ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ 2018 ᠣᠨ ᠤ 9 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2018/8/1
     7 ᠳ᠋ᠤᠭᠠᠷ ᠰᠠᠷ᠎ᠠ ᠶᠢᠨ 31᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠬᠠᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠤ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠢ ᠰᠢᠯᠢᠳᠡᠭᠵᠢᠭᠦᠯᠭᠦ ᠠᠵᠢᠯ ᠤᠨ ᠬᠡᠷᠡᠭᠵᠢᠭᠦᠯᠭᠦ ᠲᠦᠰᠦᠯ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠤᠨ ᠬᠠᠮᠢᠶᠠᠷᠤᠯᠳᠠ ᠶᠢᠨ ᠲᠤᠬᠠᠢ ᠬᠡᠷᠡᠭᠵᠢᠭᠦᠯᠭᠦ ᠠᠷᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠤ ᠶᠠᠪᠤᠳᠠᠯ ᠳᠤ ᠬᠡᠷᠡᠭᠯᠡᠭᠦ ᠲᠡᠷᠭᠡ ᠶᠢᠨ ᠬᠠᠮᠢᠶᠠᠷᠤᠯᠳᠠ ᠶᠢᠨ ᠲᠤᠬᠠᠢ ᠬᠡᠷᠡᠭᠵᠢᠭᠦᠯᠭᠦ ᠠᠷᠭ᠎ᠠ ᠵᠡᠷᠭᠡ ᠵᠦᠢᠯᠡᠰ ᠢ ᠰᠤᠳᠤᠯᠵᠠᠢ᠃      ᠬᠤᠷᠠᠯ ᠠᠴᠠ ᠵᠢᠭᠠᠭᠰᠠᠨ ᠨᠢ᠂ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠢ ᠰᠢᠯᠢᠳᠡᠭᠵᠢᠭᠦᠯᠭᠦ ᠨᠢ ᠲᠠᠷᠤᠢ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠭᠦ ᠪᠠ ᠶᠡᠷᠦᠩᠬᠡᠶᠢᠯᠡᠭᠰᠡᠨ ᠦᠷᠢᠰᠦᠯᠳᠦᠭᠦ ᠬᠦᠴᠦᠨ ᠢ ᠲᠡᠭᠡᠭᠰᠢᠯᠡᠭᠦᠯᠭᠦ ᠶᠠᠪᠤᠳᠠᠯ ᠪᠤᠯᠤᠨ᠎ᠠ᠃ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠢ ᠰᠢᠯᠢᠳᠡᠭᠵᠢᠭᠦᠯᠭᠦ ᠠᠵᠢᠯ ᠤᠨ ᠲᠤᠬᠠᠢ ᠪᠠᠶᠢᠷᠢᠯᠠᠭᠤᠯᠤᠯᠳᠠ ᠱᠠᠭᠠᠷᠳᠠᠯᠭ᠎ᠠ ᠶᠢ ᠬᠦᠨᠵᠡᠭᠡᠢ ᠲᠣᠣᠱᠯᠠᠭᠤᠯᠤᠨ ᠨᠡᠶᠢᠳᠡᠪᠦᠷᠢᠵᠢᠭᠤᠯᠵᠤ᠂ ᠲᠡᠯᠡᠬᠡᠢ ᠶᠢᠨ ᠪᠠ ᠤᠯᠤᠰ ᠤᠨ ᠲᠤᠳᠤᠭᠠᠳᠦ ᠶᠢᠨ ᠲᠡᠷᠢᠭᠦᠨ ᠤ ᠭᠠᠵᠠᠷ ᠤᠷᠤᠨ ᠤ ᠠᠷᠭ᠎ᠠ ᠬᠢᠳᠡᠯ ᠲᠠᠢ ᠬᠠᠷᠭᠤᠭᠤᠯᠵᠤ᠂ ᠵᠠᠰᠠᠭ ᠤᠨ ᠤᠷᠳᠤᠨ ᠤ ᠤᠯᠠᠨ ᠨᠡᠶᠢᠳᠡ ᠶᠢᠨ ᠦᠢᠯᠡᠴᠢᠯᠡᠭᠡᠨ ᠤ ᠴᠢᠳᠠᠪᠤᠷᠢ ᠪᠤᠯᠤᠨ ᠲᠦᠪᠰᠢᠨ ᠢ ᠲᠡᠭᠡᠭᠰᠢᠯᠡᠭᠦᠯᠭᠦ ᠪᠠᠷ ᠭᠤᠤᠯ ᠪᠤᠯᠭᠠᠨ᠂ ᠭᠤᠤᠯᠳᠠᠯᠭ᠎ᠠ ᠲᠠᠢ ᠬᠦᠷᠢᠶ᠎ᠠ ᠪᠠ ᠵᠠᠩᠬᠢᠯᠠᠭ᠎ᠠ ᠶᠢᠨ ᠭᠤᠬᠴᠤᠭ᠎ᠠ ᠳᠤ ᠠᠩᠬᠠᠷᠤᠯ ᠢᠶᠠᠨ ᠲᠦᠪᠯᠡᠷᠡᠭᠦᠯᠵᠤ᠂ ᠪᠠᠶᠢᠭᠤᠯᠤᠮᠵᠢ ᠲᠤᠬᠳᠠᠴᠠ ᠳᠤ ᠦᠭᠡᠷᠡᠴᠢᠯᠡᠯᠳᠡ ᠬᠢᠵᠤ ᠰᠢᠨ᠎ᠠ ᠶᠢ ᠡᠭᠦᠳᠦᠨ᠂ ᠲᠦᠷᠦ ᠶᠢᠨ ᠪᠤᠳᠤᠯᠭ᠎ᠠ ᠶᠢ  ᠪᠦᠷᠢᠨᠰᠢᠭᠦᠯᠵᠦ᠂ ᠨᠡᠶᠢᠳᠡᠪᠦᠷᠢᠵᠢᠭᠤᠯᠤᠯᠳᠠ ᠶᠢ ᠴᠢᠩᠭ᠎ᠠ ᠠᠳᠬᠤᠵᠤ᠂ ᠪᠦᠬᠦ ᠤᠷᠤᠨ ᠤ ᠬᠤᠳᠠᠯᠳᠤᠭ᠎ᠠ ᠡᠷᠬᠢᠯᠡᠭᠦ ᠤᠷᠴᠢᠨ ᠨᠦᠬᠦᠴᠡᠯ ᠢᠯᠡᠳᠳᠡ ᠰᠠᠶᠢᠵᠢᠷᠠᠬᠤ ᠶᠢ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠬᠡᠷᠡᠭᠳᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠪᠤᠯᠤᠨ ᠠᠯᠪᠠᠨ ᠤ ᠶᠠᠪᠤᠳᠠᠯ ᠳᠤ ᠬᠡᠷᠡᠭᠯᠡᠭᠦ ᠲᠡᠷᠭᠡ ᠶᠢᠨ ᠲᠤᠬᠠᠢ ᠡᠯ᠎ᠠ ᠵᠦᠢᠯ ᠤᠨ ᠲᠦᠷᠢᠮ ᠲᠤᠬᠳᠠᠭᠠᠯ ᠢ ᠨᠠᠷᠢᠨ ᠬᠢᠨᠠᠮᠠᠭᠠᠢ ᠲᠣᠣᠱᠯᠠᠭᠤᠯᠤᠨ ᠨᠡᠶᠢᠳᠡᠪᠦᠷᠢᠵᠢᠭᠤᠯᠵᠤ᠂ ᠦᠪᠡᠷᠳᠡᠭᠡᠨ ᠵᠠᠰᠠᠬᠤ ᠤᠷᠤᠨ ᠤ ᠡᠯ᠎ᠠ ᠱᠠᠳᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠯᠪᠠᠨ ᠬᠡᠷᠡᠭᠯᠡᠭᠡᠨ ᠤ ᠬᠡᠷ ᠪᠠᠶᠢᠰᠢᠩ ᠪᠤᠯᠤᠨ ᠠᠯᠪᠠᠨ ᠤ ᠶᠠᠪᠤᠳᠠᠯ ᠳᠤ ᠬᠡᠷᠡᠭᠯᠡᠭᠦ ᠲᠡᠷᠭᠡ ᠶᠢᠨ ᠬᠠᠮᠢᠶᠠᠷᠤᠯᠳᠠ ᠶᠢ ᠴᠢᠨᠠᠬᠰᠢᠳᠠ ᠵᠢᠷᠤᠮᠵᠢᠭᠤᠯᠵᠤ᠂ ᠵᠠᠰᠠᠭ ᠵᠠᠬᠢᠷᠭᠠᠨ ᠤ ᠦᠪᠡᠷ ᠤᠨ ᠦᠷᠳᠡᠭ ᠢ ᠦᠨᠡᠨ ᠬᠦ ᠪᠠᠭᠤᠷᠠᠭᠤᠯᠦᠨ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠪᠠ ᠠᠷᠪᠢᠯᠠᠨ ᠭᠠᠮᠨᠠᠬᠤ ᠬᠡᠯᠪᠡᠷᠢ ᠶᠢᠨ ᠪᠠᠶᠢᠭᠤᠯᠭ᠎ᠠ ᠶᠢᠨ ᠪᠠᠶᠢᠭᠤᠯᠤᠯᠳᠠ ᠶᠢ ᠠᠬᠢᠭᠤᠯᠬᠤ ᠬᠡᠷᠡᠭᠳᠡᠢ ᠬᠡᠵᠠᠢ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号