︽ᠢᠨᠲ᠋ᠧᠷ ᠰᠦᠯᠵᠢᠶ᠎ᠠ + ᠵᠠᠰᠠᠬ ᠤᠨ ᠶᠠᠪᠤᠳᠠᠯ ᠤᠨ ᠤᠶᠢᠯᠡᠴᠢᠯᠡᠭᠡ︾᠎ ᠶᠢᠨ ᠲᠠᠪᠴᠠᠩ ᠤᠨ ᠵᠠᠰᠠᠬ ᠤᠨ ᠤᠷᠳᠤᠨ ᠤ ᠰᠢᠰᠲ᠋ᠧᠮ ᠤᠨ ᠠᠯᠪᠠᠯᠠᠬᠤ ᠲᠤᠬᠠᠶᠢᠯᠠᠭᠰᠠᠨ ᠠᠵᠢᠯ ᠤᠨ ᠲᠠᠪᠴᠠᠩ ᠵᠢᠴᠢ ᠴᠤ᠋ ᠰᠢᠨ᠎ᠠ ᠪᠠᠷ ᠰᠤᠯᠢᠬᠳᠠᠬᠰᠠᠨ ᠵᠠᠰᠠᠬ ᠤᠨ ᠤᠷᠳᠤᠨ ᠤ ᠫᠣᠷᠲ᠋ᠧᠯ ᠰᠠᠶᠢᠲ ᠢ ᠲᠦᠪᠯᠡᠷᠡᠬᠦᠯᠤᠨ ᠰᠦᠯᠵᠢᠶᠠᠨ ᠳᠤ ᠭᠠᠷᠭᠠᠬᠤ ᠠᠵᠢᠯᠯᠠᠭ᠎ᠠ ᠡᠬᠢᠯᠠᠪᠠ
ᠨᠡᠶᠢᠲᠡᠯᠡᠭᠰᠡᠨ ᠴᠠᠭ᠄
2018/8/10
     8 ᠳ᠋ᠤᠭᠠᠷ ᠰᠠᠷ᠎ᠠ ᠶᠢᠨ 8᠎ ᠤ ᠡᠳᠤᠷ᠂ ᠦᠪᠡᠷᠳᠡᠬᠡᠨ ᠵᠠᠰᠠᠬᠤ ᠤᠷᠤᠨ ᠤ ︽ᠢᠨᠲ᠋ᠧᠷ ᠰᠦᠯᠵᠢᠶ᠎ᠠ + ᠵᠠᠰᠠᠬ ᠎ ᠤᠨ ᠶᠠᠪᠤᠳᠠᠯ ᠤᠨ ᠤᠶᠢᠯᠡᠴᠢᠯᠡᠭᠡ︾᠎ ᠶᠢᠨ ᠲᠠᠪᠴᠠᠩ ᠤᠨ ᠵᠠᠰᠠᠬ ᠤᠨ ᠤᠷᠳᠤᠨ ᠤ ᠰᠢᠰᠲ᠋ᠧᠮ ᠤᠨ ᠠᠯᠪᠠᠯᠠᠬᠤ ᠲᠠᠪᠴᠠᠩ ᠵᠢᠴᠢ ᠴᠤ᠋ ᠰᠢᠨ᠎ᠠ ᠪᠠᠷ ᠰᠤᠯᠢᠬᠳᠠᠬᠰᠠᠨ ᠵᠠᠰᠠᠬ ᠤᠨ ᠤᠷᠳᠤᠨ ᠤ ᠫᠣᠷᠲ᠋ᠧᠯ ᠰᠠᠶᠢᠲ ᠢ ᠲᠦᠪᠯᠡᠷᠡᠬᠦᠯᠤᠨ ᠰᠦᠯᠵᠢᠶᠠᠨ ᠳᠤ ᠭᠠᠷᠭᠠᠬᠤ ᠠᠵᠢᠯᠯᠠᠭ᠎ᠠ ᠡᠬᠢᠯᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠩᠭᠤ ᠶᠢᠨ ᠲᠡᠳ᠋ ᠲᠡᠷᠢᠬᠦᠯᠡᠭᠴᠢ ᠮᠠ ᠰᠢᠤᠸᠠᠢ ᠵᠢᠶᠦ᠋ᠨ ᠲᠦᠪᠯᠡᠷᠡᠬᠦᠯᠤᠨ ᠰᠦᠯᠵᠢᠶᠠᠨ ᠳᠤ ᠭᠠᠷᠭᠠᠬᠤ ᠠᠵᠢᠯ ᠡᠬᠢᠯᠡᠬᠦ ᠳᠤ ᠵᠢᠭᠠᠪᠤᠷᠢ ᠥᠭᠴᠡᠢ᠃      ᠦᠪᠡᠷᠳᠡᠬᠡᠨ ᠵᠠᠰᠠᠬᠤ ᠤᠷᠤᠨ ᠤ ︽ᠢᠨᠲ᠋ᠧᠷ ᠰᠦᠯᠵᠢᠶ᠎ᠠ + ᠵᠠᠰᠠᠬ ᠤᠨ ᠶᠠᠪᠤᠳᠠᠯ ᠤᠨ ᠤᠶᠢᠯᠡᠴᠢᠯᠡᠭᠡ︾ ᠎ ᠶᠢᠨ ᠲᠠᠪᠴᠠᠩ ᠨᠢ ᠨᠢᠬᠡ ᠴᠤᠬᠴᠠᠵᠢᠭᠤᠯᠤᠬᠰᠠᠨ ᠰᠦᠯᠵᠢᠶᠠᠨ ᠲᠡᠭᠡᠷᠡᠬᠢ ᠵᠠᠰᠠᠬ ᠤᠨ ᠶᠠᠪᠤᠳᠠᠯ ᠤᠨ ᠤᠶᠢᠯᠡᠴᠢᠯᠡᠬᠡᠨ ᠎ ᠤ ᠲᠠᠪᠴᠠᠩ ᠤᠨ ᠪᠠᠶᠢᠭᠤᠯᠤᠯᠳᠠ ᠶᠢᠨ ᠶᠠᠷᠤᠩᠬᠡᠢ ᠱᠠᠭᠠᠷᠳᠠᠯᠭ᠎ᠠ ᠪᠠᠷ᠂ ᠬᠤᠪᠢ ᠬᠦᠮᠤᠨ ᠤᠴᠢᠷ ᠶᠠᠪᠤᠳᠠᠯ ᠪᠦᠳᠤᠬᠡᠬᠦ᠂ ᠬᠠᠤᠯᠢ ᠶᠢᠨ ᠡᠷᠬᠡᠳᠡᠨ ᠤᠴᠢᠷ ᠶᠠᠪᠤᠳᠠᠯ ᠪᠦᠳᠤᠬᠡᠬᠦ᠂ ᠤᠯᠠᠨ ᠨᠡᠶᠢᠳᠠ ᠶᠢᠨ ᠤᠶᠢᠯᠡᠴᠢᠯᠡᠭᠡ ᠵᠡᠷᠬᠡ ᠤᠯᠠᠨ ᠴᠢᠳᠠᠮᠵᠢ ᠎ ᠶᠢᠨ ᠵᠠᠬᠪᠤᠷ ᠢ ᠲᠦᠪᠯᠡᠷᠡᠬᠦᠯᠵᠤ᠂ ᠤᠴᠢᠷ ᠶᠠᠪᠤᠳᠠᠯ ᠪᠦᠳᠤᠬᠡᠬᠦ ᠶᠠᠪᠤᠴᠠ ᠶᠢ ᠴᠢᠨᠠᠬᠰᠢᠳᠠ ᠰᠢᠯᠢᠳᠡᠭᠵᠢᠬᠦᠯᠵᠤ᠂ ᠲᠠᠪᠴᠠᠩ ᠤᠨ ᠠᠵᠢᠯᠯᠠᠭᠠᠨ ᠢ ᠳᠥᠭᠦᠮᠴᠢᠯᠡᠬᠦ᠂ ᠣᠶᠣᠨᠵᠢᠭᠤᠯᠬᠤ᠂ ᠪᠠᠷᠢᠮᠵᠢᠶᠠᠵᠢᠭᠤᠯᠬᠤ ᠶᠢ ᠬᠦᠴᠤᠯᠠᠨ ᠪᠡᠶᠡᠯᠡᠬᠦᠯᠵᠤ᠂ ᠬᠠᠮᠤᠬ ᠤᠨ ᠶᠡᠭᠡ ᠬᠡᠮᠵᠢᠶ᠎ᠠ ᠪᠠᠷ ᠠᠷᠠᠳ ᠲᠤ ᠲᠦᠬᠦᠮ ᠦᠵᠡᠬᠦᠯᠵᠤ ᠠᠵᠤ ᠠᠬᠤᠶᠢᠯᠠᠯ ᠳᠤ ᠠᠰᠢᠬᠳᠠᠢ ᠪᠤᠯᠭᠠᠨ᠎ᠠ᠃ ᠦᠪᠡᠷᠳᠡᠬᠡᠨ ᠵᠠᠰᠠᠬᠤ ᠤᠷᠤᠨ ᠤ ᠵᠠᠰᠠᠬ ᠤᠨ ᠤᠷᠳᠤᠨ ᠤ ᠰᠢᠰᠲ᠋ᠧᠮ ᠤᠨ ᠠᠯᠪᠠᠯᠠᠬᠤ ᠲᠠᠪᠴᠠᠩ ᠨᠢ ᠠᠯᠪᠠᠨ ᠪᠢᠴᠢᠭ ᠮᠠᠲ᠋ᠧᠷᠢᠶᠠᠯ᠂ ᠬᠤᠷᠠᠯ᠂ ᠰᠢᠮᠳᠠᠭᠤᠯᠤᠨ ᠱᠠᠭᠠᠷᠳᠠᠬᠤ ᠵᠡᠷᠬᠡ ᠰᠢᠰᠲ᠋ᠧᠮ ᠢ ᠠᠭᠤᠰᠤᠯᠴᠠᠭᠤᠯᠤᠨ ᠨᠡᠪᠳᠡᠷᠡᠬᠦᠯᠵᠤ᠂ ᠤᠷᠤᠨ ᠪᠦᠰᠡ ᠠᠯᠤᠰᠯᠠᠬᠰᠠᠨ᠂ ᠰᠠᠯᠠᠭ᠎ᠠ ᠮᠦᠴᠢᠷ ᠠᠯᠤᠰᠯᠠᠬᠰᠠᠨ᠂ ᠲᠡᠰ ᠲᠠᠪᠬᠤᠷᠭ᠎ᠠ ᠠᠯᠤᠰᠯᠠᠬᠰᠠᠨ ᠡᠯᠧᠺᠲᠷᠤᠨ ᠠᠯᠪᠠᠨ ᠪᠢᠴᠢᠭ ᠮᠠᠲ᠋ᠧᠷᠢᠶᠠᠯ ᠢ ᠲᠠᠮᠵᠢᠭᠤᠯᠬᠤ ︽ᠶᠡᠭᠡ ᠡᠷᠬᠢᠯᠳᠠ︾᠎ ᠶᠢ ᠪᠡᠶᠡᠯᠡᠬᠦᠯᠵᠤ᠂ ᠪᠦᠬᠦ ᠤᠷᠤᠨ ᠤ ᠭᠤᠷᠪᠠᠨ ᠱᠠᠳᠤ ᠶᠢ ᠪᠦᠷᠬᠦᠭᠰᠡᠨ ︽ᠠᠵᠢᠯ ᠤᠨ ᠰᠦᠯᠵᠢᠶ᠎ᠠ︾᠎ ᠶᠢ ᠪᠠᠶᠢᠭᠤᠯᠵᠤ᠂ ᠠᠯᠪᠠᠯᠠᠬᠤ ᠦᠷ᠎ᠠ ᠠᠰᠢᠬ ᠪᠤᠯᠤᠨ ᠲᠦᠪᠰᠢᠨ ᠢ ᠦᠨᠡᠨᠬᠦ ᠲᠡᠭᠡᠭᠰᠢᠯᠡᠬᠦᠯᠤᠨ᠎ᠠ᠃ ᠴᠤ᠋ ᠰᠢᠨ᠎ᠠ ᠪᠠᠷ ᠰᠤᠯᠢᠬᠳᠠᠬᠰᠠᠨ ᠵᠠᠰᠠᠬ ᠤᠨ ᠤᠷᠳᠤᠨ ᠤ ᠰᠦᠯᠵᠢᠶᠠᠨ ᠤ ᠦᠷᠳᠡᠭᠡ ᠶᠢ ︽ᠫᠣᠷᠲ᠋ᠧᠯ ᠰᠠᠶᠢᠲ ᠨᠢᠭᠡ ᠰᠦᠯᠵᠢᠶ᠎ᠡ︾ ᠪᠤᠯᠭᠠᠨ ᠪᠠᠶᠢᠭᠤᠯᠵᠤ᠂ ᠲᠡᠯᠡᠬᠡᠢ ᠶᠢᠨ ᠲᠡᠷᠢᠬᠦᠨ ᠤ ᠤᠨᠳᠤᠤᠰᠢᠯ ᠨᠢᠭᠡᠳᠬᠡᠯ ᠵᠡᠷᠬᠡ ᠮᠡᠷᠬᠡᠵᠢᠯ ᠢ ᠠᠰᠢᠬᠯᠠᠵᠤ᠂ ᠬᠤᠷᠰᠢᠯᠴᠠᠭ᠎ᠠ ᠰᠤᠯᠢᠯᠴᠠᠭ᠎ᠠ ᠬᠢᠬᠦ ᠲᠠᠪᠴᠠᠩ ᠵᠡᠷᠬᠡ ᠠᠷᠠᠳ ᠲᠤ ᠲᠦᠬᠦᠮ ᠦᠵᠡᠬᠦᠯᠬᠦ ᠴᠢᠳᠠᠮᠵᠢ ᠶᠢ ᠰᠢᠨ᠎ᠠ ᠪᠠᠷ ᠨᠡᠮᠡᠵᠤ᠂ ᠵᠠᠰᠠᠬ ᠎ ᠤᠨ ᠶᠠᠪᠤᠳᠠᠯ ᠤᠨ ᠤᠶᠢᠯᠡᠴᠢᠯᠡᠭᠡ ᠵᠡᠷᠬᠡ ᠮᠡᠳᠡᠭᠡ ᠵᠠᠩᠬᠢ ᠶᠢᠨ ᠡᠬᠢ ᠰᠤᠷᠪᠤᠯᠵᠢ ᠶᠢ ᠨᠢᠭᠡᠳᠬᠡᠵᠦ᠂ ᠭᠤᠤᠯ ᠰᠡᠳᠤᠪ ᠲᠤᠪᠤᠶᠢᠮ᠎ᠠ᠂ ᠭᠡᠷᠡᠭᠯᠡᠬᠦ ᠳᠤ ᠨᠡᠩ ᠲᠦᠬᠦᠮ᠂ ᠦᠪᠡᠷᠮᠢᠴᠠ ᠤᠨᠴᠠᠯᠢᠬ ᠢ ᠨᠡᠩ ᠢᠯᠠ ᠳᠤᠳᠤᠷᠬᠠᠢ ᠪᠤᠯᠭᠠᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号