ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠲᠥᠪ ᠤᠨ ᠪᠠ ᠥᠪᠡᠷᠲᠡᠭᠡᠨ | ᠵᠠᠰᠠᠬᠤ ᠣᠷᠣᠨ ᠤ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠴᠢᠬᠤᠯᠠ ᠶᠡᠭᠡ | ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ | ᠬᠤᠲᠠ ᠶᠢᠨ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠠᠵᠢᠯ ᠢ ᠯᠠᠪᠳᠠᠭᠤᠨ ᠪᠠᠲᠤᠲᠠᠶ | ᠠᠬᠢᠭᠤᠯᠬᠤ ᠶᠢᠨ ᠲᠤᠰᠠᠳᠠ᠂ ᠡᠷᠢᠶᠡᠨ ᠬᠤᠲᠠ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ | ᠠᠵᠢᠯ ᠢ ᠠᠬᠢᠭᠤᠯᠬᠤ ᠬᠤᠷᠠᠯ ᠬᠢᠪᠡ᠃ | ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠠᠵᠤ ᠠᠬᠤᠶᠢᠯᠠᠯ ᠪᠣᠯᠣᠨ ᠤᠯᠠᠨ ᠲᠦᠮᠡᠨ ᠳᠤ ᠰᠢᠭᠤᠳ | ᠬᠠᠨᠳᠤᠵᠦ᠂ ᠬᠠᠤᠯᠢ ᠶᠣᠰᠣᠭᠠᠷ ᠭᠦᠢᠴᠡᠳᠬᠡᠯᠭᠡᠬᠦ ᠪᠠᠷ ᠭᠤᠶᠤᠴᠢᠯᠠᠭᠰᠠᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ | ᠪᠣᠯᠣᠨ ᠤᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠵᠡᠷᠭᠡ ᠲᠠᠯ᠎ᠠ ᠳᠤ᠂ ᠬᠢᠨᠠᠨ ᠵᠥᠪᠰᠢᠶᠡᠷᠡᠬᠦ | ᠦᠢᠯᠡᠴᠢᠯᠡᠭᠡᠨ ᠤ ᠣᠨᠤᠯᠵᠢᠬᠤᠨ᠂ ᠳᠥᠷᠢᠮ᠂ ᠣᠪᠣᠷ ᠰᠤᠷᠲᠠᠯ ᠤᠨ ᠪᠦᠬᠦ ᠲᠠᠯ᠎ᠠ ᠪᠠᠷ ᠬᠢ ᠭᠦᠨ ᠳᠠᠪᠬᠤᠷᠭ᠎ᠠ ᠶᠢᠨ | ᠬᠤᠪᠢᠰᠤᠯᠲᠠ ᠶᠢ ᠲᠥᠯᠬᠢᠨ ᠠᠬᠢᠭᠤᠯᠵᠤ᠂ ︽ᠣᠷᠣᠬᠤ ᠶᠢ ᠠᠭᠤᠵᠢᠭᠤ ᠲᠠᠯᠪᠢᠬᠤ᠂ ᠲᠦᠷᠭᠡᠨ ᠭᠦᠢᠴᠡᠳᠬᠡᠬᠦ᠂ | ᠴᠢᠩᠭ᠎ᠠ ᠬᠠᠮᠢᠶᠠᠷᠬᠤ᠂ ᠠᠷᠠᠳ ᠲᠤ ᠳᠥᠭᠦᠮ ᠦᠵᠡᠭᠦᠯᠬᠦ᠂ ᠢᠯᠡ ᠪᠣᠯᠭᠠᠬᠤ︾ ᠦᠢᠯᠡᠴᠢᠯᠡᠭᠡᠨ ᠤ ᠬᠡᠪ ᠵᠠᠭᠪᠤᠷ ᠢ | ᠬᠦᠴᠦᠯᠡᠨ ᠪᠤᠢ ᠪᠣᠯᠭᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠵᠠᠰᠠᠭ ᠤᠨ ᠣᠷᠳᠣᠨ ᠢ ᠡᠷᠢᠬᠦ | ᠤᠳᠠᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠴᠦᠬᠡᠳᠬᠡᠬᠦ ᠬᠡᠷᠡᠭᠲᠡᠢ︔ ᠵᠣᠷᠢᠭᠲᠠᠶ ᠪᠠᠷ ᠰᠦᠪᠡᠭᠴᠢᠯᠡᠨ ᠰᠢᠨᠡᠴᠢᠯᠡᠵᠦ᠂ | ᠲᠡᠷᠢᠭᠦᠨ ᠤ ᠭᠠᠵᠠᠷ ᠣᠷᠣᠨ ᠤ ᠰᠠᠶᠢᠨ ᠲᠤᠷᠰᠢᠯᠭ᠎ᠠ ᠪᠣᠯᠣᠨ ᠠᠷᠭ᠎ᠠ ᠬᠢᠳᠡᠯ ᠢ ᠰᠤᠷᠤᠯᠴᠠᠨ ᠲᠡᠭᠦᠨ ᠢᠶᠠᠷ ᠲᠣᠯᠢ | ᠪᠣᠯᠭᠠᠵᠤ᠂ ᠬᠠᠷᠢᠯᠴᠠᠨ ᠠᠬᠢᠭᠤᠯᠵᠤ ᠬᠠᠮᠲᠤ ᠪᠠᠷ ᠬᠥᠭᠵᠢᠬᠦ ᠬᠡᠷᠡᠭᠲᠡᠶ᠃ ᠬᠤᠶᠠᠷ ᠲᠤ ᠥᠭᠡᠷᠡᠴᠢᠯᠡᠯᠲᠡ ᠶᠢ ᠵᠣᠬᠢᠶᠠᠨ | ᠪᠠᠶᠢᠭᠤᠯᠵᠤ ᠬᠡᠷᠡᠭᠵᠢᠭᠦᠯᠬᠦ ᠶᠢ ᠦᠨᠡᠨ ᠬᠦ ᠰᠠᠶᠢᠲᠤᠷ ᠠᠳᠬᠤᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠳᠡᠭᠡᠪᠦᠷ ᠲᠥᠯᠥᠪᠯᠡᠭᠡ ᠶᠢ ᠰᠠᠶᠢᠲᠤᠷ ᠠᠳᠬᠤᠵᠤ᠂ ᠲᠠᠯᠪᠢᠬᠤ ᠬᠠᠮᠢᠶᠠᠷᠬᠤ ᠦᠢᠯᠡᠴᠢᠯᠡᠬᠦ ᠥᠭᠡᠷᠡᠴᠢᠯᠡᠯᠲᠡ | ᠶᠢᠨ ᠲᠥᠰᠦᠯ ᠢ ᠲᠣᠭᠲᠠᠭᠠᠬᠤ ᠪᠠ ᠵᠠᠩᠭᠢᠯᠠᠭ᠎ᠠ ᠶᠢᠨ ᠥᠭᠡᠷᠡᠴᠢᠯᠡᠯᠲᠡ ᠶᠢ ᠵᠣᠬᠢᠴᠠᠭᠤᠯᠵᠤ ᠰᠢᠮᠳᠠᠭᠤᠯᠤᠨ | ᠪᠠᠶᠢᠴᠠᠭᠠᠬᠤ ᠶᠢ ᠲᠦᠷᠭᠡᠳᠬᠡᠵᠦ᠂ ᠠᠵᠢᠯ ᠤᠨ ᠳᠤᠮᠳᠠᠬᠢ ᠬᠦᠴᠢᠷᠳᠡᠯ ᠪᠣᠯᠣᠨ ᠠᠰᠠᠭᠤᠳᠠᠯ ᠢ ᠴᠠᠭ ᠲᠤᠬᠠᠶ ᠳᠤᠨᠢ | ᠰᠤᠳᠤᠯᠤᠨ ᠰᠢᠶᠳᠪᠦᠷᠢᠯᠡᠬᠦ ᠬᠡᠷᠡᠭᠲᠡᠶ᠃ ᠭᠤᠷᠪᠠ ᠳᠤ ᠡᠷᠬᠡ ᠶᠢᠨ ᠨᠠᠷᠢᠨ ᠳᠠᠩᠰᠠ ᠪᠣᠯᠣᠨ ᠤᠯᠠᠨ ᠨᠡᠶᠢᠲᠡ ᠶᠢᠨ | ᠦᠢᠯᠡᠴᠢᠯᠡᠭᠡᠨ ᠤ ᠵᠦᠢᠯᠡᠰ ᠢ ᠪᠦᠬᠦ ᠲᠠᠯ᠎ᠠ ᠪᠠᠷ ᠰᠢᠰᠲ᠋ᠧᠮ ᠲᠠᠢ ᠡᠮᠬᠢᠯᠡᠵᠦ᠂ ︽ᠨᠠᠢᠮᠠᠨ ᠬᠠᠭᠤᠳᠠᠰᠤ ᠨᠠᠷᠢᠨ ᠲᠠᠩᠰᠠ | ︾ ᠶᠢᠨ ᠠᠵᠢᠯ ᠢ ᠪᠦᠷᠢᠨᠰᠢᠭᠦᠯᠬᠦ ᠪᠥᠭᠡᠳ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ︽ | ᠵᠢᠷᠭᠤᠭᠠᠨ ᠨᠢᠭᠡ︾ ᠠᠵᠢᠯᠯᠠᠭᠠᠨ ᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠪᠣᠯᠤᠨ ᠤᠯᠠᠨ | ᠲᠦᠮᠡᠨ ᠤ ᠬᠡᠷᠡᠭ ᠶᠠᠪᠤᠳᠠᠯ ᠭᠦᠢᠴᠡᠳᠬᠡᠬᠦ ᠳᠤ ᠬᠤᠯᠪᠣᠭᠳᠠᠬᠤ ᠡᠯ᠎ᠡ ᠲᠥᠷᠥᠯ ᠤᠨ ᠭᠤᠭᠴᠤᠭ᠎ᠠ ᠶᠢ ᠡᠬᠢ | ᠡᠭᠦᠰᠦᠯ ᠠᠴᠠ ᠨᠢ ᠪᠦᠬᠦ ᠲᠠᠯ᠎ᠠ ᠪᠠᠷ ᠪᠠᠭᠠᠰᠬᠠᠬᠤ ᠬᠡᠷᠡᠭᠲᠡᠶ᠃ ᠲᠦᠷᠪᠡ ᠳᠤ ᠬᠤᠳᠠ ᠶᠢᠨ ᠣᠷᠣᠨ ᠲᠣᠭᠠᠨ ᠤ | ᠠᠯᠪᠠᠨ ᠭᠡᠷ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠨ᠂ | ᠥᠭᠡᠷᠡᠴᠢᠯᠡᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ᠂ | ᠪᠡᠯᠡ ᠣᠷᠣᠭᠤᠯᠤᠯᠲᠠ ᠶᠢᠨ ᠬᠢᠨᠠᠨ ᠵᠥᠪᠰᠢᠶᠡᠷᠡᠯ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ᠂ | ᠰᠦᠢᠳᠬᠡᠯ ᠬᠤᠷᠢᠶᠠᠬᠤ ᠶᠠᠪᠤᠳᠠᠯ ᠢ ᠡᠮᠬᠢᠯᠡᠨ ᠢᠯᠭᠠᠷᠠᠭᠤᠯᠬᠤ ᠵᠡᠷᠭᠡ ᠣᠯᠠᠨ ᠬᠦᠷᠢᠶᠡᠨ ᠤ ᠥᠭᠡᠷᠡᠴᠢᠯᠡᠯᠲᠡ ᠶᠢ | ᠲᠠᠰᠤᠷᠠᠯᠲᠠ ᠦᠭᠡᠢ ᠠᠬᠢᠭᠤᠯᠤᠨ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠠᠰᠢᠭ | ᠲᠤᠰᠠ ᠶᠢ ᠲᠠᠰᠤᠷᠠᠯᠳᠠ ᠦᠬᠡᠢ ᠳᠡᠯᠭᠡᠷᠡᠭᠦᠯᠬᠦ ᠬᠡᠷᠡᠭᠲᠡᠢ᠃ ᠲᠠᠪᠤ ᠳᠤ ᠡᠯ᠎ᠡ ᠰᠠᠯᠠᠭ᠎ᠠ ᠮᠥᠴᠢᠷ ᠤᠳ ᠲᠤᠰ ᠲᠤᠰ ᠤᠨ | ᠡᠭᠦᠷᠭᠡ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠵᠣᠬᠢᠴᠠᠨ ᠬᠠᠮᠵᠢᠯᠴᠠᠬᠤ ᠡᠷᠴᠢᠮ ᠢᠶᠠᠨ ᠴᠢᠩᠭᠠᠷᠠᠭᠤᠯᠵᠤ᠂ | ᠬᠦᠴᠦ ᠪᠠᠨ ᠬᠠᠮᠲᠤᠳᠬᠠᠨ ᠬᠠᠮᠲᠤᠷᠠᠨ ᠠᠵᠢᠯᠯᠠᠵᠦ᠂ ᠨᠠᠶᠢᠳᠠᠪᠤᠷᠢᠵᠢᠭᠤᠯᠤᠯᠲᠠ ᠶᠢ ᠪᠦᠬᠦ ᠬᠦᠴᠦᠨ ᠢᠶᠠᠷ ᠰᠠᠶᠢᠲᠤᠷ | ᠠᠳᠬᠤᠨ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠦᠭᠡᠶ ᠨᠡᠩ | ᠭᠦᠨᠵᠡᠭᠡᠶᠢᠷᠡᠭᠦᠯᠵᠦ᠂ ᠠᠷᠠᠳ ᠲᠦᠮᠡᠨ ᠤ ᠲᠠᠭᠠᠰᠢᠶᠠᠯ ᠢ ᠣᠯᠣᠭᠰᠠᠨ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠢ ᠴᠢᠷᠮᠠᠶᠢᠨ ᠪᠠᠶᠢᠭᠤᠯᠬᠤ ᠬᠡᠷᠡᠭᠲᠡᠶ ᠭᠡᠪᠡ᠃ |