ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 44 ᠳ᠋ᠦᠩᠰᠢᠭᠤᠷ ᠲᠦᠬᠦᠷᠢᠭ ᠤᠨ ᠡᠩ ᠤᠨ ᠤᠷᠤᠨ ᠨᠤᠲᠤᠭ ᠤᠨ ᠦᠷᠢ ᠶᠢᠨ ᠲᠡᠮᠳᠡᠭᠲᠦ ᠲᠠᠷᠬᠠᠭᠠᠪᠠ
ᠨᠡᠶᠢᠲᠡᠯᠡᠭᠰᠡᠨ ᠴᠠᠭ᠄
2018/7/6
     7 ᠳ᠋ᠤᠭᠠᠷ ᠰᠠᠷ᠎ᠠ ᠶᠢᠨ 2᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ 44.3242 ᠳ᠋ᠦᠩᠰᠢᠭᠤᠷ ᠲᠦᠬᠦᠷᠢᠭ ᠤᠨ ᠡᠩ ᠤᠨ ᠤᠷᠤᠨ ᠨᠤᠲᠤᠭ ᠤᠨ ᠦᠷᠢ ᠲᠡᠮᠳᠡᠭᠲᠦ ᠶᠢᠨ ᠳᠠᠭᠠᠭᠠᠴᠢᠯᠠᠯᠲᠠ ᠵᠠᠷᠯᠠᠨ ᠲᠠᠷᠬᠠᠭᠠᠪᠠ᠂ ᠬᠤᠭᠤᠴᠠᠭ᠎ᠠ ᠨᠢ 5 ᠵᠢᠯ ᠪᠣᠯᠤᠨ᠎ᠠ᠃ ᠲᠤᠰ ᠬᠤᠭᠤᠴᠠᠭᠠᠨ ᠤ ᠵᠢᠭᠡᠯᠡᠯᠭᠡ ᠶᠢᠨ ᠲᠡᠮᠳᠡᠭᠲᠦ ᠶᠢ ᠪᠥᠬᠦᠳᠡ ᠶᠢ ᠬᠤᠭᠤᠴᠠᠭ᠎ᠠ ᠨᠢ ᠲᠤᠯᠤᠭᠰᠠᠨ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠶᠢ ᠪᠤᠴᠠᠭᠠᠬᠤ ᠳᠤ ᠬᠡᠷᠡᠭᠯᠡᠵᠦ᠂ ᠵᠦᠩ ᠵᠠᠢ ᠬᠦᠷᠦᠩᠭᠡ ᠶᠢᠨ ᠢᠲᠡᠭᠡᠮᠵᠢ ᠶᠢ ᠦᠨᠡᠯᠡᠨ ᠵᠢᠱᠢᠬᠦ ᠺᠣᠮᠫᠠᠨᠢ ᠠᠴᠠ ᠵᠢᠭᠡᠯᠡᠯᠭᠡ ᠶᠢᠨ ᠲᠡᠮᠳᠡᠭᠲᠦ ᠶᠢ AAA ᠳᠡᠰ ᠢᠶᠠᠷ ᠦᠨᠡᠯᠡᠪᠡ᠃ ᠲᠤᠰ ᠤᠳᠠᠭᠠᠨ ᠤ ᠲᠠᠷᠬᠠᠭᠠᠭᠰᠠᠨ ᠵᠢᠭᠡᠯᠡᠯᠭᠡ ᠶᠢᠨ ᠲᠡᠮᠳᠡᠭᠲᠦ ᠨᠢ ᠭᠠᠭᠴᠠ ᠦᠨᠡᠲᠦ ᠬᠤᠯᠠᠨᠳ᠋ ᠮᠠᠶ᠋ᠢᠭ ᠤᠨ ᠳᠠᠭᠠᠭᠠᠴᠢᠯᠠᠯᠲᠠ ᠵᠠᠷᠯᠠᠬᠤ ᠬᠡᠯᠪᠡᠷᠢ ᠶᠢ ᠬᠡᠷᠡᠭᠯᠡᠵᠦ᠂ ᠡᠷᠬᠡ ᠬᠠᠷᠠᠯᠲᠠ ᠪᠠᠷ ᠨᠢ ᠬᠦᠦ ᠮᠥᠩᠭᠦ ᠶᠢᠨ ᠨᠤᠷᠮ᠎ᠠ ᠪᠤᠯᠭᠠᠵᠠᠢ᠃ ᠳᠠᠭᠠᠭᠠᠴᠢᠯᠠᠯᠲᠠ ᠬᠦᠯᠢᠶᠡᠭᠰᠡᠨ ᠤᠷᠤᠨ ᠬᠤᠭᠤᠷᠤᠨᠳᠤ ᠪᠠᠨ ᠳᠠᠭᠠᠭᠠᠴᠢᠯᠠᠯᠲᠠ ᠵᠠᠷᠯᠠᠬᠤ ᠡᠳᠦᠷ ᠠᠴᠠ ᠡᠮᠦᠨᠡᠬᠢ 5 ᠠᠵᠢᠯᠯᠠᠬᠤ ᠡᠳᠦᠷ ᠲᠠᠬᠢ ᠵᠦᠩ ᠵᠠᠢ ᠪᠠᠩᠬᠢ ᠶᠢᠨ ᠬᠤᠭᠤᠷᠣᠨᠳᠣᠬᠢ ᠲᠤᠭᠲᠠᠮᠠᠯ ᠠᠰᠢᠭ ᠤᠨ ᠨᠤᠷᠮ᠎ᠠ ᠶᠢᠨ ᠤᠯᠤᠰ ᠤᠨ ᠵᠢᠭᠡᠯᠡᠯᠭᠡ ᠶᠢᠨ ᠠᠰᠢᠭ ᠣᠯᠵᠠᠪᠤᠷᠢ ᠶᠢᠨ ᠨᠤᠷᠮ᠎ᠠ ᠪᠠᠷ ᠮᠤᠷᠤᠶ ᠱᠤᠭᠤᠮ ᠤᠨ ᠲᠦᠪ ᠪᠤᠯᠭᠠᠵᠤ᠂ ᠠᠳᠠᠯᠢ ᠬᠤᠭᠤᠴᠠᠭᠠᠨ ᠳᠤ ᠤᠯᠤᠰ ᠤᠨ ᠵᠢᠭᠡᠯᠡᠯᠭᠡ ᠶᠢᠨ ᠠᠰᠢᠭ ᠣᠯᠵᠠᠪᠤᠷᠢ ᠶᠢᠨ ᠨᠤᠷᠮ᠎ᠠ ᠶᠢᠨ ᠲᠤᠭ᠎ᠠ ᠪᠤᠳᠤᠯᠭ᠎ᠠ ᠶᠢᠨ ᠳᠤᠮᠳᠠᠴᠢ ᠬᠡᠮᠵᠢᠭᠳᠡᠯ ᠪᠠ ᠲᠤᠰ ᠳᠤᠮᠳᠠᠴᠢ ᠬᠡᠮᠵᠢᠭᠳᠡᠯ ᠤᠨ ᠦᠰᠦᠯᠲᠡ ᠶᠢᠨ 30%᠎ ᠶᠢᠨ ᠬᠤᠭᠤᠷᠣᠨᠳᠣ ᠬᠢᠵᠠᠭᠠᠷᠯᠠᠨ᠎ᠠ᠃ ᠣᠷᠣᠨ ᠨᠤᠲᠤᠭ ᠤᠨ ᠵᠠᠰᠠᠭ ᠤᠨ ᠣᠷᠳᠣᠨ ᠤ ᠵᠢᠭᠡᠯᠡᠯᠭᠡ ᠶᠢᠨ ᠲᠡᠮᠳᠡᠭᠲᠦ ᠨᠢ ᠲᠦᠭᠰᠢᠭᠦᠷᠢ ᠪᠠᠷ ᠪᠠᠭ᠎ᠠ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠳᠤ ᠬᠠᠷᠢᠶᠠᠯᠠᠭᠳᠠᠵᠤ᠂ ᠵᠠᠬ᠎ᠠ ᠳᠡᠯᠭᠡᠭᠦᠷᠴᠢᠯᠡᠬᠦ ᠳᠠᠭᠠᠭᠠᠴᠢᠯᠠᠯᠲᠠ ᠵᠠᠷᠯᠠᠬᠤ ᠬᠡᠮᠵᠢᠶ᠎ᠡ ᠶᠢᠨ ᠳᠡᠭᠡᠭᠰᠢᠯᠡᠯᠲᠡ ᠶᠢ ᠳᠠᠭᠠᠯᠳᠤᠨ᠂ ᠣᠷᠣᠨ ᠨᠤᠲᠤᠭ ᠤᠨ ᠦᠷᠢ ᠶᠢᠨ ᠪᠡᠯᠡ ᠤᠷᠤᠭᠤᠯᠤᠯᠲᠠ ᠶᠢᠨ ᠦᠷᠳᠡᠭ ᠂ ᠲᠣᠬᠢᠷᠠᠭᠤᠯᠬᠤ ᠦᠷᠳᠡᠭ ᠨᠢ ᠡᠳᠦᠷ ᠢᠷᠡᠬᠦᠶ᠎ᠡ ᠳᠤᠪᠤᠶᠢᠮ᠎ᠠ ᠪᠤᠯᠵᠤ ᠪᠠᠶᠢᠨ᠎ᠠ᠃ ᠬᠤᠪᠢ ᠬᠦᠮᠦᠨ ᠤ ᠪᠡᠯᠡ ᠣᠷᠣᠭᠤᠯᠤᠭᠴᠢ ᠨᠢ ᠣᠷᠣᠨ ᠨᠤᠲᠤᠭ ᠤᠨ ᠦᠷᠢ ᠶᠢᠨ ᠲᠡᠮᠳᠡᠭᠲᠦ ᠶᠢ ᠵᠠᠬ᠎ᠠ ᠳᠡᠯᠭᠡᠭᠦᠷ ᠲᠤ ᠭᠠᠷᠭᠠᠵᠤ ᠠᠷᠠᠯᠵᠢᠶᠠᠯᠠᠭᠰᠠᠨ ᠤ ᠲᠡᠷᠠᠭ᠎ᠠ ᠬᠤᠳᠠᠯᠳᠤᠨ ᠠᠪᠴᠤ ᠪᠤᠯᠬᠤ ᠮᠦᠷᠲᠡᠭᠡᠨ ᠪᠠᠰᠠ ᠲᠡᠮᠳᠡᠭᠲᠦ ᠶᠢᠨ ᠬᠤᠳᠠᠯᠳᠤᠭᠠᠴᠢᠨ ᠳᠤ ᠨᠠᠶᠢᠳᠠᠬᠤ ᠪᠠᠷ ᠳᠠᠮᠵᠢᠭᠤᠯᠤᠨ ᠳᠠᠭᠠᠭᠠᠴᠢᠯᠠᠯᠲᠠ ᠳᠤ ᠤᠷᠤᠵᠤ ᠪᠣᠯᠤᠨ᠎ᠠ — ᠰᠦᠯᠵᠢᠶᠡᠨ ᠳᠡᠭᠡᠷ᠎ᠡ ᠪᠠ ᠰᠦᠯᠵᠢᠶᠡᠨ ᠠᠴᠠ ᠭᠠᠳᠠᠨ᠎ᠠ ᠰᠠᠯᠭᠠᠨ ᠪᠣᠷᠣᠯᠠᠭᠤᠯᠬᠤ ᠬᠡᠯᠪᠡᠷᠢ ᠪᠠᠷ ᠣᠷᠣᠨ ᠨᠤᠲᠤᠭ ᠤᠨ ᠦᠷᠢ ᠶᠢ ᠬᠤᠳᠠᠯᠳᠤᠨ ᠠᠪᠴᠤ ᠪᠤᠯᠬᠤ ᠪᠦᠭᠡᠳ ᠭᠠᠶᠢᠯᠢ ᠠᠴᠠ ᠬᠡᠯᠲᠦᠷᠢᠭᠦᠯᠬᠦ ᠬᠠᠷᠠᠭᠠᠯᠵᠠᠯ ᠬᠦᠷᠲᠡᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号