠠᠨ ᠤ ᠤᠷᠴᠢᠨ ᠲᠤᠭᠤᠷᠢᠨ ᠤ | ᠬᠠᠮᠠᠭᠠᠯᠠᠯᠳᠡ ᠶᠢᠨ ᠲᠤᠪᠴᠢᠶ᠎ᠡ ᠶᠢᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠬᠢᠨᠠᠨ ᠪᠠᠶᠢᠴᠠᠭᠠᠬᠤ ᠶᠡᠭᠡ ᠠᠩᠬᠢ | ᠶᠢᠨ ᠲᠠᠷᠤᠭ᠎ᠠ ᠯᠢ ᠵᠢᠶᠠᠨ ᠬᠦᠸᠧ᠂ ᠬᠦᠬᠡ ᠡᠷᠬᠢ ᠪᠠᠯᠭᠠᠰᠤᠨ ᠤ ᠤᠯᠤᠰ ᠤᠨ ᠭᠠᠵᠡᠷ ᠰᠢᠷᠤᠢ ᠶᠢᠨ ᠡᠬᠢ ᠪᠠᠶᠠᠯᠢᠭ | ᠤᠨ ᠲᠠᠰᠤᠭ ᠤᠨ ᠲᠠᠷᠤᠭ᠎ᠠ ᠬᠠᠨ ᠭᠤᠸᠠᠩ᠂ ᠬᠠᠷᠠᠭᠤᠯ ᠪᠠᠯᠭᠠᠰᠤᠨ ᠤ ᠤᠤᠯ ᠤᠨ ᠤᠯᠤᠰ ᠤᠨ ᠭᠠᠵᠡᠷ ᠰᠢᠷᠤᠢ ᠶᠢᠨ | ᠡᠬᠢ ᠪᠠᠶᠠᠯᠢᠭ ᠤᠨ ᠲᠠᠰᠤᠭ ᠤᠨ ᠳᠠᠷᠤᠭ᠎ᠠ ᠠᠨ ᠳ᠋ᠢᠶᠠᠨ ᠶᠢᠩ ᠳᠤ ᠨᠠᠮ ᠤᠨ ᠲᠤᠳᠤᠭᠠᠳᠤ ᠳᠤ ᠲᠤᠩᠭᠤᠳᠬᠤ᠂ | ᠵᠠᠰᠠᠭ ᠤᠨ ᠶᠠᠪᠤᠳᠠᠯ ᠤᠨ ᠰᠡᠷᠡᠮᠵᠢᠯᠡᠬᠦᠯᠬᠦ ᠰᠢᠳᠭᠡᠯ ᠦᠭᠴᠡᠢ︔ ᠰᠢᠶᠠᠨ ᠤ ᠴᠠᠬᠢᠯᠭᠠᠨ ᠬᠦᠴᠦᠨ ᠤ ᠬᠠᠤᠯᠢ | ᠬᠡᠷᠡᠭᠵᠢᠬᠦᠯᠬᠦ ᠠᠯᠪᠠᠨ ᠬᠡᠷ ᠤᠨ ᠡᠷᠬᠢᠯᠡᠭᠴᠢ ᠵᠤᠤ ᠯᠢ ᠶᠦᠩ ᠳᠤ ᠨᠠᠮ ᠤᠨ ᠲᠤᠳᠤᠭᠠᠳᠤ ᠳᠤ ᠲᠤᠩᠭᠤᠳᠬᠤ | ᠰᠢᠳᠭᠡᠯ ᠦᠭᠴᠡᠢ︔ ᠡᠯ ᠹᠧᠨ ᠽᠢ ᠰᠢᠶᠠᠩ ᠤᠨ ᠤᠯᠤᠰ ᠤᠨ ᠭᠠᠵᠡᠷ ᠰᠢᠷᠤᠢ ᠶᠢᠨ ᠡᠬᠢ ᠪᠠᠶᠠᠯᠢᠭ ᠤᠨ ᠲᠠᠰᠤᠭ | ᠤᠨ ᠲᠠᠷᠤᠭ᠎ᠠ ᠵᠤᠤ ᠸᠧᠨ ᠯᠢᠶᠠᠩ ᠳᠤ ᠵᠠᠰᠠᠭ ᠤᠨ ᠶᠠᠪᠤᠳᠠᠯ ᠤᠨ ᠰᠡᠷᠡᠮᠵᠢᠯᠡᠬᠦᠯᠬᠦ ᠰᠢᠳᠭᠡᠯ ᠦᠭᠴᠡᠢ᠃ ᠰᠠᠬᠢᠯᠭ᠎ᠠ | ᠪᠠᠳᠤ ᠪᠠᠶᠢᠴᠠᠭᠠᠬᠤ ᠰᠠᠨᠠᠭᠤᠯᠭ᠎ᠠ ᠶᠢᠨ ᠪᠢᠴᠢᠭ ᠪᠠᠭᠤᠯᠭᠠᠨ᠂ ᠬᠤᠳᠡ ᠶᠢᠨ ᠴᠠᠭᠢᠯᠭᠠᠨ ᠬᠠᠩᠭᠠᠬᠤ ᠲᠤᠪᠴᠢᠶ᠎ᠡ ᠠᠴᠠ | ᠰᠢᠶᠠᠨ ᠤ ᠴᠠᠭᠢᠯᠭᠠᠨ ᠬᠠᠩᠭᠠᠬᠤ ᠲᠤᠪᠴᠢᠶ᠎ᠡ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ | ᠨᠡᠬᠡᠮᠵᠢᠯᠡᠨ ᠬᠠᠷᠢᠭᠤᠴᠠᠯᠭ᠎ᠠ ᠲᠤᠯᠭᠠᠬᠤ ᠶᠢ ᠰᠠᠨᠠᠭᠤᠯᠪᠡ᠃ ᠬᠤᠯᠪᠤᠬᠳᠠᠯ ᠪᠦᠬᠦᠢ ᠰᠢᠶᠠᠩ ᠪᠠᠯᠭᠠᠰᠤ ᠶᠢᠨ ᠨᠠᠮ ᠤᠨ | ᠬᠤᠷᠢᠶ᠎ᠡ ᠵᠠᠰᠠᠭ ᠤᠨ ᠤᠷᠳᠤᠨ᠂ ᠰᠢᠶᠠᠨ ᠤ ᠰᠢᠭᠤᠳ ᠬᠠᠷᠢᠶ᠎ᠡ ᠰᠠᠯᠠᠭ᠎ᠠ ᠮᠦᠴᠢᠷ ᠤᠨ ᠨᠠᠮ ᠤᠨ ᠲᠤᠭᠤᠶᠢᠯᠠᠩ ᠠᠴᠠ | ᠰᠢᠶᠠᠨ ᠤ ᠨᠠᠮ ᠤᠨ ᠬᠤᠷᠢᠶ᠎ᠡ ᠵᠠᠰᠠᠭ ᠤᠨ ᠤᠷᠳᠤᠨ ᠳᠤ ᠬᠦᠨᠵᠡᠬᠡᠢ ᠪᠠᠶᠢᠴᠠᠭᠠᠯᠳᠠ ᠬᠢᠬᠦ ᠶᠢ ᠵᠠᠷᠯᠢᠬᠳᠠᠵᠡᠢ᠃ | ᠭᠤᠷᠪᠡ᠂ ᠤᠯᠠᠭᠠᠨᠬᠠᠳᠡ ᠬᠤᠳᠡ ᠶᠢᠨ ᠬᠡᠰᠢᠭᠳᠡᠨ ᠬᠤᠰᠢᠭᠤ ᠪᠠᠶᠠᠨᠴᠠᠭᠠᠨ ᠰᠤᠮᠤ ᠶᠢᠨ ᠵᠢᠷᠤᠬᠡ ᠭᠠᠴᠠᠭᠠᠨ ᠤ | ᠠᠭᠤᠶᠢᠲᠤ ᠸᠣᠯᠹᠷᠠᠮ ᠤᠨ ᠠᠭᠤᠷᠬᠠᠢ ᠶᠢᠨ ᠨᠤᠳᠤᠭ ᠪᠡᠯᠴᠢᠬᠡᠷ ᠢ ᠡᠪᠳᠡᠵᠤ ᠪᠠᠶᠢᠭ᠎ᠠ ᠠᠰᠠᠭᠤᠳᠠᠯ ᠳᠤ ᠬᠠᠷᠢᠭᠤᠴᠠᠯᠭ᠎ᠠ | ᠲᠤᠯᠭᠠᠪᠠ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ | ᠲᠤᠭᠤᠶᠢᠯᠠᠩ ᠤᠨ ᠰᠢᠯᠵᠢᠬᠦᠯᠦᠨ ᠦᠭᠴᠤ ᠬᠦᠢᠴᠡᠳᠬᠡᠬᠦᠯᠦᠭᠰᠡᠨ ᠤᠯᠠᠨ ᠲᠦᠮᠡᠨ ᠵᠠᠭᠠᠯᠳᠤᠨ ᠲᠤᠰᠬᠠᠬᠰᠠᠨ | ᠬᠡᠰᠢᠭᠳᠡᠨ ᠬᠤᠰᠢᠭᠤ ᠶᠢᠨ ᠪᠠᠶᠠᠨᠴᠠᠭᠠᠨ ᠰᠤᠮᠤ ᠶᠢᠨ ᠵᠢᠷᠤᠬᠡ ᠭᠠᠴᠠᠭᠠᠨ ᠤ ᠠᠭᠤᠶᠢᠲᠤ ᠳᠤ ᠤᠤᠯ ᠨᠢ ᠸᠣᠯᠹᠷᠠᠮ ᠤᠨ | ᠠᠭᠤᠷᠬᠠᠢ ᠨᠡᠬᠡᠬᠡᠵᠤ᠂ ᠬᠡᠳᠤᠨ ᠵᠠᠭᠤᠨ ᠮᠦ ᠨᠤᠳᠤᠭ ᠪᠡᠯᠴᠢᠬᠡᠷ ᠢ ᠡᠪᠳᠡᠬᠡᠳ᠂ ᠤᠳᠤ ᠪᠤᠯᠳᠠᠯ᠎ᠡ ᠠᠮᠢ ᠠᠬᠤᠢ ᠶᠢ | ᠰᠡᠷᠬᠦᠬᠡᠭᠰᠡᠨ ᠦᠬᠡᠢ ᠠᠰᠠᠭᠤᠳᠠᠯ ᠳᠤ ᠴᠢᠭᠯᠡᠬᠦᠯᠵᠤ᠂ ᠪᠠᠶᠢᠴᠠᠭᠠᠯᠳᠡ ᠪᠠᠷ ᠳᠠᠮᠵᠢᠭᠤᠯᠤᠭᠠᠳ᠂ ᠬᠡᠰᠢᠭᠳᠡᠨ | ᠬᠤᠰᠢᠭᠤᠨ ᠤ ᠭᠤᠸᠠᠩ ᠮᠢᠩ ᠠᠭᠤᠷᠬᠠᠢ ᠶᠢᠨ ᠦᠢᠯᠡᠰ ᠤᠨ ᠨᠡᠬᠡᠬᠡᠯᠳᠡ ᠶᠢᠨ ᠬᠢᠵᠠᠭᠠᠷᠳᠤ ᠺᠤᠮᠫᠠᠨᠢ ᠶᠢᠨ ᠠᠯᠪᠠᠯᠠᠬᠤ | ᠠᠮᠢᠳᠤᠷᠠᠬᠤ ᠲᠤᠭᠤᠷᠢᠭ᠂ ᠬᠦᠮᠦᠷᠬᠡ ᠪᠤᠯᠤᠨ ᠭᠠᠳᠠᠷ ᠲᠠᠯ᠎ᠡ ᠵᠡᠷᠬᠡ ᠪᠠᠷᠢᠯᠭ᠎ᠠ ᠶᠢᠨ ᠡᠵᠡᠯᠡᠭᠰᠡᠨ ᠨᠤᠳᠤᠭ ᠪᠡᠯᠴᠢᠬᠡᠷ | 84.4 ᠮᠦ ᠳᠤ ᠬᠦᠷᠴᠤ᠂ ᠠᠮᠢ ᠠᠬᠤᠢ ᠶᠢᠨ ᠰᠡᠷᠬᠦᠯᠳᠡ ᠬᠢᠭᠰᠡᠨ ᠦᠬᠡᠢ ᠶᠢ ᠮᠡᠳᠡᠵᠡᠢ᠃ ᠬᠡᠰᠢᠭᠳᠡᠨ ᠬᠤᠰᠢᠭᠤ | ᠭᠤᠸᠠᠩ ᠮᠢᠩ ᠠᠭᠤᠷᠬᠠᠢ ᠶᠢᠨ ᠦᠢᠯᠡᠰ ᠤᠨ ᠨᠡᠬᠡᠬᠡᠯᠳᠡ ᠶᠢᠨ ᠬᠢᠵᠠᠭᠠᠷᠳᠤ ᠺᠤᠮᠫᠠᠨᠢ ᠶᠢ ᠪᠠᠷᠢᠯᠭ᠎ᠠ ᠪᠠᠨ ᠨᠤᠷᠠᠭᠠᠨ | ᠴᠡᠪᠡᠷᠯᠡᠵᠤ᠂ ᠬᠤᠳᠳᠤᠭ ᠢ ᠪᠦᠭᠯᠡᠵᠤ᠂ ᠠᠮᠢ ᠠᠬᠤᠢ ᠡᠪᠳᠡᠭᠳᠡᠭᠰᠡᠨ ᠤᠷᠤᠨ ᠪᠦᠰᠡ ᠳᠤ ᠪᠦᠬᠦ ᠲᠠᠯ᠎ᠡ ᠪᠠᠷ ᠠᠮᠢ | ᠠᠬᠤᠢ ᠶᠢᠨ ᠰᠡᠷᠬᠦᠯᠳᠡ ᠬᠢᠬᠦ ᠶᠢ ᠱᠠᠭᠠᠷᠳᠠᠵᠡᠢ᠃ ᠬᠡᠰᠢᠭᠳᠡᠨ ᠬᠤᠰᠢᠭᠤ ᠬᠠᠤᠯᠢ ᠲᠤᠬᠳᠠᠭᠠᠯ ᠶᠤᠰᠤᠭᠠᠷ ᠬᠤᠯᠪᠤᠬᠳᠠᠯ | ᠪᠦᠬᠦᠢ ᠬᠦᠮᠦᠰ ᠲᠤ ᠬᠠᠷᠢᠭᠤᠴᠠᠯᠭ᠎ᠠ ᠲᠤᠯᠭᠠᠵᠤ᠂ ᠤᠤᠯ ᠤᠨ ᠪᠠᠶᠠᠨᠭᠤᠤᠯ ᠰᠤᠮᠤ ᠶᠢᠨ ᠲᠤᠬᠠᠢ ᠶᠢᠨ ᠦᠶ᠎ᠡ ᠶᠢᠨ | ᠰᠤᠮᠤᠨ ᠲᠠᠷᠤᠭ᠎ᠠ ᠰᠡᠴᠡᠨᠪᠠᠭᠠᠳᠤᠷ ᠲᠤ ᠨᠠᠮ ᠤᠨ ᠲᠤᠳᠤᠭᠠᠳᠤ ᠳᠤ ᠲᠤᠩᠭᠤᠳᠬᠤ ᠰᠢᠳᠭᠡᠯ ᠦᠭᠴᠡᠢ︔ ᠤᠤᠯ ᠤᠨ | ᠪᠠᠶᠠᠨᠭᠤᠤᠯ ᠰᠤᠮᠤ ᠶᠢᠨ ᠲᠤᠬᠠᠢ ᠶᠢᠨ ᠦᠶ᠎ᠡ ᠳᠤ ᠬᠤᠪᠢᠳᠠᠨ ᠬᠠᠮᠢᠶᠠᠷᠴᠤ ᠪᠠᠶᠢᠬᠰᠠᠨ ᠲᠡᠳ᠋ ᠰᠤᠮᠤᠨ ᠲᠠᠷᠤᠭ᠎ᠠ | ᠤᠳᠬᠠᠨᠵᠢᠷᠭᠠᠯ᠂ ᠲᠤᠬᠠᠢ ᠶᠢᠨ ᠦᠶ᠎ᠡ ᠶᠢᠨ ᠲᠠᠯ᠎ᠡ ᠨᠤᠳᠤᠭ ᠢ ᠬᠢᠨᠠᠨ ᠬᠠᠮᠢᠶᠠᠷᠬᠤ ᠲᠠᠰᠤᠭ ᠤᠨ ᠲᠠᠷᠤᠭ᠎ᠠ | ᠪᠠᠶᠢᠬᠰᠠᠨ ᠦᠷᠬᠡᠨᠪᠠᠳᠤ ᠵᠢᠴᠢ ᠬᠡᠰᠢᠭᠳᠡᠨ ᠬᠤᠰᠢᠭᠤᠨ ᠤ ᠤᠯᠤᠰ ᠤᠨ ᠭᠠᠵᠡᠷ ᠰᠢᠷᠤᠢ ᠶᠢᠨ ᠡᠬᠢ ᠪᠠᠶᠠᠯᠢᠭ ᠤᠨ | ᠲᠤᠪᠴᠢᠶ᠎ᠡ ᠶᠢᠨ ᠲᠤᠬᠠᠢ ᠶᠢᠨ ᠦᠶ᠎ᠡ ᠳᠤ ᠬᠤᠪᠢᠳᠠᠨ ᠬᠠᠮᠢᠶᠠᠷᠴᠤ ᠪᠠᠶᠢᠭᠰᠠᠨ ᠲᠡᠳ᠋ ᠲᠠᠷᠤᠭ᠎ᠠ ᠠᠯᠳᠠᠨᠪᠠᠭᠠᠨᠡ᠂ | ᠲᠤᠬᠠᠢ ᠶᠢᠨ ᠦᠶ᠎ᠡ ᠶᠢᠨ ᠭᠠᠵᠡᠷ ᠰᠢᠨᠵᠢᠯᠡᠭᠡ ᠠᠭᠤᠷᠬᠠᠢ ᠶᠢᠨ ᠲᠠᠰᠤᠭ ᠤᠨ ᠲᠠᠷᠤᠭ᠎ᠠ ᠪᠠᠶᠢᠬᠰᠠᠨ ᠯᠢᠤᠢ ᠵᠢᠩ | ᠹᠧᠩ ᠲᠠᠢ ᠰᠡᠷᠡᠮᠵᠢᠯᠡᠬᠦᠯᠦᠨ ᠶᠠᠷᠢᠯᠴᠠᠪᠠ᠃ | ᠲᠦᠷᠪᠡ᠂ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤ ᠱᠠᠩᠳᠤ ᠪᠠᠯᠭᠠᠰᠤ ᠶᠢᠨ ᠬᠤᠸᠠᠩ | ᠴᠢ ᠭᠠᠴᠠᠭ᠎ᠠ ᠶᠢᠨ ᠮᠠᠯᠴᠢᠨ ᠠᠯᠢᠮ᠎ᠡ ᠶᠢᠨ ᠨᠤᠳᠤᠭ ᠪᠡᠯᠴᠢᠬᠡᠷ ᠲᠡᠬᠡᠷ᠎ᠡ ᠬᠠᠶᠢᠯᠤᠭᠤᠷ ᠵᠤᠩᠰᠢ ᠶᠢᠨ ᠦᠯᠡᠳᠡᠭᠳᠡᠯ | ᠬᠦᠳᠡᠷ ᠤᠪᠤᠭᠠᠯᠠᠵᠤ ᠲᠠᠯᠪᠢᠬᠰᠠᠨ ᠠᠰᠠᠭᠤᠳᠠᠯ ᠳᠤ ᠬᠠᠷᠢᠭᠤᠴᠠᠯᠭ᠎ᠠ ᠲᠤᠯᠭᠠᠪᠠ | ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠡ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ | ᠲᠤᠭᠤᠶᠢᠯᠠᠩ ᠤᠨ ᠰᠢᠮᠳᠠᠭᠤᠯᠤᠨ ᠪᠠᠶᠢᠴᠠᠭᠠᠵᠤ ᠵᠢᠭᠠᠪᠤᠷᠢᠯᠠᠬᠰᠠᠨ ᠰᠢᠯᠢ ᠶᠢᠨ ᠭᠤᠤᠯ ᠠᠶᠢᠮᠠᠭ ᠤᠨ ᠰᠢᠯᠤᠭᠤᠨ | ᠬᠦᠬᠡ ᠬᠤᠰᠢᠭᠤᠨ ᠤ ᠱᠠᠩᠳᠤ ᠪᠠᠯᠭᠠᠰᠤ ᠶᠢᠨ ᠬᠤᠸᠠᠩ ᠴᠢ ᠭᠠᠴᠠᠭ᠎ᠠ ᠶᠢᠨ ᠮᠠᠯᠴᠢᠨ ᠠᠯᠢᠮ᠎ᠡ ᠶᠢᠨ ᠨᠤᠳᠤᠭ | ᠪᠡᠯᠴᠢᠬᠡᠷ ᠲᠡᠬᠡᠷ᠎ᠡ ᠬᠠᠶᠢᠯᠤᠭᠤᠷ ᠵᠤᠩᠰᠢ ᠶᠢᠨ ᠦᠯᠡᠳᠡᠭᠳᠡᠯ ᠬᠦᠳᠡᠷ ᠤᠪᠤᠭᠠᠯᠠᠵᠤ ᠲᠠᠯᠪᠢᠬᠰᠠᠨ ᠠᠰᠠᠭᠤᠳᠠᠯ ᠳᠤ | ᠬᠠᠨᠳᠤᠭᠤᠯᠵᠤ᠂ ᠪᠠᠶᠢᠴᠠᠭᠠᠯᠳᠡ ᠪᠠᠷ ᠳᠠᠮᠵᠢᠭᠤᠯᠤᠭᠠᠳ᠂ ᠤᠪᠤᠭᠠᠯᠠᠬᠰᠠᠨ ᠦᠯᠡᠳᠡᠭᠳᠡᠯ ᠬᠦᠳᠡᠷ ᠬᠠᠶᠢᠷ ᠴᠢᠯᠠᠭᠤ ᠪᠤᠯ | ᠲᠤᠯᠤᠨ ᠨᠤᠤᠷ ᠰᠢᠶᠠᠨ ᠤ ᠵᠠᠩ ᠬᠦᠢ ᠪᠢᠨ ᠵᠢᠩ ᠶᠢᠨ ᠵᠦᠸᠧ ︵ᠰᠢᠯᠤᠭᠤᠨ ᠬᠦᠬᠡ ᠬᠤᠰᠢᠭᠤᠨ ᠤ ᠯᠠᠨ ᠬᠤᠩ | ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠶᠢᠨ ᠬᠠᠤᠯᠢ ᠶᠢᠨ ᠲᠦᠯᠦᠬᠡᠯᠡᠭᠴᠢ︶ ᠶᠢᠨ ᠵᠦᠪᠰᠢᠶᠡᠷᠡᠯ ᠢᠶᠠᠷ᠂ | ᠰᠢᠯᠤᠭᠤᠨ ᠬᠦᠬᠡ ᠬᠤᠰᠢᠭᠤᠨ ᠤ ᠯᠠᠨ ᠬᠤᠩ ᠠᠭᠤᠷᠬᠠᠢ ᠶᠢᠨ ᠦᠢᠯᠡᠰ ᠤᠨ ᠬᠢᠵᠠᠭᠠᠷᠳᠤ ᠺᠤᠮᠫᠠᠨᠢ ᠶᠢᠨ ᠦᠯᠡᠳᠡᠭᠳᠡᠯ | ᠠᠭᠤᠷᠬᠠᠢ ᠶᠢᠨ ᠬᠦᠮᠦᠷᠭᠡ ᠠᠴᠠ ᠲᠡᠬᠡᠬᠡᠵᠤ ᠠᠪᠴᠢᠷᠠᠨ ᠡᠨᠡ ᠨᠤᠳᠤᠭ ᠪᠡᠯᠴᠢᠬᠡᠷ ᠲᠤ ᠤᠪᠤᠭᠠᠯᠠᠵᠤ ᠲᠠᠯᠪᠢᠬᠰᠠᠨ ᠢ | ᠮᠡᠳᠡᠪᠡ᠃ ᠰᠢᠯᠤᠭᠤᠨ ᠬᠦᠬᠡ ᠬᠤᠰᠢᠭᠤ ᠬᠠᠤᠯᠢ ᠲᠤᠬᠳᠠᠭᠠᠯ ᠶᠤᠰᠤᠭᠷ᠂ ᠬᠤᠯᠪᠤᠬᠳᠠᠯ ᠪᠦᠬᠦᠢ ᠬᠦᠮᠦᠰ ᠲᠤ | ᠬᠠᠷᠢᠭᠤᠴᠠᠯᠭ᠎ᠠ ᠲᠤᠯᠭᠠᠪᠠ᠃ ᠰᠢᠯᠤᠭᠤᠨ ᠬᠦᠬᠡ ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠡ ᠶᠢᠨ | ᠲᠤᠪᠴᠢᠶ᠎ᠡ ᠶᠢᠨ ᠲᠡᠳ᠋ ᠲᠠᠷᠤᠭ᠎ᠠ ᠬᠠᠨ ᠹᠦ᠋ ᠴᠧᠩ ᠳᠤ ᠤᠰᠤᠯ ᠲᠡᠮᠳᠡᠭᠯᠡᠬᠦ ᠰᠢᠳᠭᠡᠯ ᠦᠭᠴᠡᠢ︔ ᠰᠢᠯᠤᠭᠤᠨ ᠬᠦᠬᠡ | ᠬᠤᠰᠢᠭᠤᠨ ᠤ ᠤᠷᠴᠢᠨ ᠲᠤᠭᠤᠷᠢᠨ ᠤ ᠬᠠᠮᠠᠭᠠᠯᠠᠯᠳᠡ ᠶᠢᠨ ᠲᠤᠪᠴᠢᠶ᠎ᠡ ᠶᠢᠨ ᠬᠠᠳᠠᠭᠤ ᠪᠡᠶᠡᠳᠤ ᠬᠠᠶᠠᠬᠳᠠᠮᠠᠯ ᠪᠤᠳᠠᠰ | ᠤᠨ ᠬᠠᠮᠢᠶᠠᠷᠤᠯᠳᠡ ᠶᠢᠨ ᠲᠦᠪ ᠤᠨ ᠡᠷᠬᠢᠯᠡᠭᠴᠢ ᠬᠦᠭᠵᠢᠯᠳᠤ ᠳᠤ ᠶᠡᠭᠡ ᠤᠰᠤᠯ ᠲᠡᠮᠳᠡᠭᠯᠡᠬᠦ ᠰᠢᠳᠭᠡᠯ ᠦᠭᠴᠡᠢ︔ | ᠰᠢᠯᠤᠭᠤᠨ ᠬᠦᠬᠡ ᠬᠤᠰᠢᠭᠤᠨ ᠤ ᠠᠵᠤ ᠠᠬᠤᠢ ᠪᠤᠯᠤᠨ ᠮᠡᠳᠡᠭᠡ ᠵᠠᠩᠬᠢᠵᠢᠯᠳᠡ ᠶᠢᠨ ᠲᠤᠪᠴᠢᠶ᠎ᠡ ᠶᠢᠨ ᠲᠡᠳ᠋ | ᠲᠠᠷᠤᠭ᠎ᠠ᠂ ᠰᠢᠯᠤᠭᠤᠨ ᠬᠦᠬᠡ ᠬᠤᠰᠢᠭᠤᠨ ᠤ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ | ᠬᠠᠮᠢᠶᠠᠷᠤᠯᠳᠡ ᠶᠢᠨ ᠵᠦᠪᠯᠡᠯ ᠤᠨ ᠡᠷᠬᠢᠯᠡᠭᠴᠢ ᠶᠠᠩ ᠵᠢᠩ ᠯᠢ ᠳᠤ ᠤᠰᠤᠯ ᠲᠡᠮᠳᠡᠭᠯᠡᠬᠦ ᠰᠢᠳᠭᠡᠯ ᠦᠭᠴᠡᠢ︔ | ᠰᠢᠯᠤᠭᠤᠨ ᠬᠦᠬᠡ ᠬᠤᠰᠢᠭᠤᠨ ᠤ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠬᠠᠮᠢᠶᠠᠷᠤᠯᠳᠡ ᠶᠢᠨ | ᠵᠦᠪᠯᠡᠯ ᠤᠨ ᠠᠵᠢᠯᠳᠠᠨ ᠵᠤᠤ ᠮᠢᠩ ᠰᠢᠩ ᠳᠤ ᠶᠡᠭᠡ ᠤᠰᠤᠯ ᠲᠡᠮᠳᠡᠭᠯᠡᠬᠦ ᠰᠢᠳᠭᠡᠯ ᠦᠭᠴᠡᠢ︔ ᠰᠢᠯᠤᠭᠤᠨ ᠬᠦᠬᠡ | ᠬᠤᠰᠢᠭᠤᠨ ᠤ ᠨᠤᠲᠤᠭ ᠪᠡᠯᠴᠢᠭᠡᠷ ᠤᠨ ᠶᠡᠷᠤᠩᠬᠡᠶᠢᠯᠡᠨ ᠬᠠᠤᠯᠢ ᠬᠡᠷᠡᠭᠵᠢᠬᠦᠯᠬᠦ ᠶᠡᠭᠡ ᠠᠩᠬᠢ ᠶᠢᠨ ᠲᠡᠳ᠋ ᠲᠠᠷᠤᠭ᠎ᠠ | ᠨᠠᠷᠠᠰᠤ ᠳᠤ ᠲᠤᠩᠭᠤᠳᠬᠤ ᠰᠢᠳᠭᠡᠯ ᠦᠭᠴᠡᠢ︔ ᠰᠢᠯᠤᠭᠤᠨ ᠬᠦᠬᠡ ᠬᠤᠰᠢᠭᠤᠨ ᠤ ᠱᠠᠩᠳᠤ ᠪᠠᠯᠭᠠᠰᠤᠨ ᠤ ᠨᠤᠲᠤᠭ | ᠪᠡᠯᠴᠢᠭᠡᠷ ᠢ ᠬᠢᠨᠠᠨ ᠪᠠᠶᠢᠴᠠᠭᠠᠵᠤ ᠬᠠᠮᠢᠶᠠᠷᠬᠤ ᠲᠠᠰᠤᠭ ᠤᠨ ᠲᠠᠷᠤᠭ᠎ᠠ ᠵᠤᠷᠢᠬᠳᠤ ᠳᠤ ᠤᠰᠤᠯ ᠲᠡᠮᠳᠡᠭᠯᠡᠬᠦ ᠰᠢᠳᠭᠡᠯ | ᠦᠭᠴᠡᠢ᠃ | |