ᠪᠦ᠋ ᠰᠢᠶᠤᠤ ᠯᠢᠨ ︽ᠵᠠᠰᠠᠯᠳᠠ ᠶᠢᠨ ᠰᠡᠳᠬᠢᠴᠡ ᠲᠤᠳᠤᠷᠬᠠᠢ ᠪᠢᠰᠢ ᠲᠠᠭ᠎ᠠ ᠶᠢᠨ ᠨᠠᠭᠤᠷ ᠤᠨ ᠠᠮᠢ ᠠᠬᠤᠢ ᠮᠠᠭᠤᠳᠠᠬᠤ ᠬᠠᠨᠳᠤᠰᠢ ᠬᠠᠷᠠᠬᠠᠨ ᠬᠤᠷᠢᠬᠯᠠᠬᠳᠠᠭᠠᠳᠤᠢ ᠪᠠᠶᠢᠬᠤ︾ ᠶᠠᠪᠤᠳᠠᠯ ᠳᠤ ᠴᠤᠬᠤᠯᠠᠪᠤᠷᠢ ᠦᠭᠴᠡᠢ
ᠨᠡᠶᠢᠲᠡᠯᠡᠭᠰᠡᠨ ᠴᠠᠭ᠄
2018/7/6
     7 ᠳ᠋ᠤᠭᠠᠷ ᠰᠠᠷ᠎ᠠ ᠶᠢᠨ 5᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠶᠠᠮᠤᠨ ᠤ ᠨᠡᠶᠢᠳᠡᠯᠡᠭᠰᠡᠨ ᠤᠷᠴᠢᠨ ᠲᠤᠭᠤᠷᠢᠨ ᠤ ᠵᠠᠰᠠᠭ ᠤᠨ ᠶᠠᠪᠤᠳᠠᠯ ᠤᠨ ᠬᠠᠮᠢᠶᠠᠷᠤᠯᠳᠠ ᠶᠢᠨ ᠮᠡᠳᠡᠭᠡ ᠵᠠᠩᠬᠢ ᠳᠠᠬᠢ ︽ᠵᠠᠰᠠᠯᠳᠠ ᠶᠢᠨ ᠰᠡᠳᠬᠢᠴᠡ ᠲᠤᠳᠤᠷᠬᠠᠢ ᠪᠢᠰᠢ᠂ ᠲᠠᠭ᠎ᠠ ᠶᠢᠨ ᠨᠠᠭᠤᠷ ᠎ ᠤᠨ ᠠᠮᠢ ᠠᠬᠤᠢ ᠮᠠᠭᠤᠳᠠᠬᠤ ᠬᠠᠨᠳᠤᠰᠢ ᠬᠠᠷᠠᠬᠠᠨ ᠬᠤᠷᠢᠬᠯᠠᠬᠳᠠᠭᠠᠳᠤᠢ ᠪᠠᠶᠢᠬᠤ︾ ᠶᠠᠪᠤᠳᠠᠯ ᠳᠤ ᠴᠤᠬᠤᠯᠠᠪᠤᠷᠢ ᠦᠭᠴᠡᠢ᠃       ᠪᠦ᠋ ᠰᠢᠶᠤᠤ ᠯᠢᠨ ᠴᠤᠬᠤᠯᠠᠪᠤᠷᠢ ᠳᠠᠭᠠᠨ ᠵᠢᠭᠠᠭᠰᠠᠨ ᠨᠢ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠠᠰᠠᠭᠤᠳᠠᠯ ᠲᠦᠢᠯ ᠤᠨ ᠬᠦᠨᠳᠦ ᠨᠤᠴᠢᠳᠠᠢ ᠪᠠᠶᠢᠨ᠎ᠠ᠂ ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠤᠰᠤᠨ ᠠᠰᠢᠬᠯᠠᠯᠳᠠ ᠶᠢᠨ ᠲᠢᠩᠬᠢᠮ ᠵᠡᠷᠭᠡ ᠰᠠᠯᠠᠭ᠎ᠠ ᠮᠦᠴᠢᠷ ᠵᠢᠴᠢ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ᠂ ᠵᠠᠰᠠᠭ ᠎ ᠤᠨ ᠤᠷᠳᠤᠨ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢᠨ ᠵᠤᠬᠰᠤᠴᠠ ᠪᠠᠨ ᠦᠨᠡᠨ ᠭᠦ ᠲᠡᠭᠡᠭᠰᠢᠯᠡᠭᠦᠯᠦᠨ᠂ ᠲᠠᠭ᠎ᠠ ᠶᠢᠨ ᠨᠠᠭᠤᠷ ᠤᠨ ᠠᠮᠢ ᠠᠬᠤᠢ ᠶᠢᠨ ᠤᠷᠴᠢᠨ ᠲᠤᠭᠤᠷᠢᠨ ᠤ ᠵᠠᠰᠠᠯᠳᠠ ᠶᠢᠨ ᠴᠢᠬᠤᠯᠠ ᠴᠢᠨᠠᠷ ᠪᠤᠯᠤᠨ ᠲᠤᠯᠭᠠᠮ᠎ᠠ ᠴᠢᠨᠠᠷ ᠢ ᠬᠦᠨᠵᠡᠭᠡᠢ ᠲᠠᠨᠢᠵᠤ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠨ᠂ ᠰᠢᠨᠵᠢᠯᠡᠭᠦ ᠤᠬᠠᠭᠠᠨᠴᠢ ᠵᠤᠷᠢᠭ ᠰᠠᠨᠠᠭ᠎ᠠ ᠶᠢ ᠪᠠᠷᠢᠮᠳᠠᠯᠠᠵᠤ᠂ ᠵᠠᠰᠠᠯᠳᠠ ᠶᠢᠨ ᠲᠦᠯᠦᠪᠵᠢᠭᠦᠯᠭᠡ᠂ ᠲᠦᠰᠦᠯ᠂ ᠲᠦᠷᠦᠯ ᠵᠦᠢᠯ ᠢ ᠤᠯᠠᠮ ᠴᠢᠨᠠᠬᠰᠢᠳᠠ ᠲᠡᠭᠦᠯᠳᠡᠷᠵᠢᠭᠦᠯᠭᠦ ᠬᠡᠷᠡᠭᠳᠡᠢ ᠭᠡᠵᠡᠢ᠃       ᠪᠦ᠋ ᠰᠢᠶᠤᠤ ᠯᠢᠨ ᠦᠪᠡᠷᠳᠡᠭᠡᠨ ᠵᠠᠰᠬᠠᠤ ᠤᠷᠤᠨ ᠤ ᠵᠠᠰᠠᠭ ᠤᠨ ᠤᠷᠳᠤᠨ ᠤ ᠬᠠᠮᠢᠶ᠎ᠠ ᠪᠦᠬᠦᠢ ᠤᠳᠤᠷᠢᠳᠤᠯᠭ᠎ᠠ ᠪᠠᠷ ᠡᠯ᠎ᠠ ᠰᠠᠯᠠᠭ᠎ᠠ ᠮᠦᠴᠢᠷ ᠪᠤᠯᠤᠨ ᠤᠯᠠᠭᠠᠨᠴᠠᠪ ᠬᠤᠳᠠ ᠶᠢ ᠵᠤᠬᠢᠶᠠᠨ ᠪᠠᠶᠢᠭᠤᠯᠵᠦ ᠪᠤᠳᠠᠳᠠᠢ ᠴᠡᠭᠴᠡᠯᠡᠨ ᠰᠠᠶᠢᠵᠢᠷᠠᠭᠤᠯᠬᠤ ᠰᠠᠨᠠᠯ ᠢ ᠲᠠᠷᠤᠢ ᠲᠦᠷᠭᠡᠨ ᠰᠤᠳᠤᠯᠤᠭᠤᠯᠬᠤ ᠶᠢᠨ ᠬᠠᠮᠳᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠪᠠᠷ ᠲᠤᠬᠢᠷᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号