ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠠᠵᠢᠯ ᠡᠬᠢᠯᠡᠪᠡ
ᠨᠡᠶᠢᠲᠡᠯᠡᠭᠰᠡᠨ ᠴᠠᠭ᠄
2018-07-05
     7 ᠳ᠋ᠤᠭᠠᠷ ᠰᠠᠷ᠎ᠠ ᠶᠢᠨ 2᠎ ᠤᠨ ᠡᠳᠦᠷ ᠠᠴᠠ ᠡᠬᠢᠯᠡᠨ᠂ ᠨᠢᠭᠡ ᠵᠢᠯ ᠳᠤ ᠨᠢᠭᠡ ᠤᠳᠠᠭ᠎ᠠ ᠶᠠᠪᠤᠭᠳᠠᠳᠠᠭ ᠪᠤᠭᠤᠲᠤ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠠᠵᠢᠯ ᠡᠬᠢᠯᠡᠪᠡ᠃ ᠡᠨᠡ ᠵᠢᠯ ᠪᠤᠭᠤᠲᠤ ᠬᠤᠲᠠ ᠵᠠᠷᠤᠳᠠᠯ ᠲᠤᠰᠢᠶᠠᠬᠤ 9 ᠳᠡᠰ ᠲᠣᠬᠢᠷᠠᠭᠤᠯᠵᠤ᠂ ᠵᠠᠷᠤᠳᠠᠯ ᠲᠤᠰᠢᠶᠠᠬᠤ ᠬᠠᠷᠢᠴᠠᠯ ᠨᠢ 20% ᠪᠣᠯᠣᠨ᠎ᠠ᠂ ᠪᠦᠬᠦ ᠬᠤᠲᠠ ᠶᠢᠨ ᠠᠮᠢᠳᠤᠯᠢᠭ ᠢᠶᠠᠷ ᠠᠵᠢᠯ ᠣᠯᠤᠭᠰᠠᠳ ᠪᠣᠳᠠᠲᠤ ᠪᠠᠶᠢᠳᠠᠯ ᠢᠶᠠᠨ ᠦᠨᠳᠦᠰᠦᠯᠡᠵᠦ ᠣᠶᠢᠷᠠᠬᠠᠨ ᠡᠷᠤᠭᠡ ᠠᠮᠠ ᠶᠢᠨ ᠲᠠᠩᠰᠠ ᠪᠠᠶᠢᠭ᠎ᠠ ᠭᠠᠵᠠᠷ᠂ ᠰᠠᠭᠤᠭ᠎ᠠ ᠭᠠᠵᠠᠷ ᠪᠤᠶᠤ ᠲᠦᠷ ᠴᠠᠭ ᠤᠨ ᠠᠵᠢᠯ ᠤᠨ ᠭᠠᠵᠠᠷ ᠤᠨ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠲᠣᠣᠷ ᠴᠢᠭ᠋ ᠲᠤ ᠨᠡᠶᠢᠭᠡᠮ ᠤᠨ ᠳᠠᠭᠠᠳᠬᠠᠯ ᠤᠨ ᠵᠠᠷᠤᠳᠠᠯ ᠲᠤᠰᠢᠶᠠᠬᠤ ᠠᠵᠢᠯ ᠶᠠᠪᠤᠳᠠᠯ ᠭᠦᠢᠴᠡᠳᠬᠡᠵᠦ ᠪᠣᠯᠣᠨ᠎ᠠ᠃      ᠣᠶᠢᠯᠠᠭᠠᠭᠰᠠᠨ ᠢᠶᠠᠷ᠂ 2017 ᠣᠨ ᠳᠤ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ 5641 ᠲᠥᠭᠦᠷᠢᠭ ᠪᠠᠶᠢᠵᠤ᠂ 2017 ᠣᠨ ᠳᠤ ᠪᠤᠭᠤᠲᠤ ᠬᠤᠲᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠠᠵᠢᠯᠲᠠᠨ ᠠᠵᠢᠯᠴᠢᠨ ᠤ ᠰᠠᠷ᠎ᠠ ᠶᠢᠨ ᠳᠤᠮᠳᠠᠴᠢ ᠴᠠᠯᠢᠩ ᠨᠢ 5809 ᠲᠥᠭᠦᠷᠢᠭ ᠪᠠᠶᠢᠵᠠᠢ᠃ ᠡᠭᠦᠨ ᠢ ᠦᠨᠳᠦᠰᠦᠯᠡᠪᠡᠯ᠂ ᠪᠤᠭᠤᠲᠤ ᠬᠤᠲᠠ ᠶᠢᠨ 2018 ᠣᠨ ᠤ ᠬᠤᠲᠠ ᠪᠠᠯᠭᠠᠰᠤᠨ ᠤ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠤᠨ ᠠᠮᠢᠳᠤᠯᠢᠭ ᠢᠶᠠᠷ ᠠᠵᠢᠯ ᠣᠯᠤᠭᠰᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠪᠦᠬᠦ ᠵᠢᠯ ᠤᠨ ᠬᠠᠮᠤᠭ ᠳᠣᠣᠷ᠎ᠠ ᠲᠤᠰᠢᠶᠠᠬᠤ ᠵᠠᠷᠤᠳᠠᠯ ᠨᠢ 8123.04 ᠲᠥᠭᠦᠷᠢᠭ᠂ ᠬᠠᠮᠤᠭ ᠤᠨ ᠥᠨᠳᠥᠷ ᠳᠡᠰ ᠨᠢ 40615.2 ᠲᠥᠭᠦᠷᠢᠭ᠂ ᠡᠮ ᠡᠮᠨᠡᠯᠭᠡ ᠶᠢᠨ ᠳᠠᠭᠠᠳᠬᠠᠯ ᠤᠨ ᠪᠦᠬᠦ ᠵᠢᠯ ᠳᠤ ᠲᠤᠰᠢᠶᠠᠬᠤ ᠵᠠᠷᠤᠳᠠᠯ ᠨᠢ 4840.2 ᠲᠥᠭᠦᠷᠢᠭ ︵ᠬᠥᠩᠭᠡᠵᠢᠯ ᠤᠨ ᠳᠠᠭᠠᠳᠬᠠᠯ ᠤᠨ 278.88 ᠲᠥᠭᠦᠷᠢᠭ ᠵᠢᠴᠢ ᠬᠦᠨᠳᠦ ᠡᠪᠡᠳᠴᠢᠨ ᠤ ᠳᠠᠭᠠᠳᠬᠠᠯ ᠤᠨ 100 ᠲᠥᠭᠦᠷᠢᠭ ᠪᠠᠭᠲᠠᠨ᠎ᠠ︶ ᠪᠣᠯᠣᠨ᠎ᠠ᠂ ᠡᠨᠡ ᠬᠤᠶᠠᠷ ᠵᠦᠢᠯ ᠢ ᠨᠡᠶᠢᠯᠡᠭᠦᠯᠪᠡᠯ ᠬᠠᠮᠤᠭ ᠤᠨ ᠳᠣᠣᠷ᠎ᠠ ᠲᠤᠰᠢᠶᠠᠬᠤ ᠮᠥᠩᠭᠦ ᠨᠢ 12963.28 ᠲᠥᠭᠦᠷᠢᠭ᠂ ᠬᠠᠮᠤᠭ ᠥᠨᠳᠥᠷ ᠨᠢ 45455.44 ᠲᠥᠭᠦᠷᠢᠭ ᠪᠣᠯᠤᠨ᠎ᠠ᠃      ᠪᠦᠬᠦ ᠬᠤᠲᠠ ᠳᠤ ᠠᠵᠢᠯ ᠤᠨ ᠠᠮᠠᠷᠠᠯᠲᠠ ᠪᠠᠨ ᠠᠪᠤᠭᠰᠠᠳ ᠤᠨ ᠴᠠᠯᠢᠩ ᠵᠢᠴᠢ ᠡᠮᠨᠡᠯᠭᠡ ᠳᠤ ᠰᠠᠭᠤᠭᠰᠠᠨ ᠵᠠᠷᠤᠳᠠᠯ ᠤᠨ ᠳᠠᠩᠰᠠ ᠲᠠᠶᠢᠯᠬᠤ ᠣᠯᠭᠤᠮᠵᠢ ᠶᠢ ᠪᠤᠳᠤᠬᠤ ᠨᠢᠭᠡᠳᠦᠯᠲᠡᠶ ᠪᠠᠷᠢᠮᠵᠢᠶ᠎ᠠ ᠶᠢ ᠬᠡᠷᠡᠭᠵᠢᠭᠦᠯᠦᠨ᠎ᠡ᠂ ᠵᠠᠷᠤᠳᠠᠯ ᠲᠤᠰᠢᠶᠠᠬᠤ ᠭᠠᠵᠠᠷ ᠲᠤ ᠨᠥᠯᠥᠭᠡᠯᠡᠭᠳᠡᠬᠦ ᠦᠭᠡᠢ᠂ ᠵᠠᠷᠤᠳᠠᠯ ᠲᠤᠰᠢᠶᠠᠬᠤ ᠬᠥᠮᠦᠰ ᠪᠣᠳᠠᠲᠤ ᠪᠠᠶᠢᠳᠠᠯ ᠢᠶᠠᠨ ᠦᠨᠳᠦᠰᠦᠯᠡᠵᠦ ᠣᠶᠢᠷ᠎ᠠ ᠣᠷᠴᠢᠮ ᠪᠠᠶᠢᠭ᠎ᠠ ᠵᠠᠷᠤᠳᠠᠯ ᠲᠤᠰᠢᠶᠠᠬᠤ ᠲᠣᠣᠷ ᠴᠢᠭ᠋ ᠢ ᠰᠣᠩᠭᠤᠵᠤ ᠪᠣᠯᠣᠨ᠎ᠠ᠂ ᠠᠩᠬᠠᠷᠤᠭᠤᠰᠢᠲᠠᠶ ᠨᠢ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ᠂ ᠡᠮᠨᠡᠯᠭᠡ ᠶᠢᠨ ᠳᠠᠭᠠᠳᠬᠠᠯ ᠢ ᠰᠣᠩᠭᠤᠭᠰᠠᠨ ᠵᠠᠷᠤᠳᠠᠯ ᠲᠤᠰᠢᠶᠠᠬᠤ ᠭᠠᠵᠠᠷ ᠲᠠᠭᠠᠨ ᠡᠷᠬᠡᠪᠰᠢ ᠵᠡᠷᠭᠡᠪᠡᠷ ᠲᠤᠰᠢᠶᠠᠭᠰᠠᠨ ᠪᠠᠶᠢᠬᠤ ᠬᠡᠷᠡᠭᠲᠡᠢ᠂ ᠠᠳᠠᠯᠢ ᠪᠤᠰᠤ ᠵᠠᠷᠤᠳᠠᠯ ᠲᠤᠰᠢᠶᠠᠬᠤ ᠲᠣᠣᠷ ᠴᠢᠭ᠋ ᠲᠤ ᠬᠤᠶᠠᠷ ᠳᠠᠭᠠᠳᠬᠠᠯ ᠢ ᠰᠠᠯᠭᠠᠵᠤ ᠲᠤᠰᠢᠶᠠᠵᠤ ᠪᠣᠯᠬᠤ ᠦᠭᠡᠢ᠃ ᠵᠠᠷᠤᠳᠠᠯ ᠲᠤᠰᠢᠶᠠᠬᠤ ᠦᠶ᠎ᠡ ᠳᠡᠭᠡᠨ ᠪᠡᠶ᠎ᠡ ᠶᠢᠨ ᠦᠨᠡᠮᠯᠡᠯ ᠪᠣᠯᠤᠨ ᠳᠡᠭᠡᠷ᠎ᠡ ᠵᠢᠯ ᠤᠨ ᠵᠠᠷᠤᠳᠠᠯ ᠲᠤᠰᠢᠶᠠᠭᠰᠠᠨ ᠬᠡᠷᠡᠴᠢ ᠪᠠᠷᠢᠮᠲᠠ ︵ᠭᠠᠶᠢᠯᠢ ᠶᠢᠨ ᠪᠠᠷᠢᠮᠲᠠ︶᠂ ᠶᠢᠨ ᠯᠢᠶᠠᠨ ᠪᠠᠩᠬᠢ ᠶᠢᠨ ᠺᠠᠷᠲ ᠢᠶᠠᠨ ᠠᠪᠴᠤ ᠣᠴᠢᠬᠤ ᠬᠡᠷᠡᠭᠲᠡᠶ᠃      ᠲᠠᠨᠢᠯᠴᠠᠭᠤᠯᠤᠭᠰᠠᠨ ᠢᠶᠠᠷ᠂ ︽4050︾ ᠲᠥᠷᠥ ᠶᠢᠨ ᠪᠤᠳᠤᠯᠭ᠎ᠠ ᠶᠢ ᠬᠦᠷᠲᠡᠭᠰᠡᠳ ᠪᠣᠯ 8 ᠳ᠋ᠤᠭᠠᠷ ᠰᠠᠷ᠎ᠠ ᠶᠢᠨ 24᠎ ᠤ ᠡᠳᠦᠷ ᠠᠴᠠ ᠡᠮᠦᠨ᠎ᠡ ᠵᠠᠷᠤᠳᠠᠯ ᠢᠶᠠᠨ ᠲᠤᠰᠢᠶᠠᠨ᠎ᠠ᠂ 2018 ᠣᠨ ᠤ ᠠᠮᠢᠳᠤᠯᠢᠭ ᠢᠶᠠᠷ ᠠᠵᠢᠯ ᠣᠯᠣᠭᠰᠠᠳ ᠪᠣᠯ 12 ᠳ᠋ᠤᠭᠠᠷ ᠰᠠᠷ᠎ᠠ ᠶᠢᠨ 21᠎ ᠤ ᠡᠳᠦᠷ ᠠᠴᠠ ᠡᠮᠦᠨ᠎ᠡ ᠵᠠᠷᠤᠳᠠᠯ ᠢᠶᠠᠨ ᠲᠤᠰᠢᠶᠠᠨ᠎ᠠ  ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号