7 ᠳ᠋ᠤᠭᠠᠷ ᠰᠠᠷ᠎ᠠ ᠶᠢᠨ 5 ᠤ ᠡᠳᠦᠷ᠂ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠶᠠᠮᠤᠨ ᠠᠴᠠ | ᠤᠷᠴᠢᠨ ᠲᠤᠭᠤᠷᠢᠨ ᠤ ᠵᠠᠰᠠᠭ ᠤᠨ ᠶᠠᠪᠤᠳᠠᠯ ᠤᠨ ᠬᠠᠮᠢᠶᠠᠷᠤᠯᠳᠠ ᠶᠢᠨ ᠮᠡᠳᠡᠭᠡ ᠵᠠᠩᠬᠢ ᠨᠡᠶᠢᠳᠡᠯᠡᠭᠦ ᠳᠡᠭᠡᠨ᠂ ᠦᠪᠦᠷ | ᠮᠤᠩᠭᠤᠯ ᠤᠨ ᠲᠠᠭ᠎ᠠ ᠶᠢᠨ ᠨᠠᠭᠤᠷ ᠤᠨ ᠵᠠᠰᠠᠯᠳᠠ ᠶᠢᠨ ᠰᠡᠳᠬᠢᠴᠡ ᠲᠤᠳᠤᠷᠬᠠᠢ ᠪᠢᠰᠢ᠂ ᠠᠮᠢ ᠠᠬᠤᠢ ᠮᠠᠭᠤᠳᠠᠬᠤ | ᠬᠠᠨᠳᠤᠰᠢ ᠬᠠᠷᠠᠬᠠᠨ ᠬᠤᠷᠢᠬᠯᠠᠬᠳᠠᠭᠠᠳᠤᠢ ᠪᠠᠶᠢᠨ᠎ᠠ ᠬᠡᠵᠤ ᠵᠢᠭᠠᠵᠤ ᠭᠠᠷᠭᠠᠪᠠ᠃ ᠦᠪᠡᠷᠳᠡᠭᠡᠨ ᠵᠠᠰᠬᠠᠤ ᠤᠷᠤᠨ ᠤ | ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠡᠨᠡ ᠬᠦ ᠶᠠᠪᠤᠳᠠᠯ ᠳᠤ ᠲᠠᠷᠠ ᠲᠠᠷᠤᠶᠢᠬᠠᠨ ᠴᠤᠬᠤᠯᠠᠪᠤᠷᠢ ᠦᠭᠴᠡᠢ᠃ | ᠴᠤᠬᠤᠯᠠᠪᠤᠷᠢ ᠳᠤ ᠵᠢᠭᠠᠵᠤ ᠭᠠᠷᠭᠠᠭᠰᠠᠨ ᠨᠢ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠤ | ᠠᠰᠠᠭᠤᠳᠠᠯ ᠨᠢ ᠤᠳᠤᠬᠠᠨ ᠤ ︽ᠰᠠᠶᠢᠨ ᠮᠠᠭᠤ︾ ᠶᠢᠨ ᠠᠰᠠᠭᠤᠳᠠᠯ ᠪᠤᠯᠬᠤ ᠪᠦᠭᠡᠳ ᠢᠷᠡᠭᠡᠳᠦᠢ ᠳᠤ ︽ᠪᠠᠶᠢᠬᠤ | ᠡᠰᠡᠭᠦ︾ ᠶᠢᠨ ᠠᠰᠠᠭᠤᠳᠠᠯ ᠪᠤᠯᠤᠨ᠎ᠠ᠂ ᠪᠠᠶᠢᠳᠠᠯ ᠬᠦᠨᠳᠦ ᠬᠡᠴᠡᠭᠦᠦ ᠪᠠᠶᠢᠵᠤ ᠬᠦᠮᠦᠰ ᠢ ᠰᠢᠬᠠᠮᠳᠠᠭᠤᠯᠵᠤ ᠪᠠᠶᠢᠨ᠎ᠠ᠂ | ᠵᠠᠰᠠᠯᠳᠠ ᠶᠢ ᠦᠴᠦᠭᠡᠨ ᠴᠤ ᠬᠤᠶᠢᠰᠢᠯᠠᠭᠤᠯᠵᠤ ᠪᠤᠯᠬᠤ ᠦᠭᠡᠢ᠃ ᠦᠪᠡᠷᠳᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠶᠠᠳᠤᠭᠠᠷ ᠰᠢᠮᠳᠠᠭᠤᠯᠤᠨ ᠪᠠᠶᠢᠴᠠᠭᠠᠬᠤ | ᠲᠤᠭᠤᠶᠢᠯᠠᠩ ᠤᠨ ᠵᠢᠭᠠᠵᠤ ᠭᠠᠷᠭᠠᠬᠰᠠᠨ ᠠᠰᠠᠭᠤᠳᠠᠯ ᠪᠤᠯᠤᠨ ᠲᠤᠷᠠᠳᠤᠬᠰᠠᠨ ᠱᠠᠭᠠᠷᠳᠠᠯᠭ᠎ᠠ ᠶᠢ ᠲᠠᠷᠤᠢ ᠲᠦᠷᠭᠡᠨ | ᠰᠤᠳᠤᠯᠤᠨ ᠨᠡᠶᠢᠳᠡᠪᠦᠷᠢᠵᠢᠭᠤᠯᠵᠤ᠂ ᠰᠡᠳᠬᠢᠴᠡ ᠪᠠᠨ ᠲᠤᠳᠤᠷᠬᠠᠶᠢᠯᠠᠨ ᠲᠦᠰᠦᠯ ᠲᠤᠬᠳᠠᠭᠠᠵᠤ᠂ ᠶᠡᠷᠦᠩᠬᠡᠶᠢᠯᠡᠭᠰᠡᠨ | ᠠᠷᠭ᠎ᠠ ᠪᠤᠳᠤᠯᠭ᠎ᠠ ᠶᠢ ᠬᠡᠷᠡᠭᠵᠢᠭᠦᠯᠦᠨ᠂ ᠴᠢᠩᠭ᠎ᠠ ᠠᠳᠬᠤᠨ ᠲᠦᠷᠭᠡᠨ ᠬᠦᠢᠴᠡᠳᠭᠡᠭᠦ ᠬᠡᠷᠡᠭᠳᠡᠢ᠃ ᠦᠪᠡᠷᠳᠡᠭᠡᠨ | ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ | ᠲᠢᠩᠬᠢᠮ᠂ ᠤᠰᠤᠨ ᠠᠰᠢᠬᠯᠠᠯᠳᠠ ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠵᠡᠷᠭᠡ ᠰᠠᠯᠠᠭ᠎ᠠ | ᠮᠦᠴᠢᠷ ᠪᠠ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤᠯᠤᠰ ᠲᠦᠷᠦ ᠶᠢᠨ | ᠵᠤᠬᠰᠤᠴᠠ ᠪᠠᠨ ᠲᠡᠭᠡᠭᠰᠢᠯᠡᠭᠦᠯᠦᠨ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠵᠤ᠂ ᠠᠵᠢᠯ ᠤᠨ | ᠨᠡᠶᠢᠳᠡᠪᠦᠷᠢᠵᠢᠭᠤᠯᠤᠯᠳᠠ ᠶᠢ ᠴᠢᠩᠭ᠎ᠠ ᠠᠳᠬᠤᠵᠤ᠂ ᠲᠠᠭ᠎ᠠ ᠶᠢᠨ ᠨᠠᠭᠤᠷ ᠤᠨ ᠠᠮᠢ ᠠᠬᠤᠢ ᠤᠷᠴᠢᠨ ᠲᠤᠭᠤᠷᠢᠨ ᠢ | ᠵᠠᠰᠠᠬᠤ ᠠᠵᠢᠯ ᠢ ᠪᠤᠳᠠᠳᠠᠢ ᠳᠤ ᠨᠡᠶᠢᠳᠡᠪᠦᠷᠢᠵᠢᠭᠤᠯᠬᠤ᠂ ᠦᠷ᠎ᠠ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ ᠬᠡᠵᠠᠢ᠃ | |