ᠬᠢᠩᠭᠠᠨ ᠠᠶᠢᠮᠠᠭ ᠤᠨ ᠪᠣᠳᠠᠲᠤ ᠴᠣᠭᠴᠠᠲᠤ ᠠᠵᠤ ᠠᠬᠤᠢ ᠳᠤ ᠮᠥᠩᠭᠦᠨ ᠭᠦᠢᠯᠭᠡᠭᠡ ᠪᠠᠷ ᠦᠢᠯᠡᠴᠢᠯᠡᠬᠦ ᠲᠤᠬᠠᠢ ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ
ᠨᠡᠶᠢᠲᠡᠯᠡᠭᠰᠡᠨ ᠴᠠᠭ᠄
2018-07-09

     

     ᠰᠤᠷᠪᠤᠯᠵᠢᠯᠠᠭᠰᠠᠨ ᠴᠠᠭ᠄ 2018 ᠣᠨ ᠤ 4 ᠳ᠋ᠦ᠋ᠭᠡᠷ ᠰᠠᠷ᠎ᠠ ᠶᠢᠨ 27᠎ ᠤ ᠡᠳᠦᠷ ᠤᠨ ᠦᠳᠡ ᠶᠢᠨ

ᠡᠮᠦᠨᠡᠬᠢ 10 ᠴᠠᠭ 

     ᠰᠤᠷᠪᠤᠯᠵᠢᠯᠠᠭ᠎ᠠ ᠬᠦᠯᠢᠶᠡᠭᠴᠢ᠄ ᠬᠢᠩᠭᠠᠨ ᠠᠶᠢᠮᠠᠭ ᠤᠨ ᠨᠠᠮ ᠤᠨ ᠬᠤᠷᠢᠶ᠎ᠠ ᠶᠢᠨ ᠭᠡᠰᠢᠭᠦᠨ᠂ ᠳᠡᠳ᠋

ᠠᠶᠢᠮᠠᠭ ᠤᠨ ᠳᠠᠷᠤᠭ᠎ᠠ   ᠭᠤᠤ ᠱᠢ ᠴᠢᠨ

     ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄

     ᠮᠥᠩᠭᠦᠨ ᠭᠦᠢᠯᠭᠡᠭᠡ ᠪᠣᠯ ᠣᠳᠣ ᠦᠶ᠎ᠡ ᠶᠢᠨ ᠠᠵᠤ ᠠᠬᠤᠢ ᠶᠢᠨ ᠭᠤᠣᠯᠯᠠᠭᠴᠢ ᠪᠠᠶᠢᠵᠤ᠂ ᠮᠥᠩᠭᠦᠨ

ᠭᠦᠢᠯᠭᠡᠭᠡ ᠥᠷᠨᠢᠨ ᠬᠥᠭᠵᠢᠪᠡᠯ᠂ ᠠᠵᠤ ᠠᠬᠤᠢ ᠳᠠᠷᠤᠢ ᠥᠷᠨᠢᠨ ᠬᠥᠭᠵᠢᠳᠡᠭ᠃ ᠪᠣᠳᠠᠲᠤ ᠴᠣᠭᠴᠠᠲᠤ ᠠᠵᠤ

ᠠᠬᠤᠢ ᠳᠤ ᠦᠢᠯᠡᠴᠢᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠢ ᠬᠠᠩᠭᠠᠬᠤ ᠪᠣᠯ᠂

ᠮᠥᠩᠭᠦᠨ ᠭᠦᠢᠯᠭᠡᠭᠡᠨ ᠤ ᠦᠨᠳᠦᠰᠦ ᠪᠣᠯᠣᠨ᠎ᠠ᠃ ᠥᠨᠥᠳᠥᠷ᠂ ᠪᠢᠳᠡ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ

ᠭᠡᠰᠢᠭᠦᠨ᠂ ᠳᠡᠳ᠋ ᠠᠶᠢᠮᠠᠭ ᠤᠨ ᠳᠠᠷᠤᠭ᠎ᠠ ᠭᠤᠤ ᠱᠢ ᠴᠢᠨ ᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ

ᠣᠷᠳᠣᠨ ᠤ ᠰᠦᠯᠵᠢᠶ᠎ᠡ ᠶᠢᠨ ᠰᠤᠷᠪᠤᠯᠵᠢᠯᠠᠭ᠎ᠠ ᠶᠢᠨ ᠪᠤᠯᠤᠩ ᠳᠤ ᠤᠷᠢᠵᠤ᠂ ᠬᠢᠩᠭᠠᠨ ᠠᠶᠢᠮᠠᠭ ᠤᠨ ᠪᠣᠳᠠᠲᠤ

ᠴᠣᠭᠴᠠᠲᠤ ᠠᠵᠤ ᠠᠬᠤᠢ ᠳᠠᠬᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠮᠢᠶ᠎ᠠ ᠪᠦᠬᠦᠢ ᠠᠭᠤᠯᠭ᠎ᠠ ᠶᠢᠨ

ᠲᠤᠬᠠᠢ ᠣᠯᠠᠨ ᠲᠠᠢ ᠰᠠᠨᠠᠯ ᠰᠣᠯᠢᠯᠴᠠᠭᠤᠯᠬᠤ ᠪᠣᠯᠣᠯ᠎ᠠ᠃ ᠥᠷᠭᠡᠨ ᠣᠯᠠᠨ ᠰᠦᠯᠵᠢᠶᠡᠨ ᠤ ᠠᠨᠳᠠ ᠶᠢᠨ ᠢᠳᠡᠪᠬᠢᠲᠡᠢ

ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃

     ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ

     ᠬᠥᠲᠥᠯᠥᠭᠴᠢ᠄

     ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︕ ᠲᠤᠰ ᠬᠤᠭᠤᠴᠠᠭᠠᠨ ᠤ ᠥᠪᠡᠷᠲᠡᠭᠡᠨ ᠵᠠᠰᠠᠬᠤ

ᠣᠷᠣᠨ ᠤ ᠵᠠᠰᠠᠭ ᠤᠨ ᠣᠷᠳᠣᠨ ᠤ ᠰᠦᠯᠵᠢᠶᠡᠨ ᠤ ᠰᠤᠷᠪᠤᠯᠵᠢᠯᠠᠭ᠎ᠠ ᠶᠢᠨ ᠪᠤᠯᠤᠩ ᠳᠤ ᠣᠷᠣᠯᠴᠠᠬᠤ ᠶᠢ ᠴᠢᠨᠢ

ᠪᠠᠶᠠᠷᠯᠠᠨ ᠤᠭᠲᠤᠵᠤ ᠪᠠᠶᠢᠨ᠎ᠠ᠃ ᠥᠨᠥᠳᠥᠷ ᠪᠢᠳᠡ ᠵᠣᠯ ᠢᠶᠠᠷ ᠬᠢᠩᠭᠠᠨ ᠠᠶᠢᠮᠠᠭ ᠤᠨ ᠨᠠᠮ ᠤᠨ ᠬᠤᠷᠢᠶᠠᠨ ᠤ

ᠭᠡᠰᠢᠭᠦᠨ᠂ ᠳᠡᠳ᠋ ᠠᠶᠢᠮᠠᠭ ᠤᠨ ᠳᠠᠷᠤᠭ᠎ᠠ ᠭᠤᠤ ᠱᠢ ᠴᠢᠨ ᠢ ᠤᠷᠢᠵᠤ᠂ ᠬᠢᠩᠭᠠᠨ ᠠᠶᠢᠮᠠᠭ ᠤᠨ ᠪᠣᠳᠠᠲᠤ ᠴᠣᠭᠴᠠᠲᠤ

ᠠᠵᠤ ᠠᠬᠤᠢ ᠳᠤ ᠮᠥᠩᠭᠦᠨ ᠭᠦᠢᠯᠭᠡᠭᠡ ᠪᠠᠷ ᠦᠢᠯᠡᠴᠢᠯᠡᠬᠦ ᠬᠤᠯᠪᠣᠭᠳᠠᠯ ᠪᠦᠬᠦᠢ ᠪᠠᠶᠢᠳᠠᠯ ᠢ ᠣᠯᠠᠨ ᠲᠠᠢ

ᠰᠦᠯᠵᠢᠶ᠎ᠡ ᠪᠠᠷ ᠰᠠᠨᠠᠯ ᠰᠣᠯᠢᠯᠴᠠᠭᠤᠯᠬᠤ ᠪᠣᠯᠣᠯ᠎ᠠ᠃ ᠭᠤᠤ ᠠᠶᠢᠮᠠᠭ ᠤᠨ ᠳᠠᠷᠤᠭ᠎ᠠ ᠶᠢ ᠪᠠᠶᠠᠷᠯᠠᠨ ᠤᠭᠲᠤᠵᠤ

ᠪᠠᠶᠢᠨ᠎ᠠ᠃

     ᠭᠤᠤ ᠱᠢ ᠴᠢᠨ᠄

     ᠬᠥᠲᠥᠯᠥᠭᠴᠢ ᠪᠠ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠦᠦ︖ ᠠᠳᠡ ᠣᠯᠠᠨ ᠲᠠᠢ ᠰᠠᠨᠠᠯ

ᠰᠣᠯᠢᠯᠴᠠᠬᠤ ᠪᠣᠯᠣᠭᠰᠠᠨ ᠳᠤ ᠪᠠᠨ ᠰᠡᠳᠬᠢᠯ ᠮᠠᠰᠢ ᠥᠨᠳᠥᠷ ᠪᠠᠶᠢᠨ᠎ᠠ᠃ ᠡᠨᠡ ᠬᠦ ᠲᠣᠬᠢᠶᠠᠯ ᠢ ᠠᠰᠢᠭᠯᠠᠨ᠂ ᠪᠢ

ᠬᠢᠩᠭᠠᠨ ᠠᠶᠢᠮᠠᠭ ᠤᠨ ᠡᠮᠦᠨ᠎ᠡ ᠠᠴᠠ ᠶᠡᠷᠦ ᠠᠴᠠ ᠮᠠᠨ ᠤ ᠠᠶᠢᠮᠠᠭ ᠤᠨ ᠠᠵᠤ ᠠᠬᠤᠢ ᠶᠢᠨ ᠬᠥᠭᠵᠢᠯᠲᠡ ᠶᠢ

ᠬᠠᠷᠠᠭᠠᠯᠵᠠᠵᠤ᠂ ᠳᠡᠮᠵᠢᠭᠰᠡᠭᠡᠷ ᠢᠷᠡᠭᠰᠡᠨ ᠥᠷᠭᠡᠨ ᠣᠯᠠᠨ ᠰᠦᠯᠵᠢᠶᠡᠨ ᠤ ᠠᠨᠳᠠ ᠳᠤ ᠴᠢᠩ ᠰᠡᠳᠬᠢᠯ ᠤᠨ ᠪᠠᠶᠠᠷ

ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ᠃

     ᠬᠥᠲᠥᠯᠥᠭᠴᠢ᠄

     ᠣᠳᠣᠬᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠩᠭᠠᠨ ᠠᠶᠢᠮᠠᠭ ᠲᠤ ᠦᠢᠯᠡᠴᠢᠯᠡᠵᠦ ᠪᠠᠶᠢᠭ᠎ᠠ

ᠶᠡᠷᠦᠩᠬᠡᠢ ᠪᠠᠶᠢᠳᠠᠯ ᠨᠢ ᠶᠠᠮᠠᠷ ᠪᠠᠶᠢᠬᠤ ᠲᠤᠬᠠᠢ ᠭᠤᠤ ᠠᠶᠢᠮᠠᠭ ᠤᠨ ᠳᠠᠷᠤᠭ᠎ᠠ ᠪᠢᠳᠡᠨ ᠳᠤ ᠲᠠᠨᠢᠯᠴᠠᠭᠤᠯᠤᠭᠠᠳ

ᠥᠭᠭᠦᠨ᠎ᠡ ᠦᠦ︖

     ᠭᠤᠤ ᠱᠢ ᠴᠢᠨ᠄

     2017 ᠣᠨ ᠤ ᠡᠴᠦᠰ ᠪᠣᠯᠲᠠᠯ᠎ᠠ᠂ ᠬᠢᠩᠭᠠᠨ ᠠᠶᠢᠮᠠᠭ ᠲᠤ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ

ᠪᠠᠶᠢᠭᠤᠯᠤᠮᠵᠢ ᠨᠡᠶᠢᠲᠡ 81 ᠪᠠᠶᠢᠵᠤ᠂ ᠲᠡᠭᠦᠨ ᠤ ᠳᠣᠲᠣᠷ᠎ᠠ ᠪᠠᠩᠬᠢ 17 ︵ᠲᠣᠰᠬᠤᠨ ᠪᠠᠯᠭᠠᠰᠤ ᠶᠢᠨ ᠪᠠᠩᠬᠢ 3᠂

ᠢᠲᠡᠭᠡᠮᠵᠢ ᠶᠢᠨ ᠬᠤᠷᠰᠢᠶ᠎ᠠ 5᠂ ᠬᠥᠳᠡᠭᠡ ᠲᠣᠰᠬᠤᠨ ᠤ ᠬᠤᠳᠠᠯᠳᠤᠭᠠᠨ ᠤ ᠪᠠᠩᠬᠢ 1 ᠪᠠᠭᠲᠠᠨ᠎ᠠ︶᠂

ᠳᠠᠭᠠᠳᠬᠠᠯ ᠤᠨ ᠪᠠᠶᠢᠭᠤᠯᠤᠮᠵᠢ 28᠂ ᠲᠡᠮᠳᠡᠭᠲᠦ ᠶᠢᠨ ᠪᠠᠶᠢᠭᠤᠯᠤᠮᠵᠢ 1᠂ ᠪᠠᠭ᠎ᠠ ᠲᠣᠭᠠᠨ ᠤ ᠵᠢᠭᠡᠯᠡᠯᠭᠡ ᠶᠢᠨ

ᠺᠣᠮᠫᠠᠨᠢ 24᠂ ᠳᠠᠭᠠᠭᠠᠯᠲᠠ ᠶᠢᠨ ᠪᠠᠶᠢᠭᠤᠯᠤᠮᠵᠢ 10᠂  ᠠᠷᠠᠳ ᠤᠨ ᠳᠤᠮᠳᠠᠬᠢ ᠵᠢᠭᠡᠯᠡᠯᠭᠡ ᠶᠢ ᠳᠠᠩᠰᠠᠯᠠᠨ

ᠲᠡᠮᠳᠡᠭᠯᠡᠬᠦ ᠲᠥᠪ 1 ᠪᠠᠶᠢᠳᠠᠭ᠃ 2017 ᠣᠨ ᠳᠤ᠂ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯᠯᠠᠭᠠᠨ

ᠲᠣᠭᠲᠠᠪᠤᠷᠢᠲᠠᠢ᠃ ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ

ᠵᠣᠭᠤᠰ ᠤᠨ ᠡᠯ᠎ᠡ ᠵᠦᠢᠯ ᠤᠨ ᠬᠠᠳᠠᠭᠠᠯᠠᠮᠵᠢ ᠶᠢᠨ ᠦᠯᠡᠳᠡᠪᠦᠷᠢ ᠨᠢ 583.2 ᠳ᠋ᠦᠩᠰᠢᠭᠤᠷ ᠲᠥᠭᠦᠷᠢᠭ ᠪᠠᠶᠢᠵᠤ᠂

ᠠᠳᠠᠯᠢ ᠬᠤᠭᠤᠴᠠᠭᠠᠨ ᠤ ᠬᠢ ᠠᠴᠠ 7.5 ᠳ᠋ᠦᠩᠰᠢᠭᠤᠷ ᠲᠥᠭᠦᠷᠢᠭ ᠨᠡᠮᠡᠭᠳᠡᠵᠦ᠂ 1.3%᠎ ᠪᠠᠷ ᠨᠡᠮᠡᠭᠳᠡᠪᠡ︔

ᠵᠢᠭᠡᠯᠡᠯᠭᠡ ᠶᠢᠨ ᠦᠯᠡᠳᠡᠪᠦᠷᠢ ᠨᠢ 666.1 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ

21 ᠳ᠋ᠦᠩᠰᠢᠭᠤᠷ ᠲᠥᠭᠦᠷᠢᠭ ᠨᠡᠮᠡᠭᠳᠡᠵᠦ᠂ 3.3%᠎ ᠪᠠᠷ ᠨᠡᠮᠡᠭᠳᠡᠵᠡᠢ᠃ ᠰᠢᠨ᠎ᠡ ᠪᠠᠷ ᠲᠠᠷᠬᠠᠭᠠᠭᠰᠠᠨ ᠵᠢᠭᠡᠯᠡᠯᠭᠡ

ᠨᠡᠶᠢᠲᠡ 279.9 ᠳ᠋ᠦᠩᠰᠢᠭᠤᠷ ᠲᠥᠭᠦᠷᠢᠭ ᠲᠤ ᠬᠦᠷᠪᠡ︔ ᠶᠡᠷᠦᠩᠬᠡᠢ ᠵᠣᠭᠤᠰ ᠬᠠᠳᠠᠭᠠᠯᠠᠵᠤ ᠵᠢᠭᠡᠯᠡᠭᠰᠡᠨ

ᠬᠠᠷᠢᠴᠠᠯ ᠨᠢ 114 % ᠪᠠᠶᠢᠵᠤ᠂ ᠳᠡᠭᠡᠷ᠎ᠡ ᠵᠢᠯ ᠤᠨ ᠬᠢ ᠠᠴᠠ ᠵᠠᠭᠤᠨ ᠤ 2᠎ ᠢᠶᠠᠷ ᠨᠡᠮᠡᠭᠳᠡᠵᠡᠢ᠃

ᠪᠡᠶᠡᠯᠡᠭᠦᠯᠦᠭᠰᠡᠨ ᠳᠠᠭᠠᠳᠬᠠᠯ ᠤᠨ ᠰᠦᠢᠳᠬᠡᠯ ᠤᠨ ᠣᠷᠣᠯᠭ᠎ᠠ 15.4 ᠳ᠋ᠦᠩᠰᠢᠭᠤᠷ ᠲᠥᠭᠦᠷᠢᠭ᠂ ᠲᠥᠯᠥᠪᠦᠷᠢ ᠶᠢᠨ

ᠵᠠᠷᠤᠯᠭ᠎ᠠ 3.7 ᠳ᠋ᠦᠩᠰᠢᠭᠤᠷ ᠲᠥᠭᠦᠷᠢᠭ ᠪᠠᠶᠢᠵᠤ᠂ ᠠᠳᠠᠯᠢ ᠬᠤᠭᠤᠴᠠᠭᠠᠨ ᠤ ᠬᠢ ᠠᠴᠠ 899%᠎ ᠪᠠᠷ

ᠨᠡᠮᠡᠭᠳᠡᠭᠰᠡᠨ ᠪᠠᠶᠢᠨ᠎ᠠ᠃

     ᠬᠥᠲᠥᠯᠥᠭᠴᠢ᠄

     ᠬᠢᠩᠭᠠᠨ ᠠᠶᠢᠮᠠᠭ ᠮᠥᠩᠭᠦᠨ ᠭᠦᠢᠯᠭᠡᠭᠡᠨ ᠤ ᠬᠥᠭᠵᠢᠯᠲᠡ ᠶᠢ ᠲᠦᠭᠡᠮᠡᠯ ᠬᠠᠷᠠᠭᠠᠯᠵᠠᠬᠤ ᠲᠠᠯ᠎ᠠ ᠪᠠᠷ ᠶᠠᠮᠠᠷ

ᠶᠠᠮᠠᠷ ᠠᠵᠢᠯ ᠬᠢᠭᠰᠡᠨ ᠲᠤᠬᠠᠢ ᠭᠤᠤ ᠠᠶᠢᠮᠠᠭ ᠤᠨ ᠳᠠᠷᠤᠭ᠎ᠠ ᠲᠠᠨᠢᠯᠴᠠᠭᠤᠯᠤᠭᠠᠳ ᠥᠭᠭᠦᠨ᠎ᠡ ᠦᠦ︖

     ᠭᠤᠤ ᠱᠢ ᠴᠢᠨ᠄

     ︽ᠬᠢᠩᠭᠠᠨ ᠠᠶᠢᠮᠠᠭ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢ ᠲᠦᠭᠡᠮᠡᠯ ᠬᠠᠷᠠᠭᠠᠯᠵᠠᠬᠤ

ᠲᠥᠯᠥᠪᠵᠢᠭᠦᠯᠭᠡ ︵2017 — 2020 ᠣᠨ︶︾᠎ ᠶᠢ ᠲᠣᠭᠲᠠᠭᠠᠨ ᠨᠡᠶᠢᠲᠡᠯᠡᠵᠦ᠂ ᠮᠥᠩᠭᠦᠨ ᠭᠦᠢᠯᠭᠡᠭᠡ ᠶᠢ

ᠲᠦᠭᠡᠮᠡᠯ ᠬᠠᠷᠠᠭᠠᠯᠵᠠᠬᠤ ᠵᠢᠱᠢᠭᠰᠡᠨ ᠬᠥᠭᠵᠢᠯᠲᠡ ᠶᠢᠨ ᠬᠠᠷᠠᠯᠲᠠ ᠶᠢ ᠪᠡᠶᠡᠯᠡᠭᠦᠯᠬᠦ ᠶᠢᠨ ᠲᠣᠭᠤᠷᠢᠨ ᠳᠤ᠂ ᠳᠥᠷᠪᠡᠨ

ᠵᠦᠢᠯ ᠤᠨ ᠠᠵᠢᠯ ᠤᠨ ᠠᠷᠭ᠎ᠠ ᠬᠡᠮᠵᠢᠶ᠎ᠡ ᠶᠢ ᠳᠤᠷᠠᠳᠪᠠ᠂ ᠨᠢᠭᠡ ᠳᠤ᠂ ᠮᠥᠩᠭᠦᠨ ᠭᠦᠢᠯᠭᠡᠭᠡ ᠶᠢ ᠲᠦᠭᠡᠮᠡᠯ

ᠬᠠᠷᠠᠭᠠᠯᠵᠠᠬᠤ ᠰᠢᠰᠲ᠋ᠧᠮᠴᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ︔ ᠬᠤᠶᠠᠷ ᠲᠤ᠂ ᠮᠥᠩᠭᠦᠨ ᠭᠦᠢᠯᠭᠡᠭᠡ ᠶᠢ

ᠲᠦᠭᠡᠮᠡᠯ ᠬᠠᠷᠠᠭᠠᠯᠵᠠᠬᠤ ᠦᠢᠯᠡᠴᠢᠯᠡᠭᠡ ᠶᠢ ᠰᠢᠨᠡᠴᠢᠯᠡᠨ᠎ᠡ︔ ᠭᠤᠷᠪᠠ ᠳᠤ᠂ ᠮᠥᠩᠭᠦᠨ ᠭᠦᠢᠯᠭᠡᠭᠡ ᠶᠢ ᠲᠦᠭᠡᠮᠡᠯ

ᠬᠠᠷᠠᠭᠠᠯᠵᠠᠬᠤ ᠬᠥᠮᠥᠵᠢᠯ ᠪᠠ ᠮᠥᠩᠭᠦᠨ ᠭᠦᠢᠯᠭᠡᠭᠡᠨ ᠤ ᠬᠡᠷᠡᠭᠯᠡᠭᠴᠢ᠂ ᠦᠢᠯᠡᠴᠢᠯᠡᠬᠦ ᠭᠤᠣᠯ ᠴᠣᠭᠴᠠ ᠶᠢᠨ ᠡᠷᠬᠡ

ᠠᠰᠢᠭ ᠢ ᠬᠠᠮᠠᠭᠠᠯᠠᠬᠤ ᠶᠢ ᠴᠢᠩᠭᠠᠳᠬᠠᠨ᠎ᠠ︔ ᠳᠥᠷᠪᠡ ᠳᠤ᠂ ᠪᠠᠲᠤᠯᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ᠃

     ᠬᠥᠲᠥᠯᠥᠭᠴᠢ᠄

     ᠬᠢᠩᠭᠠᠨ ᠠᠶᠢᠮᠠᠭ ᠤᠨ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠰᠢᠰᠲ᠋ᠧᠮᠴᠢ ᠶᠢᠨ

ᠪᠠᠶᠢᠭᠤᠯᠤᠯᠲᠠ ᠨᠢ ᠶᠠᠮᠠᠷ ᠪᠣᠢ︖ ᠶᠡᠷᠦᠩᠬᠡᠢ ᠪᠠᠶᠢᠳᠠᠯ ᠨᠢ ᠶᠠᠮᠠᠷ ᠪᠣᠢ︖ ᠡᠨᠡ ᠲᠤᠬᠠᠢ ᠭᠤᠤ ᠠᠶᠢᠮᠠᠭ ᠤᠨ

ᠳᠠᠷᠤᠭ᠎ᠠ ᠶᠠᠷᠢᠭᠠᠳ ᠥᠭᠭᠦᠨ᠎ᠡ ᠦᠦ︖

     ᠭᠤᠤ ᠱᠢ ᠴᠢᠨ᠄

     ︽ᠮᠥᠩᠭᠦᠨ ᠭᠦᠢᠯᠭᠡᠭᠡᠨ ᠤ ᠦᠢᠯᠡᠴᠢᠯᠡᠭᠡ ᠳᠤ ᠭᠤᠣᠯ ᠴᠣᠭᠴᠠ ᠪᠠᠶᠢᠬᠤ᠂ ᠮᠥᠩᠭᠦᠨ ᠭᠦᠢᠯᠭᠡᠭᠡᠨ ᠤ

ᠰᠣᠯᠢᠯᠴᠠᠭ᠎ᠠ ᠳᠤ ᠵᠠᠬ᠎ᠠ ᠳᠡᠯᠭᠡᠭᠦᠷ ᠪᠠᠶᠢᠬᠤ᠂ ᠮᠥᠩᠭᠦᠨ ᠭᠦᠢᠯᠭᠡᠭᠡᠨ ᠤ ᠲᠥᠬᠦᠷᠵᠢᠯᠲᠡ ᠳᠤ ᠵᠠᠭᠤᠴᠢᠯᠠᠭᠤᠷ ᠪᠠᠶᠢᠬᠤ︾

ᠰᠡᠳᠬᠢᠮᠵᠢ ᠶᠣᠰᠣᠭᠠᠷ᠂ ᠬᠢᠩᠭᠠᠨ ᠠᠶᠢᠮᠠᠭ ᠨᠢ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠩᠭᠠᠯᠭ᠎ᠠ ᠶᠢᠨ

ᠰᠢᠰᠲ᠋ᠧᠮᠴᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢᠨ ᠬᠠᠮᠤᠷᠬᠤ

ᠨᠣᠷᠮ᠎ᠠ ᠶᠢ ᠪᠦᠲᠦᠮᠵᠢᠲᠡᠢ ᠳᠡᠭᠡᠭᠰᠢᠯᠡᠭᠦᠯᠵᠡᠢ᠃ ᠨᠢᠭᠡ ᠳᠤ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ

ᠰᠦᠯᠵᠢᠶᠡᠨ ᠤ ᠴᠡᠭ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠬᠥᠲᠥᠯᠥᠨ ᠵᠢᠯᠣᠭᠤᠳᠴᠤ᠂ ᠰᠢᠶᠠᠨ ᠤ

ᠬᠡᠪᠴᠢᠶᠡᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠵᠣᠬᠢᠰᠲᠠᠢ ᠪᠠᠶᠢᠷᠢᠯᠠᠭᠤᠯᠬᠤ ᠶᠢ ᠠᠬᠢᠭᠤᠯᠪᠠ᠃

ᠬᠤᠶᠠᠷ ᠲᠤ᠂ ᠪᠦᠬᠦ ᠠᠶᠢᠮᠠᠭ ᠤᠨ ᠳᠠᠭᠠᠭᠠᠯᠲᠠ ᠶᠢᠨ ᠰᠢᠰᠲ᠋ᠧᠮᠴᠢ ᠶᠢᠨ ᠪᠠᠶᠢᠭᠤᠯᠤᠯᠲᠠ ᠶᠢᠨ ᠡᠷᠴᠢᠮ ᠢ

ᠴᠢᠩᠭᠠᠷᠠᠭᠤᠯᠵᠤ᠂ 2 ᠳᠠᠭᠠᠭᠠᠯᠲᠠ ᠶᠢᠨ ᠺᠣᠮᠫᠠᠨᠢ ᠶᠢ ᠰᠢᠨ᠎ᠡ ᠪᠠᠷ ᠲᠣᠬᠢᠷᠠᠭᠤᠯᠤᠭᠰᠠᠨ ᠠᠴᠠ᠂ ᠪᠦᠬᠦ ᠠᠶᠢᠮᠠᠭ ᠳᠠᠬᠢ

ᠳᠠᠭᠠᠭᠠᠯᠲᠠ ᠶᠢᠨ ᠺᠣᠮᠫᠠᠨᠢ ᠨᠢᠭᠡᠨᠲᠡ 10 ᠪᠣᠯᠵᠤ᠂ ᠳᠠᠩᠰᠠᠯᠠᠭᠤᠯᠤᠭᠰᠠᠨ ᠬᠥᠷᠥᠩᠭᠡ ᠨᠢ 5.9 ᠳ᠋ᠦᠩᠰᠢᠭᠤᠷ

ᠲᠥᠭᠦᠷᠢᠭ ᠲᠤ ᠬᠦᠷᠴᠦ᠂ ᠳᠠᠭᠠᠭᠠᠯᠲᠠ ᠲᠠᠢ ᠵᠢᠭᠡᠯᠡᠯᠭᠡ ᠶᠢᠨ ᠦᠯᠡᠳᠡᠪᠦᠷᠢ ᠨᠢ 8.5 ᠳ᠋ᠦᠩᠰᠢᠭᠤᠷ ᠲᠥᠭᠦᠷᠢᠭ

ᠪᠠᠶᠢᠵᠤ᠂ ᠠᠳᠠᠯᠢ ᠬᠤᠭᠤᠴᠠᠭᠠᠨ ᠤ ᠬᠢ ᠠᠴᠠ 18.1%᠎ ᠪᠠᠷ ᠨᠡᠮᠡᠭᠳᠡᠵᠦ᠂ 2524 ᠳᠤᠮᠳᠠ ᠵᠢᠵᠢᠭ ᠠᠵᠤ

ᠠᠬᠤᠶᠢᠯᠠᠯ ᠳᠤ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠦᠢᠯᠡᠴᠢᠯᠡᠭᠡ ᠬᠠᠩᠭᠠᠭᠰᠠᠨ ᠪᠠᠶᠢᠨ᠎ᠠ᠃ ᠭᠤᠷᠪᠠ ᠳᠤ᠂

ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠲᠦᠭᠰᠢᠭᠦᠷᠢ ᠶᠢ ᠡᠵᠡᠮᠳᠡᠬᠦ ᠪᠠ ᠪᠠᠶᠢᠷᠢᠯᠠᠭᠤᠯᠬᠤ ᠶᠢ ᠰᠠᠶᠢᠲᠤᠷ

ᠠᠳᠬᠤᠭᠰᠠᠨ ᠤᠷᠢᠳᠠᠯ ᠳᠣᠣᠷ᠎ᠠ ᠶᠡᠷᠦᠩᠬᠡᠢ ᠬᠡᠮᠵᠢᠶ᠎ᠡ ᠶᠢ ᠨᠡᠮᠡᠭᠳᠡᠭᠦᠯᠵᠦ᠂ 1 ᠪᠠᠭ᠎ᠠ ᠲᠣᠭᠠᠨ ᠤ ᠵᠢᠭᠡᠯᠡᠯᠭᠡ ᠶᠢᠨ

ᠺᠣᠮᠫᠠᠨᠢ ᠶᠢ ᠰᠢᠨ᠎ᠡ ᠪᠠᠷ ᠲᠣᠬᠢᠷᠠᠭᠤᠯᠤᠭᠰᠠᠨ ᠠᠴᠠ᠂ ᠪᠠᠭ᠎ᠠ ᠲᠣᠭᠠᠨ ᠤ ᠵᠢᠭᠡᠯᠡᠯᠭᠡ ᠶᠢᠨ ᠺᠣᠮᠫᠠᠨᠢ ᠶᠢᠨ ᠶᠡᠷᠦᠩᠬᠡᠢ

ᠲᠤᠭ᠎ᠠ ᠨᠢ 24 ᠪᠣᠯᠵᠤ᠂ ᠳᠠᠩᠰᠠᠯᠠᠭᠤᠯᠤᠭᠰᠠᠨ ᠬᠥᠷᠥᠩᠭᠡ ᠮᠥᠩᠭᠦ ᠨᠢ 9.7 ᠳ᠋ᠦᠩᠰᠢᠭᠤᠷ ᠲᠥᠭᠦᠷᠢᠭ ᠲᠤ

ᠬᠦᠷᠴᠦ᠂ ᠵᠢᠭᠡᠯᠡᠯᠭᠡ ᠶᠢᠨ ᠦᠯᠡᠳᠡᠪᠦᠷᠢ ᠨᠢ 8.9 ᠳ᠋ᠦᠩᠰᠢᠭᠤᠷ ᠲᠥᠭᠦᠷᠢᠭ ᠪᠠᠶᠢᠵᠤ᠂ 2017 ᠣᠨ ᠳᠤ ᠨᠡᠶᠢᠲᠡ

345 ᠤᠳᠠᠭ᠎ᠠ᠂ 2.7 ᠳ᠋ᠦᠩᠰᠢᠭᠤᠷ ᠲᠥᠭᠦᠷᠢᠭ ᠵᠢᠭᠡᠯᠡᠯᠭᠡ ᠣᠷᠣᠭᠤᠯᠵᠠᠢ᠃ ᠳᠥᠷᠪᠡ ᠳᠤ᠂ ᠠᠶᠢᠮᠠᠭ ᠤᠨ

ᠠᠷᠠᠳ ᠤᠨ ᠳᠤᠮᠳᠠᠬᠢ ᠵᠢᠭᠡᠯᠡᠯᠭᠡ ᠶᠢ ᠳᠠᠩᠰᠠᠯᠠᠨ ᠲᠡᠮᠳᠡᠭᠯᠡᠬᠦ ᠲᠥᠪ ᠤᠨ ᠦᠢᠯᠡᠳᠦᠯ ᠢ ᠪᠠᠳᠠᠷᠠᠭᠤᠯᠵᠤ᠂ 2017

ᠣᠨ ᠳᠤ 8153 ᠲᠦᠮᠡᠨ ᠲᠥᠭᠦᠷᠢᠭ ᠢ ᠠᠮᠵᠢᠯᠲᠠ ᠲᠠᠢ ᠵᠣᠯᠭᠠᠭᠤᠯᠵᠤ᠂ 13 ᠲᠥᠷᠥᠯ ᠵᠦᠢᠯ ᠢ ᠵᠣᠯᠭᠠᠭᠤᠯᠤᠨ

ᠠᠮᠵᠢᠯᠲᠠ ᠣᠯᠵᠠᠢ᠃

     ᠬᠥᠲᠥᠯᠥᠭᠴᠢ᠄

     ᠬᠢᠩᠭᠠᠨ ᠠᠶᠢᠮᠠᠭ ︽ᠮᠥᠩᠭᠦᠨ ᠭᠦᠢᠯᠭᠡᠭᠡᠨ ᠤ ᠭᠤᠷᠪᠠᠨ ᠵᠦᠢᠯ ᠤᠨ ᠠᠵᠢᠯᠯᠠᠭᠠᠨ ᠤ ᠲᠥᠯᠥᠪᠯᠡᠭᠡ︾᠎ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠲᠤᠬᠠᠢ ᠭᠤᠤ ᠠᠶᠢᠮᠠᠭ ᠤᠨ

ᠳᠠᠷᠤᠭ᠎ᠠ ᠲᠠᠨᠢᠯᠴᠠᠭᠤᠯᠵᠤ ᠥᠭᠭᠦᠨ᠎ᠡ ᠦᠦ︖

     ᠭᠤᠤ ᠱᠢ ᠴᠢᠨ᠄

     ᠬᠢᠩᠭᠠᠨ ᠠᠶᠢᠮᠠᠭ ︽ᠮᠥᠩᠭᠦᠨ ᠭᠦᠢᠯᠭᠡᠭᠡᠨ ᠤ ᠭᠤᠷᠪᠠᠨ ᠵᠦᠢᠯ ᠤᠨ ᠠᠵᠢᠯᠯᠠᠭᠠᠨ ᠤ ᠲᠥᠯᠥᠪᠯᠡᠭᠡ︾᠎ ᠶᠢ

ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠲᠠᠯ᠎ᠠ ᠪᠠᠷ᠂ ᠭᠤᠣᠯᠳᠠᠭᠤ ᠭᠤᠷᠪᠠᠨ ᠵᠦᠢᠯ ᠤᠨ ᠠᠷᠭ᠎ᠠ ᠬᠡᠮᠵᠢᠶ᠎ᠡ ᠠᠪᠴᠠᠢ᠃

ᠨᠢᠭᠡ ᠳᠤ᠂ ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠭᠤᠷᠪᠠᠨ ᠵᠢᠯ ᠤᠨ

ᠠᠵᠢᠯᠯᠠᠭᠠᠨ ᠤ ᠲᠥᠯᠥᠪᠯᠡᠭᠡ᠃ ᠵᠣᠬᠢᠶᠠᠨ ᠪᠠᠶᠢᠭᠤᠯᠬᠤ ᠪᠠᠶᠢᠭᠤᠯᠤᠮᠵᠢ ᠶᠢ ᠪᠠᠶᠢᠭᠤᠯᠵᠤ᠂ ᠬᠢᠩᠭᠠᠨ ᠠᠶᠢᠮᠠᠭ ᠤᠨ ︽

ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠬᠡᠷᠡᠭᠵᠢᠭᠦᠯᠬᠦ ᠰᠠᠨᠠᠯ︾ ᠪᠠ ︽ᠠᠵᠤ

ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠬᠤ ᠱᠠᠩᠨᠠᠨ ᠨᠥᠬᠦᠪᠦᠷᠢᠯᠡᠬᠦ ᠠᠷᠭ᠎ᠠ︾᠎ ᠶᠢ ᠲᠤᠭᠤᠷᠪᠢᠪᠠ᠃

ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠬᠤ ᠲᠥᠷᠥᠯ ᠵᠦᠢᠯ ᠤᠨ

ᠬᠥᠮᠥᠷᠭᠡ ᠶᠢᠨ ᠪᠠᠶᠢᠭᠤᠯᠤᠯᠲᠠ ᠵᠢᠴᠢ ᠬᠥᠳᠡᠯᠦᠩᠭᠦᠢ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠲᠤ

ᠭᠠᠷᠭᠠᠬᠤ ᠪᠡᠯᠡᠳᠬᠡᠯ ᠡᠬᠢ ᠪᠠᠶᠠᠯᠢᠭ ᠢ ᠶᠡᠭᠡ ᠪᠠᠷ ᠬᠥᠮᠥᠵᠢᠭᠦᠯᠦᠨ ᠪᠣᠶᠢᠵᠢᠭᠤᠯᠵᠤ᠂ ᠯᠠᠢ ᠳ᠋ᠧ ᠮᠣᠷᠢᠨ ᠤ ᠦᠢᠯᠡᠰ᠂

ᠾᠧ ᠮᠠ ᠰᠢᠬᠢᠷ ᠤᠨ ᠦᠢᠯᠡᠰ ᠪᠠ ᠮᠧᠩ ᠶᠠᠩ ᠮᠠᠯᠵᠢᠯ ᠤᠨ ᠦᠢᠯᠡᠰ ᠵᠡᠷᠭᠡ ᠥᠰᠦᠯᠲᠡ ᠶᠢᠨ ᠴᠢᠨᠠᠷ ᠢᠶᠠᠷ ᠰᠠᠶᠢᠨ

ᠠᠵᠤ ᠠᠬᠤᠶᠢᠯᠠᠯ ᠢ ᠵᠠᠬ᠎ᠠ ᠳᠡᠯᠭᠡᠭᠦᠷ ᠲᠤ ᠭᠠᠷᠭᠠᠬᠤ ᠶᠢ ᠠᠬᠢᠭᠤᠯᠵᠠᠢ᠃ ᠣᠳᠣᠬᠠᠨ ᠳᠤ ᠬᠢᠩᠭᠠᠨ ᠠᠶᠢᠮᠠᠭ ᠤᠨ

ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠬᠤ ᠲᠥᠷᠥᠯ ᠵᠦᠢᠯ ᠤᠨ

ᠬᠥᠮᠥᠷᠭᠡ ᠳᠤ ᠣᠷᠣᠭᠰᠠᠨ ᠭᠤᠣᠯᠳᠠᠯᠭ᠎ᠠ ᠲᠠᠢ ᠬᠥᠭᠵᠢᠭᠦᠯᠬᠦ ᠠᠵᠤ ᠠᠬᠤᠶᠢᠯᠠᠯ 24 ᠪᠠᠶᠢᠬᠤ ᠶᠢᠨ ᠬᠠᠮᠲᠤ᠂

ᠥᠪᠡᠷᠲᠡᠭᠡᠨ ᠵᠠᠰᠠᠬᠤ ᠣᠷᠣᠨ ᠳᠤ ᠳᠠᠩᠰᠠᠯᠠᠭᠳᠠᠨ ᠲᠡᠮᠳᠡᠭᠯᠡᠭᠳᠡᠪᠡ᠃ ᠥᠪᠥᠷ ᠮᠣᠩᠭᠤᠯ ᠤᠨ ᠰᠲ᠋ᠣᠺ ᠤᠨ ᠡᠷᠬᠡ ᠶᠢᠨ

ᠰᠣᠯᠢᠯᠴᠠᠭᠠᠨ ᠤ ᠲᠥᠪ ᠲᠠᠢ ᠵᠣᠬᠢᠴᠠᠭᠤᠯᠤᠨ ᠬᠢᠩᠭᠠᠨ ᠠᠶᠢᠮᠠᠭ ᠤᠨ ᠲᠠᠯ᠎ᠠ ᠨᠤᠲᠤᠭ ᠤᠨ ᠱᠧᠩ ᠶᠧ ᠪᠠ ᠢᠦᠢ

ᠹᠧᠩ ᠠᠮᠤ ᠲᠣᠰᠣ ᠳᠤ ᠰᠦᠢᠳᠬᠡᠯ ᠦᠭᠡᠢ ᠪᠠᠷ ᠫᠠᠶᠢᠰᠠ ᠡᠯᠭᠦᠵᠦ ᠥᠭᠴᠡᠢ᠃ ᠳ᠋ᠠ ᠮᠢᠨ ᠲᠠᠷᠢᠮᠠᠯ ᠤᠨ ᠦᠢᠯᠡᠰ᠂

ᠯᠠᠢ ᠳ᠋ᠧ ᠮᠣᠷᠢᠨ ᠤ ᠦᠢᠯᠡᠰ ᠬᠤᠶᠠᠷ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ 2016 ᠣᠨ ᠤ

ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠤᠨ ᠪᠡᠯᠡ ᠲᠣᠬᠢᠷᠠᠭᠤᠯᠬᠤ ᠱᠠᠩᠨᠠᠵᠤ ᠨᠥᠬᠦᠪᠦᠷᠢᠯᠡᠬᠦ

ᠪᠡᠯᠡ ᠮᠥᠩᠭᠦ ᠶᠢ 150 ᠲᠦᠮᠡᠨ ᠲᠥᠭᠦᠷᠢᠭ ᠣᠯᠪᠠ᠃ ᠬᠤᠶᠠᠷ ᠲᠤ᠂ ᠪᠡᠯᠡ ᠲᠣᠬᠢᠷᠠᠭᠤᠯᠵᠤ ᠳᠠᠭᠠᠭᠠᠯᠲᠠ ᠬᠢᠬᠦ

ᠠᠵᠢᠯ ᠲᠥᠷᠥᠯ ᠶᠢ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ᠃ ᠤᠯᠤᠰ ᠤᠨ ᠥᠮᠴᠢᠯᠡᠯᠲᠦ 2

ᠳᠠᠭᠠᠭᠠᠯᠲᠠ ᠬᠢᠬᠦ ᠪᠠᠶᠢᠭᠤᠯᠤᠮᠵᠢ ᠶᠢ ᠶᠡᠭᠡ ᠪᠠᠷ ᠴᠢᠨᠠᠷᠯᠢᠭ ᠬᠢᠵᠦ᠂ ᠤᠷᠢᠳ ᠢᠶᠠᠷ ᠬᠤᠷᠴᠢᠨ ᠪᠠᠷᠠᠭᠤᠨ ᠭᠠᠷᠤᠨ

ᠡᠮᠦᠨᠡᠲᠦ ᠬᠤᠰᠢᠭᠤ ᠳᠤ 1 ᠪᠡᠯᠡ ᠲᠣᠬᠢᠷᠠᠭᠤᠯᠵᠤ ᠳᠠᠭᠠᠭᠠᠯᠲᠠ ᠬᠢᠬᠦ ᠺᠣᠮᠫᠠᠨᠢ ᠲᠣᠬᠢᠷᠠᠭᠤᠯᠤᠭᠰᠠᠨ ᠠᠴᠠ᠂

ᠣᠳᠣᠬᠠᠨ ᠳᠤ ᠬᠢᠩᠭᠠᠨ ᠠᠶᠢᠮᠠᠭ ᠨᠢᠭᠡᠨᠲᠡ ᠤᠯᠤᠰ ᠤᠨ ᠥᠮᠴᠢᠯᠡᠯᠲᠦ ᠪᠡᠯᠡ ᠲᠣᠬᠢᠷᠠᠭᠤᠯᠵᠤ ᠳᠠᠭᠠᠭᠠᠯᠲᠠ ᠬᠢᠬᠦ

ᠪᠠᠶᠢᠭᠤᠯᠤᠮᠵᠢ ᠪᠠᠷ ᠭᠤᠣᠯ ᠤᠳᠤᠷᠢᠳᠤᠮᠵᠢ ᠪᠣᠯᠭᠠᠵᠤ᠂ ᠬᠤᠳᠠᠯᠳᠤᠭᠠᠨ ᠤ ᠪᠡᠯᠡ ᠲᠣᠬᠢᠷᠠᠭᠤᠯᠵᠤ ᠳᠠᠭᠠᠭᠠᠯᠲᠠ ᠬᠢᠬᠦ

ᠪᠠᠶᠢᠭᠤᠯᠤᠮᠵᠢ ᠪᠠᠷ ᠨᠥᠬᠦᠪᠦᠷᠢ ᠪᠣᠯᠭᠠᠨ᠂ ᠠᠶᠢᠮᠠᠭ ᠤᠨ ᠳᠡᠰ ᠤᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ

ᠪᠠᠶᠢᠭᠤᠯᠤᠮᠵᠢ ᠪᠠᠷ ᠭᠤᠣᠯᠯᠠᠭᠴᠢ ᠪᠣᠯᠭᠠᠵᠤ᠂ ᠬᠤᠰᠢᠭᠤ ᠰᠢᠶᠠᠨ ᠤ ᠪᠡᠯᠡ ᠲᠣᠬᠢᠷᠠᠭᠤᠯᠵᠤ ᠳᠠᠭᠠᠭᠠᠯᠲᠠ ᠬᠢᠬᠦ

ᠪᠠᠶᠢᠭᠤᠯᠤᠮᠵᠢ ᠪᠠᠷ ᠰᠠᠭᠤᠷᠢ ᠪᠣᠯᠭᠠᠭᠰᠠᠨ ᠪᠡᠯᠡ ᠲᠣᠬᠢᠷᠠᠭᠤᠯᠵᠤ ᠳᠠᠭᠠᠭᠠᠯᠲᠠ ᠬᠢᠬᠦ ᠠᠵᠢᠯ ᠲᠥᠷᠥᠯ ᠤᠨ

ᠰᠢᠰᠲ᠋ᠧᠮᠴᠢ ᠶᠢ ᠪᠠᠶᠢᠭᠤᠯᠵᠤ ᠡᠬᠢᠯᠡᠵᠡᠢ᠃ ᠠᠶᠢᠮᠠᠭ᠂ ᠬᠤᠰᠢᠭᠤ ᠰᠢᠶᠠᠨ ᠬᠤᠶᠠᠷ ᠱᠠᠲᠤᠨ ᠤ ᠵᠠᠰᠠᠭ ᠤᠨ ᠣᠷᠳᠣᠨ ᠤ

ᠲᠦᠭᠰᠢᠭᠦᠷᠢ ᠶᠢ ᠨᠥᠬᠦᠨ ᠲᠥᠯᠥᠪᠦᠷᠢᠯᠡᠬᠦ ᠮᠥᠩᠭᠦ ᠶᠢ ᠲᠣᠬᠢᠷᠠᠭᠤᠯᠪᠠ᠃ ᠭᠤᠷᠪᠠ ᠳᠤ᠂ ᠮᠥᠩᠭᠦᠨ ᠭᠦᠢᠯᠭᠡᠭᠡ ᠪᠠᠷ

ᠶᠠᠳᠠᠭᠤ ᠠᠴᠠ ᠠᠩᠭᠢᠵᠢᠷᠠᠭᠤᠯᠬᠤ ᠰᠢᠢᠳᠪᠦᠷᠢᠲᠦ ᠠᠵᠢᠯᠯᠠᠭᠠᠨ ᠢ ᠬᠠᠪᠰᠤᠷᠤᠨ ᠠᠬᠢᠭᠤᠯᠬᠤ ᠠᠵᠢᠯᠯᠠᠭᠠᠨ ᠤ

ᠲᠥᠯᠥᠪᠯᠡᠭᠡ ᠶᠢ ᠠᠬᠢᠭᠤᠯᠵᠠᠢ᠃ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠡᠷᠴᠢᠮ ᠢ ᠤᠯᠠᠮ ᠴᠢᠨᠠᠭᠰᠢᠳᠠ

ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠵᠦ ᠨᠡᠭᠡᠭᠡᠨ ᠠᠰᠢᠭᠯᠠᠬᠤ ᠳᠤᠮᠳᠠᠬᠢ ᠬᠥᠰᠢᠭᠦᠷᠭᠡ

ᠪᠠ ᠲᠤᠯᠭᠠᠭᠤᠷᠢᠯᠠᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠨᠣᠴᠢᠲᠠᠢ ᠪᠠᠷ ᠢᠯᠭᠠᠨ ᠲᠠᠨᠢᠬᠤ᠂

ᠣᠨᠣᠴᠢᠲᠠᠢ ᠪᠠᠷ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ᠂ ᠣᠨᠣᠴᠢᠲᠠᠢ ᠪᠠᠷ ᠬᠦᠴᠦᠯᠡᠬᠦ ᠶᠢ ᠪᠠᠷᠢᠮᠲᠠᠯᠠᠪᠠ᠃

ᠬᠢᠩᠭᠠᠨ ᠠᠶᠢᠮᠠᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠭᠠᠵᠢ

ᠬᠡᠷᠡᠭᠰᠡᠯ᠂ ᠳᠦᠷᠢᠮ ᠤᠨ ᠰᠢᠨᠡᠴᠢᠯᠡᠯᠲᠡ ᠶᠢ ᠢᠳᠡᠪᠬᠢᠲᠡᠢ ᠠᠬᠢᠭᠤᠯᠵᠤ᠂ ᠶᠠᠳᠠᠭᠤ ᠬᠦᠴᠢᠷᠲᠡᠢ ᠡᠷᠦᠬᠡ᠂ ᠭᠡᠷ

ᠪᠦᠯᠢ ᠶᠢᠨ ᠲᠠᠷᠢᠶᠠᠯᠠᠩ ᠤᠨ ᠲᠠᠯᠠᠪᠤᠷ᠂ ᠲᠤᠰᠬᠠᠶᠢᠵᠢᠭᠰᠠᠨ ᠲᠣᠮᠣ ᠡᠷᠦᠬᠡ᠂ ᠮᠠᠯᠴᠢᠨ ᠲᠠᠷᠢᠶᠠᠴᠢᠨ ᠲᠦᠮᠡᠨ ᠤ

ᠲᠤᠰᠬᠠᠶᠢᠵᠢᠭᠰᠠᠨ ᠬᠤᠷᠰᠢᠶᠠᠵᠢᠯ ᠪᠠ ᠲᠣᠯᠣᠭᠠᠶᠢᠯᠠᠭᠴᠢ ᠠᠵᠤ ᠠᠬᠤᠶᠢᠯᠠᠯ ᠤᠨ ᠬᠥᠭᠵᠢᠯᠲᠡ ᠶᠢ ᠢᠳᠡᠪᠬᠢᠲᠡᠢ

ᠳᠡᠮᠵᠢᠵᠦ᠂ ᠶᠠᠳᠠᠭᠤ ᠬᠦᠴᠢᠷᠲᠡᠢ ᠭᠠᠵᠠᠷ ᠣᠷᠣᠨ ᠪᠠ ᠶᠠᠳᠠᠭᠤ ᠬᠦᠴᠢᠷᠲᠡᠢ ᠣᠯᠠᠨ ᠲᠦᠮᠡᠨ ᠤ ᠶᠠᠳᠠᠭᠤ ᠠᠴᠠ

ᠠᠩᠭᠢᠵᠢᠷᠠᠬᠤ ᠳᠣᠲᠣᠭᠠᠳᠤ ᠬᠥᠳᠡᠯᠭᠡᠭᠴᠢ ᠬᠦᠴᠦᠨ ᠢ ᠴᠢᠩᠭᠠᠷᠠᠭᠤᠯᠪᠠ᠃ ᠪᠦᠬᠦ ᠠᠶᠢᠮᠠᠭ ᠢᠶᠠᠷ ᠢᠶᠠᠨ ᠶᠠᠳᠠᠭᠤ ᠠᠴᠠ

ᠠᠩᠭᠢᠵᠢᠷᠠᠬᠤ ᠰᠢᠢᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠬᠤ ᠳᠤ ᠬᠦᠴᠦᠲᠡᠢ ᠮᠥᠷᠲᠡᠭᠡᠨ ᠪᠦᠲᠦᠮᠵᠢᠲᠡᠢ

ᠮᠥᠩᠭᠦᠨ ᠭᠦᠢᠯᠭᠡᠭᠡᠨ ᠤ ᠲᠤᠯᠭᠠᠭᠤᠷᠢᠯᠠᠯ ᠬᠠᠩᠭᠠᠪᠠ᠃ 2017 ᠣᠨ ᠤ 12 ᠳ᠋ᠤᠭᠠᠷ ᠰᠠᠷ᠎ᠠ ᠶᠢᠨ ᠰᠡᠭᠦᠯᠴᠢ

ᠪᠣᠯᠲᠠᠯ᠎ᠠ᠂ ᠠᠶᠢᠮᠠᠭ ᠤᠨ ᠳᠣᠲᠣᠭᠠᠳᠤ ᠶᠢᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠮᠥᠩᠭᠦᠨ ᠭᠦᠢᠯᠭᠡᠭᠡ ᠪᠠᠷ

ᠶᠠᠳᠠᠭᠤ ᠶᠢ ᠲᠡᠳᠬᠦᠬᠦ ᠵᠢᠭᠡᠯᠡᠯᠭᠡ ᠲᠠᠯᠪᠢᠭᠰᠠᠨ ᠦᠯᠡᠳᠡᠪᠦᠷᠢ ᠨᠢ 196.9 ᠳ᠋ᠦᠩᠰᠢᠭᠤᠷ ᠲᠥᠭᠦᠷᠢᠭ ᠪᠠᠶᠢᠵᠤ᠂

ᠠᠳᠠᠯᠢ ᠬᠤᠭᠤᠴᠠᠭᠠᠨ ᠤ ᠬᠢ ᠠᠴᠠ 73.5 ᠳ᠋ᠦᠩᠰᠢᠭᠤᠷ ᠲᠥᠭᠦᠷᠢᠭ ᠨᠡᠮᠡᠭᠳᠡᠵᠦ᠂ 59.6%᠎ ᠪᠠᠷ ᠨᠡᠮᠡᠭᠳᠡᠪᠡ︔

ᠲᠤᠬᠠᠢ ᠶᠢᠨ ᠵᠢᠯ ᠳᠤ ᠨᠡᠶᠢᠲᠡ 32.7 ᠳ᠋ᠦᠩᠰᠢᠭᠤᠷ ᠲᠥᠭᠦᠷᠢᠭ ᠰᠢᠨ᠎ᠡ ᠪᠠᠷ ᠣᠷᠣᠭᠤᠯᠪᠠ᠃

     ᠬᠥᠲᠥᠯᠥᠭᠴᠢ᠄

     ᠬᠢᠩᠭᠠᠨ ᠠᠶᠢᠮᠠᠭ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠠᠮᠢ ᠠᠬᠤᠢ ᠶᠢᠨ ᠣᠷᠴᠢᠨ ᠲᠣᠭᠤᠷᠢᠨ ᠢ

ᠰᠢᠯᠢᠳᠡᠭᠵᠢᠭᠦᠯᠬᠦ ᠲᠠᠯ᠎ᠠ ᠪᠠᠷ ᠶᠠᠮᠠᠷ ᠶᠠᠮᠠᠷ ᠠᠵᠢᠯ ᠬᠢᠭᠰᠡᠨ ᠲᠤᠬᠠᠢ ᠭᠤᠤ ᠠᠶᠢᠮᠠᠭ ᠤᠨ ᠳᠠᠷᠤᠭ᠎ᠠ ᠶᠠᠷᠢᠭᠠᠳ

ᠥᠭᠭᠦᠨ᠎ᠡ ᠦᠦ︖

     ᠭᠤᠤ ᠱᠢ ᠴᠢᠨ᠄

     ᠨᠢᠭᠡ ᠳᠤ᠂ ᠬᠠᠤᠯᠢ ᠪᠤᠰᠤ ᠶᠢ ᠰᠢᠢᠳᠪᠦᠷᠢᠯᠡᠬᠦ ᠠᠵᠢᠯ ᠤᠨ ᠤᠳᠤᠷᠢᠳᠤᠯᠭ᠎ᠠ ᠶᠢ ᠴᠢᠩᠭᠠᠳᠬᠠᠪᠠ᠃

ᠥᠪᠡᠷᠲᠡᠭᠡᠨ ᠵᠠᠰᠠᠬᠤ ᠣᠷᠣᠨ ᠤ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠢᠢᠳᠪᠦᠷᠢᠯᠡᠬᠦ ᠠᠵᠢᠯ ᠤᠨ

ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂

ᠰᠢᠨ᠎ᠡ ᠴᠠᠭ ᠤᠨ ᠪᠠᠶᠢᠳᠠᠯ ᠳᠣᠣᠷᠠᠬᠢ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠡᠮᠵᠢᠯᠡᠭᠦᠯᠬᠦ ᠤᠬᠠᠭᠤᠯᠭ᠎ᠠ

ᠬᠥᠮᠥᠵᠢᠯ ᠤᠨ ᠠᠵᠢᠯ ᠢ ᠦᠨᠡᠨ ᠬᠦ ᠰᠠᠶᠢᠲᠤᠷ ᠬᠢᠵᠦ᠂ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ

ᠬᠠᠮᠲᠤᠷᠠᠨ᠂ ︽ᠮᠥᠩᠭᠦᠨ ᠭᠦᠢᠯᠭᠡᠭᠡᠨ ᠤ ᠬᠠᠷᠠᠭᠠᠯᠵᠠᠯ ᠤᠨ ᠢᠨᠵᠧᠨᠧᠷᠢᠩ︾᠎ ᠲᠠᠢ ᠤᠶᠠᠯᠳᠤᠭᠤᠯᠤᠨ ᠬᠠᠤᠯᠢ

ᠪᠤᠰᠤ ᠪᠠᠷ ᠬᠥᠷᠥᠩᠭᠡ ᠬᠤᠷᠠᠮᠳᠤᠭᠤᠯᠬᠤ ᠠᠵᠢᠯᠯᠠᠭ᠎ᠠ ᠶᠢ ᠡᠬᠢ ᠢᠷᠡᠯᠲᠡ ᠠᠴᠠ ᠨᠢ ᠪᠦᠲᠦᠮᠵᠢᠲᠡᠢ ᠬᠤᠷᠢᠭᠯᠠᠵᠤ᠂

ᠨᠡᠶᠢᠭᠡᠮ ᠨᠡᠶᠢᠲᠡ ᠶᠢᠨ ᠰᠡᠷᠡᠮᠵᠢᠯᠡᠬᠦ ᠦᠵᠡᠯ ᠤᠬᠠᠮᠰᠠᠷ ᠪᠠ ᠢᠯᠭᠠᠨ ᠲᠠᠨᠢᠬᠤ ᠴᠢᠳᠠᠪᠤᠷᠢ ᠶᠢ ᠳᠡᠭᠡᠭᠰᠢᠯᠡᠭᠦᠯᠵᠦ᠂

ᠤᠬᠠᠭᠤᠯᠬᠤ ᠭᠦᠨᠴᠡ ᠶᠢᠨ ᠲᠠᠯ᠎ᠠ ᠪᠠᠷ᠂ ︽ᠵᠢᠷᠭᠤᠭ᠎ᠠ ᠳᠤ ᠣᠷᠣᠬᠤ︾ ︵ᠬᠥᠳᠡᠭᠡ ᠲᠣᠰᠬᠤᠨ ᠳᠤ ᠣᠷᠣᠬᠤ᠂

ᠪᠠᠶᠢᠭᠤᠯᠭ᠎ᠠ ᠳᠤ ᠣᠷᠣᠬᠤ᠂ ᠦᠢᠯᠡᠳᠪᠦᠷᠢ ᠳᠤ ᠣᠷᠣᠬᠤ᠂ ᠰᠤᠷᠭᠠᠭᠤᠯᠢ ᠶᠢᠨ ᠬᠦᠷᠢᠶᠡᠨ ᠳᠤ ᠣᠷᠣᠬᠤ᠂ ᠭᠡᠷ

ᠪᠦᠯᠢ ᠳᠤ ᠣᠷᠣᠬᠤ︶᠎ ᠪᠠᠷ ᠳᠠᠮᠵᠢᠭᠤᠯᠵᠤ ᠦᠨᠳᠦᠰᠦᠨ ᠱᠠᠲᠤᠨ ᠲᠡᠶᠢᠰᠢ ᠤᠯᠠᠮ ᠴᠢᠨᠠᠭᠰᠢᠳᠠ ᠥᠷᠭᠡᠵᠢᠭᠦᠯᠦᠨ

ᠰᠤᠩᠭᠠᠵᠠᠢ︔ ᠤᠬᠠᠭᠤᠯᠬᠤ ᠬᠡᠯᠪᠡᠷᠢ ᠶᠢᠨ ᠲᠠᠯ᠎ᠠ ᠪᠠᠷ᠂ ᠡᠯ᠎ᠡ ᠲᠥᠷᠥᠯ ᠤᠨ ᠵᠠᠭᠤᠴᠢᠯᠠᠭᠤᠷ ᠤᠨ ᠶᠡᠷᠦᠩᠬᠡᠶᠢᠯᠡᠭᠰᠡᠨ

ᠦᠢᠯᠡᠳᠦᠯ ᠢ ᠭᠦᠢᠴᠡᠳ ᠪᠠᠳᠠᠷᠠᠭᠤᠯᠵᠤ᠂ ᠰᠣᠨᠢᠨ ᠰᠡᠳᠬᠦᠯ᠂ ᠷᠠᠳᠢᠣ᠋᠂ ᠲᠧᠯᠸᠢᠰ᠂ ᠨᠡᠶᠢᠲᠡ ᠶᠢᠨ ᠮᠠᠰᠢᠨ ᠲᠡᠷᠭᠡᠨ ᠤ

ᠵᠠᠷ ᠮᠡᠳᠡᠭᠡ ᠵᠡᠷᠭᠡ ᠤᠯᠠᠮᠵᠢᠯᠠᠯᠲᠤ ᠤᠬᠠᠭᠤᠯᠭ᠎ᠠ ᠶᠢᠨ ᠠᠷᠭ᠎ᠠ ᠪᠠᠷᠢᠯ ᠢᠶᠠᠷ ᠥᠷᠨᠢᠭᠦᠯᠬᠦ ᠠᠴᠠ ᠭᠠᠳᠠᠨ᠎ᠠ᠂ ᠢᠨᠲ᠋ᠧᠷ

ᠰᠦᠯᠵᠢᠶᠡᠨ ᠤ ᠮᠡᠳᠡᠭᠡ ᠵᠠᠩᠭᠢᠲᠤ ᠬᠢᠩᠭᠠᠨ᠂ ᠮᠥᠩᠭᠦᠨ ᠭᠦᠢᠯᠭᠡᠭᠡᠨ ᠤ ᠠᠯᠪᠠᠨ ᠭᠡᠷ ᠤᠨ ᠸᠢᠴᠠᠲ ᠤᠨ ᠨᠡᠶᠢᠲᠡ

ᠣᠯᠠᠨ ᠤ ᠨᠣᠮᠧᠷ ᠵᠡᠷᠭᠡ ᠰᠦᠯᠵᠢᠶᠡᠨ ᠤ ᠲᠠᠪᠴᠠᠩ ᠤᠨ ᠦᠢᠯᠡᠳᠦᠯ ᠢ ᠰᠠᠶᠢᠲᠤᠷ ᠠᠰᠢᠭᠯᠠᠬᠤ ᠶᠢᠨ ᠬᠠᠮᠲᠤ᠂ 5

ᠳ᠋ᠤᠭᠠᠷ ᠰᠠᠷ᠎ᠠ ᠠᠴᠠ ᠡᠬᠢᠯᠡᠨ ᠪᠦᠬᠦ ᠠᠶᠢᠮᠠᠭ ᠤᠨ ᠬᠡᠪᠴᠢᠶᠡᠨ ᠳᠤ ᠬᠠᠤᠯᠢ ᠪᠤᠰᠤ ᠪᠠᠷ ᠬᠥᠷᠥᠩᠭᠡ ᠴᠤᠭᠯᠠᠭᠤᠯᠬᠤ ᠶᠢ

ᠰᠡᠷᠡᠮᠵᠢᠯᠡᠵᠦ ᠴᠣᠬᠢᠯᠲᠠ ᠥᠭᠬᠦ ᠤᠬᠠᠭᠤᠯᠭ᠎ᠠ ᠶᠢᠨ ᠰᠠᠷ᠎ᠠ ᠶᠢᠨ ᠬᠥᠳᠡᠯᠭᠡᠭᠡᠨ ᠢ ᠲᠥᠪᠯᠡᠷᠡᠭᠦᠯᠦᠨ ᠥᠷᠨᠢᠭᠦᠯᠦᠨ᠎ᠡ᠃

ᠬᠤᠶᠠᠷ ᠲᠤ᠂ ᠲᠤᠰᠬᠠᠢ ᠵᠦᠢᠯ ᠤᠨ ᠴᠡᠭᠴᠡᠯᠡᠯᠲᠡ ᠶᠢ ᠴᠢᠩᠭᠠᠳᠬᠠᠪᠠ᠃ ᠮᠥᠩᠭᠦᠨ ᠭᠦᠢᠯᠭᠡᠭᠡᠨ ᠤ ᠦᠢᠯᠡᠴᠢᠯᠡᠭᠡ

ᠪᠠ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠮᠥᠩᠭᠦᠨ ᠭᠦᠢᠯᠭᠡᠭᠡᠨ ᠤ

ᠪᠠᠶᠢᠭᠤᠯᠤᠮᠵᠢ ᠶᠢᠨ ᠡᠷᠡᠭᠦᠯ ᠪᠤᠰᠤ ᠵᠢᠭᠡᠯᠡᠯᠭᠡ ᠶᠢ ᠢᠳᠡᠪᠬᠢᠲᠡᠢ ᠨᠠᠮᠳᠠᠭᠠᠵᠠᠢ᠃ ᠡᠯ᠎ᠡ ᠲᠠᠯ᠎ᠠ ᠶᠢᠨ ᠬᠦᠴᠦᠨ ᠢ

ᠨᠢᠭᠡᠳᠦᠯᠲᠡᠢ ᠲᠥᠯᠥᠪᠵᠢᠭᠦᠯᠵᠦ ᠬᠠᠤᠯᠢ ᠪᠤᠰᠤ ᠪᠠᠷ ᠬᠥᠷᠥᠩᠭᠡ ᠴᠤᠭᠯᠠᠭᠤᠯᠬᠤ ᠵᠢᠴᠢ ᠮᠠᠯᠵᠢᠬᠤ ᠲᠠᠷᠢᠶᠠᠯᠠᠬᠤ

ᠣᠷᠣᠨ ᠤ ᠥᠨᠳᠥᠷ ᠬᠦᠦ ᠲᠠᠢ ᠵᠢᠭᠡᠯᠡᠯᠭᠡ ᠶᠢᠨ ᠠᠰᠠᠭᠤᠳᠠᠯ ᠪᠠ ᠢᠨᠲ᠋ᠧᠷ ᠰᠦᠯᠵᠢᠶᠡᠨ ᠤ ᠮᠥᠩᠭᠦᠨ ᠭᠦᠢᠯᠭᠡᠭᠡᠨ ᠤ

ᠲᠦᠭᠰᠢᠭᠦᠷᠢ ᠶᠢ ᠰᠡᠷᠡᠮᠵᠢᠯᠡᠬᠦ ᠪᠠ ᠴᠣᠬᠢᠯᠲᠠ ᠥᠭᠬᠦ ᠶᠢ ᠰᠠᠶᠢᠲᠤᠷ ᠬᠢᠵᠦ᠂ ᠡᠯ᠎ᠡ ᠲᠥᠷᠥᠯ ᠤᠨ ᠰᠣᠯᠢᠯᠴᠠᠭᠠᠨ ᠤ

ᠲᠠᠯᠠᠪᠤᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠢ ᠵᠦᠢᠯ ᠤᠨ ᠠᠵᠢᠯᠯᠠᠭᠠᠨ ᠢ ᠵᠣᠬᠢᠶᠠᠨ ᠪᠠᠶᠢᠭᠤᠯᠤᠨ

ᠥᠷᠨᠢᠭᠦᠯᠵᠦ᠂ ᠪᠦᠬᠦ ᠠᠶᠢᠮᠠᠭ ᠤᠨ ᠡᠵᠡᠩᠨᠡᠯᠲᠡ ᠶᠢᠨ ᠬᠦᠷᠢᠶ᠎ᠡ ᠬᠡᠪᠴᠢᠶᠡᠨ ᠳᠠᠬᠢ ︽ᠪᠡᠯᠡᠨ ᠮᠥᠩᠭᠦᠨ ᠤ ᠵᠢᠭᠡᠯᠡᠯᠭᠡ︾

