︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠤᠯᠠᠮ ᠨᠢᠭᠡ ᠠᠯᠬᠤᠮ  ᠪᠤᠭᠤᠨᠢᠰᠬᠠᠬᠤ ᠶᠢᠨ ᠬᠡᠷᠡᠭᠵᠢᠭᠦᠯᠬᠦ ᠲᠥᠰᠥᠯ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2018-07-06
     2018 ᠣᠨ ᠤ 6 ᠳ᠋ᠤᠭᠠᠷ ᠰᠠᠷ᠎ᠠ ᠶᠢᠨ 12᠎ ᠤᠨ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠤᠯᠠᠮ ᠨᠢᠭᠡ ᠠᠯᠬᠤᠮ ᠪᠤᠭᠤᠨᠢᠰᠬᠠᠬᠤ ᠶᠢᠨ ᠬᠡᠷᠡᠭᠵᠢᠭᠦᠯᠬᠦ ᠲᠥᠰᠥᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2018﹈ 37 ᠳ᠋ᠤᠭᠠᠷ ᠲᠣᠭᠠᠲᠤ᠂ ᠳᠣᠷᠣᠭᠰᠢ ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠲᠣᠪᠴᠢᠶ᠎ᠠ ᠠᠴᠠ ︽ᠬᠡᠷᠡᠭᠵᠢᠭᠦᠯᠬᠦ ᠲᠥᠰᠥᠯ︾᠎ ᠤᠨ ᠲᠤᠬᠠᠢ ᠲᠠᠶᠢᠯᠤᠮᠵᠢ ᠬᠢᠵᠡᠢ᠃      ᠨᠢᠭᠡ ᠳᠤ᠂ ︽ᠬᠡᠷᠡᠭᠵᠢᠭᠦᠯᠬᠦ ᠲᠥᠰᠥᠯ︾᠎ ᠢ ᠨᠡᠶᠢᠲᠡᠯᠡᠭᠰᠡᠨ ᠠᠬᠤᠢ ᠪᠠᠶᠢᠳᠠᠯ      2018 ᠣᠨ ᠤ 4 ᠳ᠋ᠦ᠋ᠭᠡᠷ ᠰᠠᠷ᠎ᠠ ᠶᠢᠨ 27᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠬᠠᠨ ᠵᠧᠩ ᠳᠡᠳ᠋ ᠶᠡᠷᠦᠩᠬᠡᠢ ᠰᠠᠶᠢᠳ ᠬᠤᠷᠠᠯ ᠡᠷᠬᠢᠯᠡᠨ ᠬᠤᠷᠠᠯᠳᠤᠭᠤᠯᠵᠤ᠂ ᠪᠡᠭᠡᠵᠢᠩ᠂ ᠱᠠᠩᠬᠠᠢ᠂ ᠭᠤᠸᠠᠩᠵᠧᠦ᠂ ᠱᠧᠨᠵᠧᠨ ᠵᠢᠴᠢ ᠪᠤᠰᠤᠳ ᠰᠢᠭᠤᠳ ᠬᠠᠷᠢᠶ᠎ᠠ ᠬᠤᠲᠠ᠂ ᠠᠰ ᠲᠠᠭᠠᠨ ᠲᠥᠯᠥᠪᠯᠡᠭᠡ ᠬᠢᠬᠦ ᠬᠤᠲᠠ᠂ ᠳᠡᠳ᠋ ᠮᠤᠵᠢ ᠶᠢᠨ ᠱᠠᠲᠤᠨ ᠤ ᠬᠤᠲᠠ᠂ ᠮᠤᠵᠢ ᠶᠢᠨ ᠲᠥᠪ ᠤᠨ ᠬᠤᠲᠠ ᠨᠢ 2018 ᠣᠨ ᠤ ᠡᠴᠦᠰ ᠠᠴᠠ ᠡᠮᠦᠨ᠎ᠡ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ 8.5 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠪᠤᠭᠤᠨᠢᠰᠬᠠᠬᠤ ᠶᠢ ᠪᠡᠶᠡᠯᠡᠭᠦᠯᠬᠦ ᠬᠡᠷᠡᠭᠲᠡᠢ᠃ 2019 ᠣᠨ ᠤ 6 ᠳ᠋ᠤᠭᠠᠷ ᠰᠠᠷ᠎ᠠ ᠶᠢᠨ 30᠎ ᠤ ᠡᠳᠦᠷ ᠠᠴᠠ ᠡᠮᠦᠨ᠎ᠡ ᠂ ᠪᠦᠬᠦ ᠤᠯᠤᠰ ᠤᠨ ᠬᠡᠪᠴᠢᠶᠡᠨ ᠳᠤ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ 8.5 ᠡᠳᠦᠷ ᠪᠣᠯᠲᠠᠯ᠎ᠠ  ᠪᠤᠭᠤᠨᠢᠰᠬᠠᠬᠤ ᠬᠠᠷᠠᠯᠲᠠ ᠶᠢ ᠪᠡᠶᠡᠯᠡᠭᠦᠯᠬᠦ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠪᠠ᠃      5 ᠳ᠋ᠤᠭᠠᠷ ᠰᠠᠷ᠎ᠠ ᠶᠢᠨ 2᠎ ᠤᠨ ᠡᠳᠦᠷ᠂ ᠯᠢ ᠺᠧ ᠴᠢᠶᠠᠩ ᠶᠡᠷᠦᠩᠬᠡᠢ ᠰᠠᠶᠢᠳ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠠᠵᠤ ᠠᠬᠤᠶᠢᠯᠠᠯ ᠢ ᠪᠠᠶᠢᠭᠤᠯᠬᠤ ᠠᠴᠠ ᠶᠡᠷᠦᠳᠡ ᠶᠢᠨ ᠴᠢᠨᠠᠷᠲᠠᠢ ᠡᠵᠡᠩᠨᠡᠯᠲᠡ ᠶᠢᠨ ᠨᠥᠬᠦᠴᠡᠯ ᠢ ᠪᠦᠷᠢᠳᠦᠭᠦᠯᠬᠦ ᠬᠦᠷᠲᠡᠯᠡᠬᠢ ᠭᠦᠢᠴᠡᠳᠬᠡᠬᠦ ᠭᠤᠭᠴᠤᠭ᠎ᠠ ᠶᠢ ᠤᠯᠠᠮ ᠨᠢᠭᠡ ᠠᠯᠬᠤᠮ ᠴᠣᠮᠬᠠᠳᠬᠠᠨ᠂ ᠠᠵᠤ ᠠᠬᠤᠶᠢᠯᠠᠯ ᠤᠨ ᠳᠠᠩᠰᠠᠯᠠᠬᠤ ᠪᠦᠬᠦ ᠶᠠᠪᠤᠴᠠ ᠶᠢ ᠡᠯᠧᠺᠲᠷᠣᠨᠴᠢᠯᠡᠬᠦ ᠶᠢ ᠬᠡᠷᠡᠭᠵᠢᠭᠦᠯᠵᠦ᠂ ᠠᠯᠪᠠᠨ ᠲᠠᠮᠠᠭ᠎ᠠ ᠶᠢ ᠰᠡᠶᠢᠯᠦᠨ ᠵᠣᠬᠢᠶᠠᠵᠤ ᠪᠦᠷᠢᠳᠬᠡᠨ ᠳᠠᠩᠰᠠᠯᠠᠬᠤ ᠶᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾  ᠵᠦᠢᠯᠡᠰ ᠲᠤ ᠣᠷᠣᠭᠤᠯᠵᠤ᠂ ᠠᠵᠤ ᠠᠬᠤᠶᠢᠯᠠᠯ ᠤᠨ ᠪᠠᠷᠢᠮᠲᠠ ᠭᠤᠶᠤᠴᠢᠯᠠᠨ ᠠᠪᠬᠤ ᠴᠠᠭ ᠢ ᠪᠤᠭᠤᠨᠢᠰᠬᠠᠨ᠂ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠴᠠᠭ ᠢ ᠬᠠᠭᠠᠰ ᠠᠴᠠ ᠳᠡᠭᠡᠭᠰᠢ ᠬᠠᠰᠤᠨ ᠪᠠᠭᠠᠰᠬᠠᠵᠤ᠂ 8.5 ᠡᠳᠦᠷ ᠤᠨ ᠳᠣᠲᠣᠷ᠎ᠠ ᠪᠣᠯᠲᠠᠯ᠎ᠠ ᠬᠠᠰᠤᠨ᠂ ᠡᠵᠡᠩᠨᠡᠨ ᠬᠤᠳᠠᠯᠳᠤᠭᠠᠯᠠᠬᠤ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠲᠡᠢ ᠭᠡᠵᠦ ᠲᠣᠭᠲᠠᠭᠠᠵᠠᠢ᠃      5 ᠳ᠋ᠤᠭᠠᠷ ᠰᠠᠷ᠎ᠠ ᠶᠢᠨ 14᠎ ᠤ ᠡᠳᠦᠷ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠠᠴᠠ ︽ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠤᠯᠠᠮ ᠨᠢᠭᠡ ᠠᠯᠬᠤᠮ ᠪᠤᠭᠤᠨᠢᠰᠬᠠᠬᠤ ᠲᠤᠬᠠᠢ ᠰᠠᠨᠠᠯ︾ ︵ᠲᠥᠷᠥ ᠠᠯᠪᠠᠨ ᠲᠠᠷᠬᠠᠭᠠᠭᠰᠠᠨ ﹇2018﹈ 32 ᠳ᠋ᠤᠭᠠᠷ ᠲᠣᠭᠠᠲᠤ︶᠎ ᠢ ᠳᠠᠷᠤᠮᠠᠯᠯᠠᠨ ᠲᠠᠷᠬᠠᠭᠠᠵᠤ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠴᠠᠭ ᠢ ᠪᠤᠭᠤᠨᠢᠰᠬᠠᠬᠤ ᠠᠵᠢᠯ ᠤᠨ ᠱᠠᠭᠠᠷᠳᠠᠯᠭ᠎ᠠ ᠪᠠ ᠬᠠᠷᠠᠯᠲᠠ ᠶᠢ ᠤᠯᠠᠮ ᠨᠢᠭᠡ ᠠᠯᠬᠤᠮ ᠲᠣᠳᠣᠷᠬᠠᠶᠢᠯᠠᠪᠠ᠃      ᠬᠤᠶᠠᠷ᠂ ︽ᠬᠡᠷᠡᠭᠵᠢᠭᠦᠯᠬᠦ ᠲᠥᠰᠥᠯ︾᠎ ᠢ ᠨᠡᠶᠢᠲᠡᠯᠡᠭᠰᠡᠨ ᠬᠠᠷᠠᠯᠲᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠴᠢᠩᠭ᠎ᠠ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠪᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠰᠢᠭᠤᠯᠤᠯᠲᠠ ᠶᠣᠰᠣᠭᠠᠷ᠂ ︽ᠳᠤᠷᠤᠭᠰᠢ ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠥᠭᠦᠮ ᠳᠦᠳᠡ᠂ ᠪᠤᠰᠢᠭᠤ ᠲᠥᠷᠭᠡᠨ᠂ ᠡᠮᠬᠢ ᠵᠢᠷᠤᠮ ᠲᠠᠢ ᠲᠣᠭᠲᠠᠴᠠ ᠶᠢ ᠪᠠᠶᠢᠭᠤᠯᠤᠨ᠂ ᠠᠵᠤ ᠠᠬᠤᠶᠢᠯᠠᠯ  ᠡᠷᠬᠢᠯᠡᠨ ᠪᠠᠶᠢᠭᠤᠯᠬᠤ ᠭᠤᠭᠴᠤᠭ᠎ᠠ ᠨᠢ ᠣᠯᠠᠨ᠂ ᠠᠯᠬᠤᠮ ᠳᠠᠷᠠᠭᠠᠯᠠᠯ ᠨᠢ ᠤᠷᠲᠤ᠂ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠬᠦ ᠵᠢᠴᠢ ᠬᠠᠷᠢᠯᠴᠠᠨ ᠨᠡᠪᠲᠡᠷᠡᠭᠦᠯᠵᠦ ᠬᠠᠷᠢᠯᠴᠠᠨ ᠮᠡᠳᠡᠷᠡᠬᠦ ᠳᠤ ᠰᠠᠭᠠᠳ ᠲᠠᠢ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠡᠵᠡᠩᠨᠡᠨ ᠬᠤᠳᠠᠯᠳᠤᠭᠠᠯᠠᠬᠤ ᠣᠷᠴᠢᠨ ᠨᠦᠬᠦᠴᠡᠯ ᠢ ᠬᠦᠴᠦᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠠ ᠨᠡᠶᠢᠭᠡᠮ ᠤᠨ ᠪᠦᠲᠦᠭᠡᠯᠴᠢ ᠬᠦᠴᠦᠨ ᠢ ᠬᠥᠭᠵᠢᠭᠡᠨ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃      2018 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠮᠠᠨ ᠤ ᠣᠷᠣᠨ ᠤ ᠠᠵᠤ ᠠᠬᠤᠶᠢᠯᠠᠯ  ᠡᠷᠬᠢᠯᠡᠨ  ᠪᠠᠶᠢᠭᠤᠯᠬᠤ ᠳᠤ ᠠᠵᠤ ᠦᠢᠯᠡᠳᠪᠦᠷᠢ ᠬᠤᠳᠠᠯᠳᠤᠭᠠᠨ ᠤ ᠳᠠᠩᠰᠯᠠᠠᠨ ᠲᠡᠮᠲᠡᠭᠯᠡᠬᠦ᠂ ᠲᠠᠮᠠᠭ᠎ᠠ ᠰᠡᠶᠢᠯᠦᠨ ᠵᠣᠬᠢᠶᠠᠬᠤ᠂ ᠪᠠᠷᠢᠮᠲᠠ ᠭᠤᠶᠤᠴᠢᠯᠠᠨ ᠠᠪᠬᠤ ᠭᠤᠷᠪᠠᠨ ᠭᠤᠭᠴᠤᠭ᠎ᠠ ᠶᠢᠨ ᠭᠦᠢᠴᠡᠳᠬᠡᠬᠦ ᠴᠠᠭ ᠢ 5 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ ᠬᠠᠰᠤᠨ  ᠪᠤᠭᠤᠨᠢᠰᠬᠠᠨ᠎ᠠ᠃ ᠡᠭᠦᠨ ᠳᠤ᠂ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠲᠡᠭᠯᠡᠬᠦ ᠵᠦᠢᠯᠡᠰ ᠤᠨ ᠭᠦᠢᠴᠡᠳᠬᠡᠬᠦ ᠴᠠᠭ ᠢ 3 ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠲᠠᠮᠠᠭ᠎ᠠ ᠰᠡᠶᠢᠯᠦᠨ ᠵᠣᠬᠢᠶᠠᠬᠤ ᠴᠠᠭ ᠢ 1 ᠡᠳᠦᠷ ᠠᠴᠠ ᠬᠡᠲᠦᠷᠡᠭᠦᠯᠵᠦ ᠪᠣᠯᠬᠤ ᠦᠭᠡᠢ᠂ ᠪᠠᠷᠢᠮᠲᠠ ᠭᠤᠶᠤᠴᠢᠯᠠᠨ ᠠᠪᠬᠤ ᠴᠠᠭ ᠢ 1 ᠡᠳᠦᠷ ᠠᠴᠠ ᠬᠡᠲᠦᠷᠡᠭᠦᠯᠵᠦ ᠪᠣᠯᠬᠤ ᠦᠭᠡᠢ᠃      ᠭᠤᠷᠪᠠ᠂ ︽ᠬᠡᠷᠡᠭᠵᠢᠭᠦᠯᠬᠦ ᠲᠥᠰᠥᠯ︾᠎ ᠤᠨ ᠭᠤᠣᠯ ᠡᠭᠦᠷᠭᠡ      ᠨᠢᠭᠡ ᠳᠤ᠂ ᠠᠵᠤ ᠠᠬᠤᠶᠢᠯᠠᠯ ᠤᠨ ᠨᠡᠷᠡᠶᠢᠳᠦᠯ ᠤᠨ ᠳᠠᠩᠰᠠᠯᠠᠨ ᠲᠡᠮᠲᠡᠭᠯᠡᠬᠦ ᠳᠦᠷᠢᠮ ᠳᠤ ᠥᠭᠡᠷᠡᠴᠢᠯᠡᠯᠲᠡ ᠬᠢᠨ᠎ᠡ᠃ ᠠᠵᠤ ᠠᠬᠤᠶᠢᠯᠠᠯ ᠤᠨ ᠨᠡᠷᠡᠶᠢᠳᠦᠯ ᠢ ᠤᠷᠢᠳ ᠢᠶᠠᠷ ᠬᠠᠷᠭᠤᠭᠤᠯᠤᠨ ᠵᠥᠪᠰᠢᠶᠡᠷᠡᠬᠦ ᠶᠢ ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠢ ᠳᠠᠩᠰᠠᠯᠠᠨ ᠲᠡᠮᠲᠡᠭᠯᠡᠬᠦ ᠭᠤᠭᠴᠤᠭ᠎ᠠ ᠶᠢ ᠬᠠᠰᠤᠨ ᠪᠠᠭᠠᠰᠬᠠᠵᠤ᠂ ᠨᠡᠷᠡᠶᠢᠳᠦᠯ ᠢᠶᠠᠨ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ ᠳᠦᠷᠢᠮ ᠢ ᠬᠡᠷᠡᠭᠵᠢᠭᠦᠯᠵᠦ᠂ ᠡᠷᠬᠡ ᠶᠢ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ  ᠲᠠᠯᠪᠢᠨ ᠥᠭᠴᠦ᠂ ᠠᠵᠤ ᠠᠬᠤᠶᠢᠯᠠᠯ ᠤᠨ ᠨᠡᠷᠡᠶᠢᠳᠦᠯ ᠢ ᠲᠤᠬᠠᠢ ᠶᠢᠨ ᠲᠠᠯᠠᠪᠠᠢ ᠳᠤᠨᠢ ᠬᠠᠷᠭᠤᠭᠤᠯᠤᠨ ᠵᠥᠪᠰᠢᠶᠡᠷᠡᠬᠦ ᠶᠢ ᠪᠡᠶᠡᠯᠡᠭᠦᠯᠦᠨ᠎ᠡ᠃      ᠬᠤᠶᠠᠷ ᠲᠤ᠂ ᠲᠡᠮᠲᠡᠭᠯᠡᠵᠦ ᠳᠠᠩᠰᠠᠯᠠᠬᠤ ᠶᠢ ᠳᠦᠭᠦᠮ ᠠᠪᠰᠠᠷᠬᠠᠨ ᠪᠣᠯᠭᠠᠬᠤ ᠶᠢ ᠦᠷᠭᠦᠯᠵᠢᠯᠡᠨ ᠠᠬᠢᠭᠤᠯᠤᠨ᠎ᠠ᠃ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ︽ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠬᠡᠬᠦ︾᠂ ︽ᠭᠡᠷᠡᠴᠢ ᠦᠨᠡᠮᠯᠡᠯ ᠢ ᠰᠠᠯᠭᠠᠬᠤ︾ ᠵᠡᠷᠭᠡ ᠪᠣᠳᠠᠲᠠᠢ ᠠᠷᠭ᠎ᠠ ᠬᠡᠮᠵᠢᠶ᠎ᠡ ᠲᠠᠢ ᠤᠶᠠᠯᠳᠤᠭᠤᠯᠤᠨ᠂ ᠠᠵᠤ ᠠᠬᠤᠶᠢᠯᠠᠯ ᠤᠨ ᠳᠠᠩᠰᠠᠯᠠᠬᠤ ᠪᠦᠬᠦ ᠶᠠᠪᠤᠴᠠ ᠶᠢ ᠺᠣᠮᠫᠢᠦ᠋ᠲ᠋ᠧᠷᠴᠢᠯᠡᠨ ᠡᠯᠧᠺᠲᠷᠣᠨᠴᠢᠯᠡᠬᠦ ᠵᠢᠴᠢ ᠵᠠᠭᠤᠴᠢ ᠦᠭᠡᠢ ᠡᠯᠧᠺᠲᠷᠣᠨ ᠡᠵᠡᠩᠨᠡᠯᠲᠡ ᠶᠢᠨ ᠦᠨᠡᠮᠯᠡᠯ ᠤᠨ ᠥᠭᠡᠷᠡᠴᠢᠯᠡᠯᠲᠡ ᠶᠢ ᠶᠡᠭᠡ ᠪᠠᠷ ᠠᠬᠢᠭᠤᠯᠵᠤ᠂ ᠮᠡᠳᠡᠭᠡ ᠵᠠᠩᠭᠢᠵᠢᠯᠲᠠ ᠶᠢᠨ ᠠᠷᠭ᠎ᠠ ᠠᠪᠴᠢᠯ ᠢ ᠠᠰᠢᠭᠯᠠᠨ ᠠᠵᠤ ᠠᠬᠤᠶᠢᠯᠠᠯ ᠤᠨ ᠪᠦᠬᠦ ᠲᠥᠷᠥᠯ ᠬᠡᠯᠪᠡᠷᠢ ᠪᠠ ᠳᠠᠩᠰᠠᠯᠠᠨ ᠲᠡᠮᠲᠡᠭᠯᠡᠬᠦ ᠲᠣᠬᠠᠶᠢᠯᠠᠭᠰᠠᠨ ᠠᠵᠢᠯ ᠪᠦᠬᠦᠨ ᠢ ᠰᠦᠯᠵᠢᠶ᠎ᠡ ᠪᠠᠷ ᠭᠦᠢᠴᠡᠳᠬᠡᠬᠦ ᠶᠢ ᠪᠡᠶᠡᠯᠡᠭᠦᠯᠵᠦ᠂ ᠰᠠᠯᠠᠭ᠎ᠠ ᠮᠥᠴᠢᠷ ᠤᠳ ᠳᠠᠩᠰᠠᠯᠠᠭᠰᠠᠨ ᠮᠡᠳᠡᠭᠡ ᠵᠠᠩᠭᠢ ᠪᠠᠨ ᠬᠠᠷᠢᠯᠴᠠᠨ ᠬᠤᠯᠪᠣᠯᠳᠤᠭᠤᠯᠤᠨ ᠬᠠᠮᠲᠤ ᠳᠠᠭᠠᠨ ᠬᠦᠷᠲᠡᠬᠦ ᠪᠠ ᠬᠠᠷᠢᠯᠴᠠᠨ ᠨᠡᠪᠲᠡᠷᠡᠭᠦᠯᠦᠨ ᠬᠠᠷᠢᠯᠴᠠᠨ ᠮᠡᠳᠡᠷᠡᠵᠦ᠂ ᠠᠵᠤ ᠠᠬᠤᠶᠢᠯᠠᠯ ᠳᠤ ᠠᠵᠢᠯ ᠢᠶᠠᠨ ᠰᠦᠯᠵᠢᠶ᠎ᠡ ᠪᠠᠷ ᠭᠦᠢᠴᠡᠳᠬᠡᠬᠦ᠂ ᠪᠦᠬᠦ ᠶᠠᠪᠤᠴᠠ ᠳᠤ ᠨᠢᠭᠤᠷᠳᠠᠬᠤ ᠦᠭᠡᠢ᠂ ᠮᠠᠲ᠋ᠧᠷᠢᠶᠠᠯ ᠥᠯᠥ ᠲᠤᠰᠢᠶᠠᠬᠤ ᠬᠠᠮᠤᠭ ᠤᠨ ᠶᠡᠭᠡ ᠳᠥᠭᠦᠮ ᠨᠥᠬᠦᠴᠡᠯ ᠬᠠᠩᠭᠠᠨ᠎ᠠ᠃      ᠭᠤᠷᠪᠠ ᠳᠤ᠂ ᠭᠠᠶᠢᠯᠢ ᠶᠢᠨ ᠶᠠᠪᠤᠳᠠᠯ ᠳᠤ ᠬᠤᠯᠪᠣᠭᠳᠠᠭᠰᠠᠨ ᠵᠦᠢᠯᠡᠰ ᠤᠨ ᠭᠦᠢᠴᠡᠳᠬᠡᠬᠦ ᠴᠤᠪᠤᠷᠠᠯ ᠢ ᠴᠣᠮᠬᠠᠳᠬᠠᠨ᠎ᠠ᠃ ᠠᠵᠤ ᠠᠬᠤᠶᠢᠯᠠᠯ ᠤᠨ ᠠᠩᠬᠠᠳᠤᠭᠠᠷ ᠤᠳᠠᠭᠠᠨ ᠤ ᠭᠠᠶᠢᠯᠢ ᠭᠦᠢᠴᠡᠳᠬᠡᠬᠦ ᠳᠤ ᠨᠥᠬᠦᠪᠦᠷᠢᠯᠡᠬᠦ ᠮᠡᠳᠡᠭᠡ ᠵᠠᠩᠭᠢ ᠶᠢ ᠨᠦᠬᠦᠪᠦᠷᠢᠯᠡᠨ ᠲᠡᠮᠲᠡᠭᠯᠡᠬᠦ ᠶᠢ ᠬᠦᠴᠦᠨ ᠦᠭᠡᠢ ᠪᠣᠯᠭᠠᠵᠤ᠂ ᠠᠵᠤ ᠠᠬᠤᠶᠢᠯᠠᠯ ᠤᠨ ᠠᠩᠬᠠᠳᠤᠭᠠᠷ ᠤᠳᠠᠭ᠎ᠠ ᠥᠷᠲᠡᠭ ᠨᠡᠮᠡᠭᠳᠡᠯ ᠤᠨ ᠭᠠᠶᠢᠯᠢ ᠶᠢᠨ ᠪᠠᠷᠢᠮᠲᠠ ᠭᠤᠶᠤᠴᠢᠯᠠᠨ ᠠᠪᠬᠤ ᠦᠶ᠎ᠡ ᠳᠤ ᠬᠠᠩᠭᠠᠭᠰᠠᠨ ᠮᠡᠳᠡᠭᠡ ᠵᠠᠩᠭᠢ ᠪᠠᠷ ᠨᠢ ᠨᠤᠲᠠᠯᠠᠬᠤ ᠪᠣᠯᠭᠠᠨ ᠥᠭᠡᠷᠡᠴᠢᠯᠡᠵᠦ᠂ ᠤᠤᠯ ᠤᠨ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠠᠯᠢ ᠨᠢᠭᠡ ᠨᠢ ᠬᠦᠯᠢᠶᠡᠨ ᠠᠪᠴᠤ ᠭᠦᠢᠴᠡᠳᠬᠡᠬᠦ ᠪᠠ ᠰᠦᠯᠵᠢᠶ᠎ᠡ ᠨᠡᠪᠲᠡᠷᠡᠭᠦᠯᠦᠨ ᠨᠢᠭᠡᠳᠦᠯᠲᠡᠢ ᠭᠦᠢᠴᠡᠳᠬᠡᠬᠦ ᠶᠢ ᠬᠡᠷᠡᠭᠵᠢᠭᠦᠯᠵᠦ᠂ ︽ᠬᠠᠭᠤᠳᠠᠰᠤ ᠥᠯᠥ ᠲᠠᠭᠯᠠᠬᠤ︾ ᠦᠢᠯᠡᠴᠢᠯᠡᠭᠡ ᠬᠠᠩᠭᠠᠨ᠎ᠠ᠃ ᠭᠠᠶᠢᠯᠢ ᠶᠢᠨ ᠲᠦᠷᠦᠯ ᠢ ᠮᠠᠭᠠᠳᠯᠠᠨ ᠲᠣᠭᠲᠠᠭᠠᠬᠤ ᠳᠤ ᠭᠠᠶᠢᠯᠢ ᠲᠤᠰᠢᠶᠠᠭᠴᠢᠳ ᠬᠠᠮᠢᠶ᠎ᠠ ᠪᠦᠬᠦᠢ ᠮᠠᠲ᠋ᠧᠷᠢᠶᠠᠯ ᠬᠠᠩᠭᠠᠬᠤ ᠴᠢᠬᠤᠯᠠ ᠦᠭᠡᠢ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠡᠭᠦᠷᠭᠡ ᠲᠤᠰᠢᠶᠠᠯ ᠤᠨ ᠢᠶᠠᠨ ᠶᠣᠰᠣᠭᠠᠷ ᠳᠠᠷᠤᠶᠢᠬᠠᠨ ᠭᠦᠢᠴᠡᠳᠬᠡᠨ᠎ᠡ︔ ᠠᠵᠤ ᠠᠬᠤᠶᠢᠯᠠᠯ ᠤᠳ 10 ᠲᠦᠮᠡᠨ ᠲᠥᠭᠦᠷᠢᠭ ︵᠎  ᠪᠠᠭᠲᠠᠭᠠᠨ᠎ᠠ︶᠎ ᠠᠴᠠ ᠳᠣᠷᠣᠭᠰᠢᠬᠢ ᠥᠷᠲᠡᠭ ᠨᠡᠮᠡᠭᠳᠡᠯ ᠤᠨ ᠭᠠᠶᠢᠯᠢ ᠳᠤ ᠲᠤᠰᠬᠠᠢ ᠬᠡᠷᠡᠭᠯᠡᠬᠦ ᠪᠠᠷᠢᠮᠲᠠ ᠪᠠ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ᠂ ᠲᠣᠭᠲᠠᠭᠰᠠᠨ ᠲᠣᠭᠠᠨ ᠤ ᠪᠠᠷᠢᠮᠲᠠ ᠶᠢ ᠭᠤᠶᠤᠴᠢᠯᠠᠨ ᠠᠪᠴᠤ ᠬᠡᠷᠡᠭᠯᠡᠬᠦ ᠳᠤ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠲᠤᠬᠠᠢ ᠶᠢᠨ ᠲᠠᠯᠠᠪᠠᠢ ᠳᠤ ᠬᠦᠯᠢᠶᠡᠨ ᠠᠪᠴᠤ ᠭᠦᠢᠴᠡᠳᠬᠡᠬᠦ ᠪᠠ ᠳᠠᠷᠤᠶᠢᠬᠠᠨ ᠭᠦᠢᠴᠡᠳᠬᠡᠵᠦ ᠳᠠᠭᠤᠰᠬᠠᠨ᠎ᠠ︔ ︽ᠡᠯᠧᠺᠲᠷᠣᠨ ᠭᠠᠶᠢᠯᠢ ᠶᠢᠨ ᠶᠠᠪᠤᠳᠠᠯ ᠤᠨ ᠲᠣᠪᠴᠢᠶ᠎ᠠ︾᠎ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠂ ᠰᠢᠨ᠎ᠡ ᠪᠠᠷ ᠪᠠᠶᠢᠭᠤᠯᠤᠨ ᠡᠷᠬᠢᠯᠡᠭᠰᠡᠨ ᠭᠠᠶᠢᠯᠢ ᠲᠤᠰᠢᠶᠠᠭᠴᠢᠳ ᠲᠤ ᠢᠵᠢ ᠦᠢᠯᠡᠴᠢᠯᠡᠭᠡ ᠬᠠᠩᠭᠠᠵᠤ᠂ ᠭᠠᠶᠢᠯᠢ ᠳᠤ ᠬᠤᠯᠪᠣᠭᠳᠠᠭᠰᠠᠨ ᠣᠯᠠᠨ ᠵᠦᠢᠯᠡᠰ ᠢ ᠨᠢᠭᠡ ᠯᠡ ᠤᠳᠠᠭ᠎ᠠ ᠪᠠᠷ ᠭᠦᠢᠴᠡᠳᠬᠡᠵᠦ ᠳᠠᠭᠤᠰᠬᠠᠨ᠎ᠠ᠃      ᠳᠥᠷᠪᠡ ᠳᠤ᠂ ᠲᠠᠮᠠᠭ᠎ᠠ ᠰᠡᠶᠢᠯᠦᠨ ᠵᠣᠬᠢᠶᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠠᠵᠤ ᠠᠬᠤᠶᠢᠯᠠᠯ ᠪᠠᠶᠢᠭᠤᠯᠤᠨ ᠡᠷᠬᠢᠯᠡᠬᠦ ᠠᠵᠢᠯ ᠢ ᠬᠦᠯᠢᠶᠡᠨ ᠠᠪᠴᠤ ᠭᠦᠢᠴᠡᠳᠬᠡᠬᠦ ᠲᠠᠯ᠎ᠠ ᠪᠠᠷ ᠬᠠᠷᠢᠴᠠᠩᠭᠤᠢ ᠲᠥᠪᠯᠡᠷᠡᠭᠰᠡᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢᠨ ᠲᠠᠩᠬᠢᠮ᠂ ᠬᠤᠲᠠ ᠶᠢᠨ ᠠᠷᠠᠳ ᠤᠨ ᠦᠢᠯᠡᠴᠢᠯᠡᠭᠡ ᠶᠢᠨ ᠲᠥᠪ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠬᠤ ᠲᠠᠩᠬᠢᠮ᠂ ᠭᠠᠶᠢᠯᠢ ᠳᠤ ᠬᠤᠯᠪᠣᠭᠳᠠᠭᠰᠠᠨ ᠦᠢᠯᠡᠴᠢᠯᠡᠭᠡ ᠶᠢᠨ ᠲᠠᠩᠬᠢᠮ ᠵᠡᠷᠭᠡ ᠳᠤ ᠠᠯᠪᠠᠨ ᠲᠠᠮᠠᠭ᠎ᠠ ᠰᠡᠶᠢᠯᠦᠨ ᠵᠣᠬᠢᠶᠠᠬᠤ ᠶᠢ ᠬᠦᠯᠢᠶᠡᠨ ᠠᠪᠴᠤ ᠭᠦᠢᠴᠡᠳᠬᠡᠬᠦ ᠴᠣᠩᠬᠤᠪᠴᠢ ᠲᠣᠬᠢᠷᠠᠭᠤᠯᠵᠤ᠂ ᠬᠤᠭᠤᠷᠣᠨᠳᠤᠬᠢ ᠭᠤᠭᠴᠤᠭ᠎ᠠ ᠶᠢ ᠨᠢ ᠬᠠᠰᠤᠨ ᠪᠠᠭᠠᠰᠬᠠᠵᠤ᠂ ᠰᠡᠶᠢᠯᠦᠨ ᠵᠣᠬᠢᠶᠠᠬᠤ ᠴᠠᠭ ᠢ ᠨᠢ ᠪᠤᠭᠤᠨᠢᠰᠬᠠᠨ᠂ ᠠᠯᠪᠠᠨ ᠲᠠᠮᠠᠭ᠎ᠠ ᠰᠡᠶᠢᠯᠦᠨ ᠵᠣᠬᠢᠶᠠᠬᠤ ᠳᠤ ᠳᠠᠷᠤᠶᠢᠬᠠᠨ ᠠᠦ᠋ᠲ ᠪᠦᠷᠢᠳᠬᠡᠨ ᠳᠠᠩᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃      ᠲᠠᠪᠤ ᠳᠤ᠂ ᠠᠵᠤ ᠠᠬᠤᠶᠢᠯᠠᠯ ᠡᠷᠬᠢᠯᠡᠨ ᠪᠠᠶᠢᠭᠤᠯᠬᠤ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠵᠦ ᠰᠣᠯᠢᠯᠴᠠᠬᠤ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠬᠤᠳᠠᠯᠳᠤᠭ᠎ᠠ᠂ ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠤᠳ ᠤᠨ ᠬᠤᠭᠤᠷᠣᠨᠳᠤ ᠪᠠᠨ ᠠᠵᠤ ᠠᠬᠤᠶᠢᠯᠠᠯ ᠤᠨ ᠦᠨᠳᠦᠰᠦᠨ ᠮᠡᠳᠡᠭᠡ ᠵᠠᠩᠭᠢ ᠶᠢ ᠬᠠᠮᠲᠤ ᠳᠠᠭᠠᠨ ᠬᠦᠷᠲᠡᠵᠦ ᠰᠣᠯᠢᠯᠴᠠᠬᠤ ᠪᠠ ᠬᠠᠷᠢᠯᠴᠠᠨ ᠨᠡᠪᠲᠡᠷᠡᠭᠦᠯᠵᠦ ᠬᠠᠷᠢᠯᠴᠠᠨ ᠮᠡᠳᠡᠷᠡᠬᠦ ᠶᠢ ᠪᠡᠶᠡᠯᠡᠭᠦᠯᠦᠨ᠂ ᠨᠢᠭᠡ ᠰᠠᠯᠠᠭ᠎ᠠ ᠮᠥᠴᠢᠷ ᠠᠴᠠ ᠳᠠᠩᠰᠠᠯᠠᠬᠤ ᠮᠡᠳᠡᠭᠡ ᠵᠠᠩᠭᠢ ᠶᠢ ᠴᠤᠭᠯᠠᠭᠤᠯᠪᠠᠯ᠂ ᠪᠤᠰᠤᠳ ᠰᠠᠯᠠᠭ᠎ᠠ ᠮᠥᠴᠢᠷ ᠤᠳ ᠬᠠᠮᠲᠤ ᠳᠠᠭᠠᠨ ᠬᠦᠷᠲᠡᠵᠦ᠂ ᠠᠳᠠᠯᠢᠬᠠᠨ ᠮᠡᠳᠡᠭᠡ ᠵᠠᠩᠭᠢ ᠶᠢ ᠳᠠᠬᠢᠵᠤ ᠳᠠᠪᠬᠤᠷᠳᠠᠭᠤᠯᠤᠨ ᠴᠤᠭᠯᠠᠭᠤᠯᠬᠤ ᠦᠭᠡᠢ ᠪᠠᠶᠢᠬᠤ ᠶᠢ ᠪᠡᠶᠡᠯᠡᠭᠦᠯᠵᠦ᠂ ᠠᠵᠤ ᠠᠬᠤᠶᠢᠯᠠᠯ ᠠᠴᠠ ᠳᠠᠬᠢᠨ ᠳᠠᠪᠲᠠᠨ ᠭᠤᠶᠤᠴᠢᠯᠠᠬᠤ᠂ ᠳᠠᠪᠬᠤᠷᠳᠠᠭᠤᠯᠤᠨ ᠲᠤᠰᠢᠶᠠᠬᠤ᠂ ᠨᠠᠭᠠᠰᠢ ᠴᠠᠭᠠᠰᠢ ᠭᠦᠶᠦᠬᠦ ᠶᠠᠷᠰᠢᠭ ᠲᠦᠪᠡᠭ ᠠᠴᠠ ᠵᠠᠶᠢᠯᠠᠰᠬᠢᠨ᠎ᠠ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号