ᠡᠨᠡ ᠵᠢᠯ ᠤᠨ ᠳᠡᠭᠡᠳᠦ ᠬᠠᠭᠠᠰ ᠵᠢᠯ ᠳᠤ᠂ ᠪᠦᠬᠦ ᠬᠤᠳᠠ ᠶᠢᠨ ᠵᠢᠭᠤᠯᠴᠢᠯᠠᠯ ᠤᠨ ᠶᠡᠷᠦᠩᠬᠡᠶ | ᠣᠷᠣᠯᠭ᠎ᠠ 33.7 ᠳ᠋ᠦᠩᠰᠢᠭᠤᠷ ᠲᠥᠭᠦᠷᠢᠭ ᠲᠤ ᠬᠦᠷᠪᠡ᠃ ᠡᠨᠡ ᠵᠢᠯ ᠠᠴᠠ ᠨᠠᠰᠢ᠂ ᠪᠠᠶᠠᠨᠨᠠᠭᠤᠷ ᠬᠤᠲᠠ ᠶᠢᠨ | ᠬᠠᠮ ᠵᠢᠭᠤᠯᠴᠢᠯᠠᠯ ᠤᠨ ᠪᠠᠶᠢᠭᠤᠯᠤᠯᠲᠠ ᠨᠢ ᠤᠯᠠᠨ ᠴᠢᠭ᠋ ᠢᠶᠠᠷ ᠬᠥᠭᠵᠢᠵᠦ᠂ ᠬᠥᠳᠡᠭᠡ ᠲᠣᠰᠬᠤᠨ ᠤ | ᠵᠢᠭᠤᠯᠴᠢᠯᠠᠯ ᠤᠨ ᠭᠢᠯᠠᠰ ᠴᠢᠭ᠋ ᠣᠯᠠᠨ ᠢᠯᠡᠷᠡᠪᠡ᠃ ᠡᠨᠡ ᠵᠢᠯ ᠵᠢᠭᠤᠯᠴᠢᠯᠠᠭᠴᠢᠳ ᠪᠣᠯᠤᠨ ᠬᠤᠲᠠ ᠶᠢᠨ ᠠᠷᠠᠳ ᠤᠨ | ᠵᠤᠭᠠᠴᠠᠨ ᠨᠠᠭᠠᠳᠬᠤ ᠬᠡᠷᠡᠭᠴᠡᠭᠡ ᠶᠢ ᠬᠠᠩᠭᠠᠬᠤ ᠶᠢᠨ ᠲᠤᠰᠠᠳᠠ᠂ ᠬᠤᠲᠠ ᠶᠢᠨ ᠵᠢᠭᠤᠯᠴᠢᠯᠠᠯ ᠤᠨ | ᠬᠥᠭᠵᠢᠭᠦᠯᠦᠯᠲᠡ ᠶᠢᠨ ᠵᠥᠪᠯᠡᠯ ᠠᠴᠠ ᠬᠠᠲᠤᠨ ᠭᠤᠣᠯ ᠤᠨ 几ᠦᠰᠦᠭ ᠤᠨ ᠪᠤᠯᠤᠩ ᠤᠨ ᠶᠡᠭᠡ ᠭᠤᠪᠢ ᠶᠢᠨ | ᠵᠠᠩ ᠦᠢᠯᠡ ᠶᠢᠨ ᠵᠢᠭᠤᠯᠴᠢᠯᠠᠯ᠂ ᠮᠤᠨᠢ ᠠᠭᠤᠯᠠ ᠶᠢᠨ ᠾᠦᠩᠨᠦ ᠰᠣᠶᠣᠯ ᠤᠨ ᠨᠢᠭᠤᠴᠠ ᠶᠢ ᠬᠠᠶᠢᠬᠤ ᠵᠢᠭᠤᠯᠴᠢᠯᠠᠯ | ᠪᠠ ᠬᠢᠯᠢ ᠬᠢᠵᠠᠭᠠᠷ ᠤᠨ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ ᠤᠨ 3 ᠵᠠᠮ ᠱᠤᠭᠤᠮ ᠢ ᠲᠣᠭᠲᠠᠭᠠᠵᠤ᠂ | ᠡᠭᠦᠨ ᠤ ᠬᠠᠮᠲᠤ ᠪᠠᠶᠢᠭᠠᠯᠢ ᠶᠢᠨ ᠡᠬᠢ ᠪᠠᠶᠠᠯᠢᠭ ᠪᠠ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠲᠤ ᠪᠠᠨ | ᠲᠦᠰᠢᠭᠯᠡᠨ᠂ ᠲᠠᠷᠢᠶᠠᠴᠢᠨ ᠠᠶᠢᠯ ᠤᠨ ᠵᠢᠭᠤᠯᠴᠢᠯᠠᠯ᠂ ᠮᠠᠯᠴᠢᠨ ᠠᠶᠢᠯ ᠤᠨ ᠵᠢᠭᠤᠯᠴᠢᠯᠠᠯ ᠢᠶᠠᠷ ᠭᠤᠣᠯ ᠰᠡᠳᠦᠪ | ᠪᠣᠯᠭᠠᠭᠰᠠᠨ ᠬᠥᠳᠡᠭᠡ ᠲᠣᠰᠬᠤᠨ ᠤ ᠠᠮᠠᠷᠠᠯᠲᠠ ᠶᠢᠨ ᠨᠡᠷᠡᠳᠬᠦᠨ ᠢ ᠬᠥᠭᠵᠢᠭᠦᠯᠵᠦ᠂ ᠣᠳᠣᠬᠠᠨ ᠳᠤ ᠪᠠᠶᠢᠭᠠᠯᠢ ᠶᠢᠨ | ᠥᠩᠭᠡ ᠦᠵᠡᠮᠵᠢ᠂ ᠦᠵᠡᠰᠬᠦᠯᠡᠩᠲᠦ ᠰᠠᠢᠬᠠᠨ ᠬᠥᠳᠡᠭᠡ ᠲᠣᠰᠬᠤᠨ᠂ ᠤᠯᠠᠮᠵᠢᠯᠠᠯᠲᠤ ᠠᠷᠠᠳ ᠤᠨ ᠰᠠᠭᠤᠴᠠ ᠪᠠᠷ | ᠣᠨᠴᠠᠯᠢᠭ ᠪᠣᠯᠭᠠᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠦᠵᠡᠮᠵᠢ ᠶᠢᠨ ᠣᠷᠣᠨ ᠢ 186 ᠡᠷᠦᠬᠡ | ᠪᠠᠶᠢᠭᠤᠯᠪᠠ᠃ ᠡᠨᠡ ᠵᠢᠯ ᠤᠨ 1 ᠠᠴᠠ 6 ᠳ᠋ᠤᠭᠠᠷ ᠰᠠᠷ᠎ᠠ ᠪᠣᠯᠲᠠᠯ᠎ᠠ᠂ ᠪᠥᠬᠦ ᠬᠤᠲᠠ ᠵᠢᠭᠤᠯᠴᠢᠯᠠᠭᠴᠢᠳ ᠢ 323. | 6 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 21.7% ᠪᠠᠷ ᠨᠡᠮᠡᠭᠳᠡᠵᠦ᠂ | ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 33.7 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠡᠭᠦᠨ ᠳᠤ᠄ | ᠪᠠᠶᠠᠨᠨᠠᠭᠤᠷ ᠬᠤᠳᠠ ᠶᠢᠨ ᠬᠥᠳᠡᠭᠡ ᠲᠣᠰᠬᠤᠨ ᠤ ᠵᠢᠭᠤᠯᠴᠢᠯᠠᠯ ᠤᠨ ᠬᠢᠨ ᠵᠢᠭᠤᠯᠴᠢᠯᠠᠭᠴᠢᠳ ᠢ 115.4 ᠲᠦᠮᠡᠨ | ᠬᠥᠮᠦᠨ ᠤᠳᠠᠭ᠎ᠠ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠶ ᠣᠷᠣᠯᠭ᠎ᠠ ᠶᠢ 3.08 ᠳ᠋ᠦᠩᠰᠢᠭᠤᠷ | ᠲᠥᠭᠦᠷᠢᠭ ᠪᠡᠶᠡᠯᠡᠭᠦᠯᠪᠡ᠃ | | |