᠎ ᠶᠢ ᠪᠠᠭᠲᠠᠭᠠᠭᠰᠠᠨ ᠠᠵᠤ ᠠᠬᠤᠶᠢᠯᠠᠯ ᠤᠨ ᠲᠠᠪᠴᠠᠩ ᠳᠤ ᠰᠢᠯᠢᠯᠲᠡ ᠪᠠᠶᠢᠴᠠᠭᠠᠯᠲᠠ ᠬᠢᠵᠦ᠂ ᠣᠷᠣᠨ ᠨᠤᠲᠤᠭ ᠤᠨ

ᠮᠥᠩᠭᠦᠨ ᠭᠦᠢᠯᠭᠡᠭᠡᠨ ᠤ ᠲᠣᠭᠲᠠᠭᠤᠨ ᠢ ᠪᠦᠲᠦᠮᠵᠢᠲᠡᠢ ᠬᠠᠮᠠᠭᠠᠯᠠᠪᠠ᠃ ᠲᠣᠪᠣᠶᠢᠮ᠎ᠠ ᠲᠦᠭᠰᠢᠭᠦᠷᠢᠲᠦ ᠴᠡᠭ ᠢ ᠡᠮᠬᠢ

ᠵᠢᠷᠤᠮ ᠲᠠᠢ ᠨᠠᠮᠳᠠᠭᠠᠨ ᠰᠢᠢᠳᠪᠦᠷᠢᠯᠡᠵᠦ᠂ ᠮᠥᠩᠭᠦᠨ ᠭᠦᠢᠯᠭᠡᠭᠡᠨ ᠤ ᠡᠮᠬᠢ ᠳᠢᠭᠯᠢᠮ ᠢ ᠴᠡᠭᠴᠡᠯᠡᠨ ᠵᠢᠷᠤᠮᠵᠢᠭᠤᠯᠵᠤ᠂

ᠮᠥᠩᠭᠦᠨ ᠭᠦᠢᠯᠭᠡᠭᠡᠨ ᠤ ᠲᠦᠭᠰᠢᠭᠦᠷᠢ ᠶᠢᠨ ︽ᠰᠡᠷᠭᠡᠶᠢᠯᠡᠯᠲᠡ ᠶᠢᠨ ᠰᠢᠰᠲ᠋ᠧᠮ︾᠎ ᠢ ᠪᠠᠲᠤᠳᠬᠠᠵᠠᠢ᠃

     ᠬᠥᠲᠥᠯᠥᠭᠴᠢ᠄

     ᠣᠳᠣᠬᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠢᠩᠭᠠᠨ ᠠᠶᠢᠮᠠᠭ ᠤᠨ ᠪᠣᠳᠠᠲᠤ ᠴᠣᠭᠴᠠᠲᠤ

ᠠᠵᠤ ᠠᠬᠤᠢ ᠳᠤ ᠦᠢᠯᠡᠴᠢᠯᠡᠬᠦ ᠳᠤ ᠬᠦᠷᠦᠯᠴᠡᠬᠦ ᠦᠭᠡᠢ ᠲᠠᠯ᠎ᠠ ᠣᠷᠣᠰᠢᠵᠤ ᠪᠠᠶᠢᠨ᠎ᠠ ᠦᠦ︖ ᠣᠷᠣᠰᠢᠵᠤ ᠪᠠᠶᠢᠪᠠᠯ

ᠭᠤᠣᠯᠳᠠᠭᠤ ᠶᠠᠮᠠᠷ ᠶᠠᠮᠠᠷ ᠲᠠᠯ᠎ᠠ ᠪᠠᠷ ᠣᠷᠣᠰᠢᠵᠤ ᠪᠠᠶᠢᠬᠤ ᠶᠢ ᠭᠤᠤ ᠠᠶᠢᠮᠠᠭ ᠤᠨ ᠳᠠᠷᠤᠭ᠎ᠠ ᠶᠠᠷᠢᠭᠠᠳ ᠥᠭᠭᠦᠨ᠎ᠡ

ᠦᠦ︖

     ᠭᠤᠤ ᠱᠢ ᠴᠢᠨ᠄

     ᠶᠡᠷᠦᠩᠬᠡᠢ ᠳᠤ ᠨᠢ ᠦᠵᠡᠪᠡᠯ᠂ ᠪᠦᠬᠦ ᠠᠶᠢᠮᠠᠭ ᠤᠨ ᠮᠥᠩᠭᠦᠨ ᠭᠦᠢᠯᠭᠡᠭᠡᠨ ᠤ ᠠᠵᠢᠯ ᠨᠢ ᠵᠢᠯ ᠤᠨ ᠡᠬᠢᠨ ᠳᠤ

ᠠᠶᠢᠮᠠᠭ ᠤᠨ ᠨᠠᠮ ᠤᠨ ᠬᠤᠷᠢᠶ᠎ᠠ ︵ᠥᠷᠭᠡᠳᠬᠡᠭᠰᠡᠨ︶᠎ ᠶᠢᠨ ᠬᠤᠷᠠᠯ ᠠᠴᠠ ᠲᠣᠭᠲᠠᠭᠠᠭᠰᠠᠨ ᠬᠠᠷᠠᠯᠲᠠ ᠶᠣᠰᠣᠭᠠᠷ᠂

ᠢᠳᠡᠪᠬᠢᠲᠡᠢ ᠮᠥᠷᠲᠡᠭᠡᠨ ᠯᠠᠪᠳᠠᠭᠤᠨ ᠪᠠᠲᠤᠲᠠᠢ ᠪᠠᠷ ᠠᠬᠢᠨ ᠬᠥᠭᠵᠢᠬᠦ ᠪᠠᠶᠢᠳᠠᠯ ᠢ ᠪᠠᠲᠤᠯᠠᠪᠠ᠃ ᠭᠡᠲᠡᠯ᠎ᠡ ᠪᠦᠬᠦ

ᠤᠯᠤᠰ ᠤᠨ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢ ᠴᠢᠩᠭᠠᠯᠠᠵᠤ᠂ ᠪᠦᠬᠦ ᠠᠶᠢᠮᠠᠭ ᠤᠨ ᠰᠢᠨ᠎ᠡ ᠪᠠᠷ

ᠡᠬᠢᠯᠡᠭᠦᠯᠦᠭᠰᠡᠨ ᠲᠥᠷᠥᠯ ᠵᠦᠢᠯ ᠤᠨ ᠠᠬᠢᠴᠠ ᠤᠳᠠᠭᠠᠨ ᠵᠢᠴᠢ ᠭᠠᠮᠰᠢᠭ ᠲᠤ ᠳᠠᠭᠠᠷᠢᠭᠳᠠᠭᠰᠠᠨ ᠵᠡᠷᠭᠡ ᠣᠯᠠᠨ

ᠵᠦᠢᠯ ᠤᠨ ᠬᠦᠴᠦᠨ ᠵᠦᠢᠯ ᠤᠨ ᠨᠥᠯᠥᠭᠡ ᠶᠢ ᠬᠦᠷᠲᠡᠭᠰᠡᠨ ᠠᠴᠠ᠂ ᠪᠡᠯᠡ ᠲᠣᠬᠢᠷᠠᠭᠤᠯᠤᠯᠲᠠ ᠶᠢᠨ

ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠠᠪᠤᠴᠠ ᠳᠤ᠂ ᠮᠥᠨ ᠬᠦ ᠵᠠᠷᠢᠮ ᠬᠦᠴᠢᠷᠳᠡᠯ ᠪᠠ ᠠᠰᠠᠭᠤᠳᠠᠯ ᠣᠷᠣᠰᠢᠵᠤ

ᠪᠠᠶᠢᠨ᠎ᠠ᠃

     ᠬᠥᠲᠥᠯᠥᠭᠴᠢ᠄

     ᠡᠳᠡᠭᠡᠷ ᠬᠦᠷᠦᠯᠴᠡᠬᠦ ᠦᠭᠡᠢ ᠲᠠᠯ᠎ᠠ ᠨᠢ ᠭᠤᠣᠯᠳᠠᠭᠤ ᠬᠡᠳᠦᠨ ᠲᠠᠯ᠎ᠠ ᠪᠠᠷ ᠢᠯᠡᠷᠡᠵᠦ ᠪᠠᠶᠢᠬᠤ ᠶᠢ ᠭᠤᠤ

ᠠᠶᠢᠮᠠᠭ ᠤᠨ ᠳᠠᠷᠤᠭ᠎ᠠ ᠶᠠᠷᠢᠭᠠᠳ ᠥᠭᠭᠦᠨ᠎ᠡ ᠦᠦ︖

     ᠭᠤᠤ ᠱᠢ ᠴᠢᠨ᠄

     ᠭᠤᠣᠯᠳᠠᠭᠤ ᠳᠣᠣᠷᠠᠬᠢ ᠬᠡᠳᠦᠨ ᠲᠠᠯ᠎ᠠ ᠳᠤ ᠲᠥᠪᠯᠡᠷᠡᠵᠦ ᠪᠠᠶᠢᠨ᠎ᠠ᠃ ᠨᠢᠭᠡ ᠳᠤ᠂ ᠪᠣᠳᠠᠲᠤ ᠴᠣᠭᠴᠠᠲᠤ ᠠᠵᠤ

ᠠᠬᠤᠢ ᠶᠢ ᠳᠡᠮᠵᠢᠬᠦ ᠳᠤ ᠬᠦᠴᠦᠨ ᠮᠡᠬᠦᠰᠳᠡᠵᠦ ᠪᠠᠶᠢᠨ᠎ᠠ᠃ ᠣᠳᠣᠬᠠᠨ ᠤ ᠮᠥᠩᠭᠦᠨ ᠭᠦᠢᠯᠭᠡᠭᠡᠨ ᠤ ᠠᠵᠢᠯᠯᠠᠭᠠᠨ ᠤ

ᠪᠠᠶᠢᠳᠠᠯ ᠠᠴᠠ ᠦᠵᠡᠪᠡᠯ᠂ ᠪᠣᠳᠠᠲᠤ ᠴᠣᠭᠴᠠᠲᠤ ᠠᠵᠤ ᠠᠬᠤᠢ ᠶᠢᠨ ᠶᠡᠷᠦᠩᠬᠡᠢ ᠦᠷ᠎ᠡ ᠠᠰᠢᠭ ᠰᠠᠶᠢᠨ ᠪᠢᠰᠢ᠂

ᠬᠥᠷᠥᠩᠭᠡ ᠶᠢᠨ ᠢᠲᠡᠭᠡᠮᠵᠢᠲᠦ ᠵᠢᠭᠡᠯᠡᠯᠭᠡ ᠰᠢᠯᠢᠳᠡᠭ ᠪᠤᠰᠤ᠂ ᠪᠡᠯᠡ ᠲᠣᠬᠢᠷᠠᠭᠤᠯᠬᠤ ᠠᠷᠭ᠎ᠠ ᠵᠠᠮ ᠰᠢᠯᠤᠭᠤᠨ ᠪᠤᠰᠤ

ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠵᠦ᠂ ᠳᠤᠮᠳᠠ ᠵᠢᠵᠢᠭ ᠠᠵᠤ ᠠᠬᠤᠶᠢᠯᠠᠯ ᠪᠠ ᠮᠠᠯ ᠠᠵᠤ ᠠᠬᠤᠢ

ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ᠂ ᠮᠠᠯᠴᠢᠨ ᠲᠠᠷᠢᠶᠠᠴᠢᠨ ᠵᠡᠷᠭᠡ ᠪᠣᠳᠠᠲᠤ ᠴᠣᠭᠴᠠᠲᠤ ᠠᠵᠤ ᠠᠬᠤᠢ ᠳᠤ

ᠮᠥᠨ ᠬᠦ ᠪᠡᠯᠡ ᠲᠣᠬᠢᠷᠠᠭᠤᠯᠬᠤ ᠳᠤ ᠬᠦᠴᠢᠷ ᠪᠠ ᠪᠡᠯᠡ ᠲᠣᠬᠢᠷᠠᠭᠤᠯᠬᠤ ᠥᠷᠲᠡᠭ ᠥᠨᠳᠥᠷ ᠠᠰᠠᠭᠤᠳᠠᠯ ᠣᠷᠣᠰᠢᠵᠤ

ᠪᠠᠶᠢᠨ᠎ᠠ᠃ ᠲᠠᠷᠢᠶᠠᠯᠠᠬᠤ ᠮᠠᠯᠵᠢᠬᠤ ᠦᠢᠯᠡᠰ ᠤᠨ ᠠᠵᠤ ᠠᠬᠤᠢ ᠳᠠᠬᠢ ᠢᠲᠡᠭᠡᠮᠵᠢᠲᠦ ᠵᠢᠭᠡᠯᠡᠯᠭᠡ ᠶᠢᠨ ᠣᠷᠣᠭᠤᠯᠤᠯᠲᠠ

᠎ ᠨᠢ ᠢᠯᠡᠳᠲᠡ ᠪᠠᠭᠠᠰᠴᠤ᠂ ᠠᠳᠠᠯᠢ ᠬᠤᠭᠤᠴᠠᠭᠠᠨ ᠤ ᠬᠢ ᠠᠴᠠ 39.8 ᠳ᠋ᠦᠩᠰᠢᠭᠤᠷ ᠲᠥᠭᠦᠷᠢᠭ ᠳᠤᠲᠠᠭᠤ

ᠣᠷᠣᠭᠤᠯᠵᠤ᠂ 19.5%᠎ ᠪᠠᠷ ᠪᠠᠭᠤᠷᠠᠵᠠᠢ᠃ ᠬᠤᠶᠠᠷ ᠲᠤ᠂ ᠮᠥᠩᠭᠦᠨ ᠭᠦᠢᠯᠭᠡᠭᠡᠨ ᠤ ᠥᠭᠡᠷᠡᠴᠢᠯᠡᠯᠲᠡ

ᠰᠢᠨᠡᠴᠢᠯᠡᠯᠲᠡ ᠶᠢᠨ ᠬᠥᠳᠡᠯᠭᠡᠭᠴᠢ ᠬᠦᠴᠦᠨ ᠬᠦᠷᠦᠯᠴᠡᠬᠦ ᠦᠭᠡᠢ᠃ ᠣᠨᠴᠠᠭᠠᠶᠢᠯᠠᠨ ᠬᠤᠶᠠᠷ ᠡᠷᠬᠡ ᠶᠢᠨ

ᠪᠠᠷᠢᠴᠠᠭᠠᠨ ᠤ ᠥᠭᠡᠷᠡᠴᠢᠯᠡᠯᠲᠡ ᠳᠤ᠂ ᠵᠠᠯᠠᠶᠢᠳ ᠬᠤᠰᠢᠭᠤ ᠪᠠ ᠤᠯᠠᠭᠠᠨᠬᠤᠲᠠ ᠬᠤᠶᠠᠷ ᠲᠤᠷᠰᠢᠯᠲᠠ ᠶᠢᠨ ᠴᠢᠭ᠋ ᠤᠨ

ᠬᠤᠰᠢᠭᠤ ᠬᠤᠲᠠ ᠨᠢ ᠬᠡᠳᠦᠶᠢᠪᠡᠷ ᠲᠤᠷᠰᠢᠯᠲᠠ ᠶᠢᠨ ᠴᠢᠭ᠋ ᠤᠨ ᠥᠭᠡᠷᠡᠴᠢᠯᠡᠯᠲᠡ ᠶᠢ ᠡᠬᠢᠯᠡᠨ ᠶᠠᠪᠤᠭᠤᠯᠤᠭᠰᠠᠨ

ᠪᠣᠯᠪᠠᠴᠤ᠂ ᠰᠢᠯᠵᠢᠭᠦᠯᠦᠨ ᠡᠷᠭᠢᠯᠳᠦᠭᠦᠯᠵᠦ ᠰᠣᠯᠢᠯᠴᠠᠬᠤ ᠲᠠᠪᠴᠠᠩ ᠢ ᠴᠣᠭᠴᠠᠯᠠᠬᠤ᠂ ᠲᠦᠭᠰᠢᠭᠦᠷᠢ ᠶᠢ ᠨᠥᠬᠦᠨ

ᠲᠥᠯᠥᠪᠦᠷᠢᠯᠡᠬᠦ᠂ ᠪᠠᠷᠢᠴᠠᠭᠠᠨ ᠤ ᠪᠣᠳᠠᠰ ᠢ ᠰᠢᠢᠳᠪᠦᠷᠢᠯᠡᠬᠦ ᠲᠣᠭᠲᠠᠴᠠ ᠵᠡᠷᠭᠡ ᠲᠥᠬᠦᠷᠵᠢᠭᠰᠡᠨ ᠲᠥᠷᠥ ᠶᠢᠨ

ᠪᠣᠳᠣᠯᠭ᠎ᠠ ᠨᠢ ᠮᠥᠨ ᠬᠦ ᠲᠡᠭᠦᠯᠳᠡᠷᠵᠢᠭᠡ ᠦᠭᠡᠢ ᠪᠠᠶᠢᠵᠤ᠂ ᠬᠠᠮᠲᠤᠷᠠᠯᠴᠠᠭᠠᠨ ᠤ ᠪᠠᠩᠬᠢ ᠨᠢ ᠮᠥᠨ ᠬᠦ ᠬᠥᠳᠡᠭᠡ

ᠲᠣᠰᠬᠤᠨ ᠤ ᠢᠲᠡᠭᠡᠮᠵᠢ ᠶᠢᠨ ᠬᠤᠷᠰᠢᠶ᠎ᠠ ᠳᠤ ᠬᠢᠵᠠᠭᠠᠷᠯᠠᠭᠳᠠᠵᠤ ᠪᠠᠶᠢᠨ᠎ᠠ᠃ ᠭᠤᠷᠪᠠ ᠳᠤ᠂ ᠮᠠᠨ ᠤ ᠠᠶᠢᠮᠠᠭ ᠤᠨ

ᠣᠯᠠᠨ ᠳᠡᠰ ᠳᠠᠪᠬᠤᠷᠭᠠᠲᠤ ᠬᠥᠷᠥᠩᠭᠡ ᠶᠢᠨ ᠵᠠᠬ᠎ᠠ ᠳᠡᠯᠭᠡᠭᠦᠷ ᠢ ᠠᠰᠢᠭᠯᠠᠨ ᠰᠢᠭᠤᠳ ᠪᠡᠯᠡ ᠲᠣᠬᠢᠷᠠᠭᠤᠯᠤᠯᠲᠠ ᠶᠢ

ᠠᠬᠢᠭᠤᠯᠬᠤ ᠠᠵᠢᠯ ᠨᠢ ᠬᠤᠴᠣᠷᠤᠩᠭᠤᠢ ᠪᠠᠶᠢᠵᠤ᠂ ᠬᠥᠷᠥᠩᠭᠡ ᠶᠢᠨ ᠵᠠᠬ᠎ᠠ ᠳᠡᠯᠭᠡᠭᠦᠷ ᠤᠨ ᠪᠠᠶᠢᠭᠤᠯᠤᠯᠲᠠ ᠨᠢ

ᠰᠠᠶ᠋ᠢᠬᠠᠨ ᠡᠬᠢᠯᠡᠵᠦ᠂ ᠰᠢᠭᠤᠳ ᠪᠡᠯᠡ ᠲᠣᠬᠢᠷᠠᠭᠤᠯᠤᠯᠲᠠ ᠶᠢᠨ ᠡᠵᠡᠯᠡᠬᠦ ᠬᠠᠷᠢᠴᠠᠯ ᠨᠢ ᠬᠡᠳᠦ ᠳᠣᠣᠷ᠎ᠠ᠂ 5%᠎ ᠳᠤ

ᠴᠤ ᠬᠦᠷᠬᠦ ᠦᠭᠡᠢ᠃ ᠳᠥᠷᠪᠡ ᠳᠤ᠂ ᠣᠷᠣᠨ ᠨᠤᠲᠤᠭ ᠤᠨ ᠡᠳ᠋ ᠤᠨ ᠬᠦᠴᠦᠨ ᠬᠦᠴᠢᠷᠲᠡᠢ᠂ ᠣᠷᠣᠨ ᠲᠤᠭ᠎ᠠ

ᠪᠠᠴᠢᠮ ᠵᠡᠷᠭᠡ ᠬᠦᠴᠦᠨ ᠵᠦᠢᠯ ᠤᠨ ᠨᠥᠯᠥᠭᠡ ᠶᠢ ᠬᠦᠷᠲᠡᠵᠦ ᠪᠠᠶᠢᠬᠤ ᠠᠴᠠ᠂ ᠵᠠᠰᠠᠭ ᠤᠨ ᠣᠷᠳᠣᠨ ᠤ ᠮᠥᠩᠭᠦᠨ

ᠭᠦᠢᠯᠭᠡᠭᠡᠨ ᠤ ᠥᠭᠡᠷᠡᠴᠢᠯᠡᠯᠲᠡ ᠶᠢ ᠳᠡᠮᠵᠢᠬᠦ᠂ ᠲᠦᠭᠰᠢᠭᠦᠷᠢ ᠶᠢ ᠰᠡᠷᠡᠮᠵᠢᠭᠦᠯᠦᠨ ᠡᠵᠡᠮᠳᠡᠬᠦ ᠪᠠ ᠢᠲᠡᠭᠡᠮᠵᠢᠲᠦ

ᠵᠢᠭᠡᠯᠡᠯᠭᠡ ᠣᠷᠣᠭᠤᠯᠬᠤ ᠡᠷᠴᠢᠮ ᠢ ᠴᠢᠩᠭᠠᠷᠠᠭᠤᠯᠬᠤ ᠴᠢᠳᠠᠪᠤᠷᠢ ᠢᠯᠡᠳᠲᠡ ᠬᠦᠷᠦᠯᠴᠡᠬᠦ ᠦᠭᠡᠢ ᠪᠠᠶᠢᠨ᠎ᠠ᠃

     ᠬᠥᠲᠥᠯᠥᠭᠴᠢ᠄

     ᠰᠠᠶᠢᠨ ᠪᠣᠯᠣᠯ᠎ᠠ᠃ ᠭᠤᠤ ᠠᠶᠢᠮᠠᠭ ᠤᠨ ᠳᠠᠷᠤᠭ᠎ᠠ ᠶᠢᠨ ᠲᠠᠶᠢᠯᠤᠮᠵᠢ ᠬᠢᠭᠰᠡᠨ ᠳᠤ ᠪᠠᠶᠠᠷᠯᠠᠯ᠎ᠠ᠂ ᠮᠥᠨ

ᠰᠦᠯᠵᠢᠶᠡᠨ ᠤ ᠠᠨᠳᠠ ᠨᠠᠷ ᠤᠨ ᠣᠷᠣᠯᠴᠠᠭᠰᠠᠨ ᠳᠤ ᠪᠠᠶᠠᠷᠯᠠᠯ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ

ᠬᠦᠷᠦᠭᠡᠳ ᠥᠨᠳᠥᠷᠯᠡᠬᠦ ᠪᠣᠯᠣᠯ᠎ᠠ᠂ ᠳᠠᠷᠠᠭᠠᠴᠢ ᠶᠢᠨ ᠬᠤᠭᠤᠴᠠᠭᠠᠨ ᠳᠤ ᠳᠠᠬᠢᠨ ᠵᠣᠯᠭᠠᠶ᠎ᠠ᠂ ᠪᠠᠶᠠᠷᠲᠠᠢ︕

 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号